2 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ | ᠤᠯᠠᠭᠠᠨᠮᠥ᠋ᠴᠢᠷ ᠤᠨ ᠬᠢᠨ ᠤᠮᠠᠷᠠᠲᠤ ᠶᠢᠨ ᠰᠣᠶᠣᠯ ᠤᠨ ᠣᠷᠳᠣ ᠬᠤᠩᠭᠢᠯ ᠤᠨ ᠶᠦᠨ ᠵᠦᠩ ᠵᠦᠴᠦᠭᠡ ᠶᠢᠨ | ᠬᠦᠷᠢᠶᠡᠯᠡᠩ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠪᠠᠷ | ᠭᠤᠣᠯ ᠰᠢᠵᠢᠮ ᠪᠣᠯᠭᠠᠵᠤ᠂ ︽ᠪᠠᠶᠠᠷ ᠪᠠᠶᠠᠰᠤᠯ ᠪᠣᠯᠪᠠᠰᠤᠨ ᠢ ᠬᠦᠷᠭᠡᠶ᠎ᠡ︾ ᠦᠨᠳᠦᠰᠦᠨ ᠱᠠᠲᠤᠨ ᠤ | ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ | | | | | ᠲᠣᠭᠯᠠᠯᠲᠠ ᠶᠢᠨ ᠠᠬᠤᠢ ᠲᠠᠯᠠᠪᠠᠶ ᠳᠤ᠂ ᠤᠯᠠᠭᠠᠨᠮᠥ᠋ᠴᠢᠷ ᠤᠨ ᠭᠡᠰᠢᠭᠦᠳ ᠤᠷᠢᠳ ᠬᠤᠵᠢᠳ ᠮᠣᠷᠢᠨ | ᠬᠤᠭᠤᠷ ᠤᠨ ᠨᠠᠶᠢᠷᠠᠯ ᠬᠥᠭᠵᠢᠮ ︽ᠲᠦᠮᠡᠨ ᠠᠭᠲᠠ ᠶᠢᠨ ᠲᠦᠪᠡᠷᠭᠡᠨ︾᠂ ᠡᠷᠡᠭᠲᠡᠢ ᠶᠢᠨ ᠭᠤᠴᠣᠯᠠᠯ ᠲᠠᠭᠤᠤ ︽ | ᠥᠯᠵᠡᠢ ᠪᠡᠯᠭᠡ ᠲᠠᠢ︾ ︽ᠠᠯᠮᠤᠷᠠᠳ ᠤᠨ ᠦᠨᠦᠷ︾᠂ ᠡᠮᠡᠭᠲᠡᠢ ᠶᠢᠨ ᠭᠤᠴᠣᠯᠠᠯ ᠲᠠᠭᠤᠤ ︽ᠰᠠᠨᠠᠭᠰᠠᠨ ᠶᠣᠰᠣᠭᠠᠷ | ︾ ︽ᠮᠠᠨ ᠤ ᠥᠬᠢᠨ ᠳᠡᠭᠦᠦ︾᠂ ᠮᠠᠩᠬᠠᠨ ᠠᠶᠠᠯᠭᠤ ᠶᠢᠨ ᠬᠤᠣᠰᠯᠠᠯ ᠲᠠᠭᠤᠤ ︽ᠬᠤᠣᠰ ᠠᠭᠤᠯᠠ ᠨᠢᠷᠤᠭᠤ︾ ︽ | ᠲᠠᠪᠤᠨ ᠰᠠᠷ᠎ᠠ ᠶᠢᠨ ᠴᠡᠴᠡᠭ︾᠂ ᠱᠠᠨᠪᠧᠢ ᠶᠢᠨ ᠠᠷᠠᠳ ᠤᠨ ᠲᠠᠭᠤᠤ ︽ᠵᠡᠭᠦᠨ ᠠᠭᠤᠯᠠ ᠶᠢᠨ ᠬᠤᠰᠢᠭ᠎ᠠ ᠪᠠᠷᠠᠭᠤᠨ | ᠠᠭᠤᠯᠠ ᠶᠢᠨ ᠴᠢᠪᠠᠭ᠎ᠠ︾ ︽ᠮᠣᠷᠢᠨ ᠲᠡᠷᠭᠡᠨ ᠳᠤ ᠵᠠᠪᠳᠤᠭᠰᠠᠨ ᠨᠢ︾᠂ ᠪᠥᠵᠢᠭ ︽ᠪᠠᠶᠠᠷᠲᠤ ᠲᠠᠭᠤᠤ︾᠂ | ᠡᠮᠡᠭᠲᠡᠢ ᠰᠣᠷᠣᠭᠴᠢ ᠶᠢᠨ ᠨᠠᠶᠢᠷᠠᠯ ᠲᠠᠭᠤᠤ ︽ᠭᠠᠯ ᠤᠯᠠᠭᠠᠨ ᠰᠠᠷᠯᠠᠩ︾᠂ ᠬᠤᠣᠰᠯᠠᠯ ᠲᠠᠭᠤᠤ ︽ᠢᠩᠲᠣᠣᠷ | ᠴᠣᠬᠢᠭᠰᠠᠨ ᠨᠢ︾᠂ ᠡᠷᠡᠭᠲᠡᠢ ᠡᠮᠡᠭᠲᠡᠢ ᠶᠢᠨ ᠨᠠᠶᠢᠷᠠᠯ ᠲᠠᠭᠤᠤ ︽ᠥᠪᠥᠷ ᠮᠣᠩᠭᠤᠯ ᠤᠨ ᠮᠠᠭᠲᠠᠭᠠᠯ ᠲᠠᠭᠤᠤ︾ | ᠵᠡᠷᠭᠡ ᠲᠣᠭᠯᠠᠯᠲᠠ ᠭᠠᠷᠭᠠᠪᠠ᠃ ᠫᠷᠣᠭ᠍ᠷᠠᠮ ᠤᠨ ᠠᠭᠤᠯᠭ᠎ᠠ ᠪᠠᠶᠠᠯᠢᠭ᠂ ᠤᠯᠠᠮᠵᠢᠯᠠᠯᠲᠤ ᠤᠷᠠᠯᠢᠭ ᠤᠨ ᠭᠦᠨ | ᠠᠭᠤᠯᠬᠤᠨ ᠢ ᠳᠡᠯᠭᠡᠨ ᠦᠵᠡᠭᠦᠯᠦᠭᠰᠡᠨ ᠪᠥᠭᠡᠳ ᠣᠲᠣ ᠦᠶ᠎ᠡ ᠶᠢᠨ ᠰᠣᠶᠣᠯ ᠤᠨ ᠡᠯᠧᠮᠧᠨ᠋ᠲ ᠢ ᠴᠦ | ᠢᠯᠡᠷᠡᠭᠦᠯᠦᠭᠰᠡᠨ ᠶᠤᠮ᠃ | | | | | | | | | ᠲᠣᠭᠯᠠᠯᠲᠠ ᠭᠠᠷᠭᠠᠬᠤ ᠠᠴᠠ ᠡᠮᠦᠨ᠎ᠡ᠂ ᠤᠯᠠᠨ ᠲᠦᠮᠡᠨ ᠤ ᠲᠣᠭᠯᠠᠯᠲᠠ ᠶᠢ ᠤᠷᠢᠳᠴᠢᠯᠠᠨ ᠮᠡᠳᠡᠬᠦ ᠶᠢ | ᠪᠠᠲᠤᠯᠠᠬᠤ ᠶᠢᠨ ᠲᠥᠯᠥᠭᠡ᠂ ᠭᠡᠰᠢᠭᠦᠳ ᠤᠯᠠᠨ ᠲᠦᠮᠡᠨ ᠲᠠᠢ ᠣᠶᠢᠷᠠᠲᠤᠭᠰᠠᠨ ᠲᠣᠭᠯᠠᠯᠲᠠ ᠶᠢᠨ ᠤᠬᠠᠭᠤᠯᠭ᠎ᠠ ᠶᠢᠨ | ᠸᠢᠳᠢᠤ᠋ ᠶᠢ ᠨᠠᠷᠢᠨ ᠨᠢᠮᠪᠠᠢ ᠵᠣᠬᠢᠶᠠᠵᠤ᠂ ᠰᠦᠯᠵᠢᠶᠡᠨ ᠤ ᠠᠵᠢᠯᠲᠠᠳ ᠲᠠᠢ ᠢᠳᠡᠪᠬᠢᠲᠡᠢ ᠬᠠᠮᠵᠢᠯᠴᠠᠵᠤ᠂ ᠸᠢᠳᠢᠤ᠋ ᠶᠢ | ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠵᠢᠷᠭᠢᠶ᠎ᠡ ᠶᠢᠨ ᠪᠦᠯᠦᠭ ᠲᠤ ᠳᠠᠮᠵᠢᠭᠤᠯᠤᠨ | ᠲᠠᠷᠬᠠᠭᠠᠵᠤ᠂ ᠲᠣᠭᠯᠠᠯᠲᠠ ᠳᠤ ᠭᠦᠢᠴᠡᠳ ᠤᠬᠠᠭᠤᠯᠭ᠎ᠠ ᠬᠢᠵᠡᠢ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠤᠯᠠᠭᠠᠨᠮᠥ᠋ᠴᠢᠷ ᠤᠨ ᠬᠢᠨ ᠦᠷᠭᠦᠯᠵᠢᠯᠡᠨ ᠬᠥᠳᠡᠭᠡ | ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ ᠪᠣᠯᠣᠨ ᠠᠵᠤ ᠠᠬᠤᠶᠢᠯᠠᠯ ᠳᠤ ᠬᠦᠷᠴᠦ᠂ ︽ᠪᠠᠶᠠᠷ ᠪᠠᠶᠠᠰᠤᠯ | ᠪᠣᠯᠪᠠᠰᠤᠨ ᠢ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠭᠦᠷᠭᠡ ᠶᠢ ᠦᠢᠯᠡᠳᠦᠯᠭᠡᠵᠢᠭᠦᠯᠵᠦ᠂ ᠤᠮᠠᠷᠠᠲᠤ ᠶᠢᠨ ᠰᠣᠶᠣᠯ ᠤᠨ | ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |