ᠲᠣᠭᠲᠠᠬᠤ ᠰᠢᠶᠠᠨ ᠤ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠲᠣᠭᠲᠠᠭᠠᠯ ᠠᠴᠠ ᠵᠥᠷᠢᠴᠡᠨ ᠴᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠲᠥᠪᠯᠡᠷᠡᠭᠦᠯᠦᠨ ᠪᠣᠯᠵᠣᠨ ᠶᠠᠷᠢᠯᠴᠠᠬᠤ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/25
       ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠭᠰᠡᠳ ᠤᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠡᠵᠡᠩᠨᠡᠯᠲᠡ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠳᠡ ᠶᠢᠨ ᠪᠠᠶᠢᠩᠭᠤᠵᠢᠭᠤᠯᠤᠨ ᠬᠢᠨᠠᠨ ᠬᠠᠮᠢᠶᠠᠷᠤᠯᠳᠠ ᠶᠢ ᠪᠦᠬᠦ ᠬᠦᠴᠦᠨ ᠢᠶᠠᠷ ᠢᠶᠠᠨ  ᠲᠦᠯᠬᠢᠨ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠲᠣᠭᠲᠠᠭᠠᠯ ᠢ ᠵᠥᠷᠢᠴᠡᠨ ᠴᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠲᠥᠪᠯᠡᠷᠡᠭᠦᠯᠦᠨ ᠪᠣᠯᠵᠣᠨ ᠶᠠᠷᠢᠯᠴᠠᠬᠤ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠬᠤᠷᠠᠯ ᠳᠡᠭᠡᠷ᠎ᠡ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠲᠣᠭᠲᠠᠭᠠᠯ   ᠠᠴᠠ ᠵᠥᠷᠢᠴᠡᠭᠰᠡᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠣᠭᠲᠠᠭᠠᠯ ᠠᠴᠠ ᠵᠥᠷᠢᠴᠡᠭᠰᠡᠨ ᠪᠣᠳᠠᠲᠤ ᠬᠡᠷᠡᠭ ᠪᠠ ᠪᠣᠳᠠᠲᠠᠢ ᠪᠠᠶᠢᠳᠠᠯ ᠳᠤ ᠵᠠᠳᠠᠯᠤᠯᠲᠠ ᠬᠢᠵᠦ᠂ ᠡᠮ ᠡᠮᠨᠡᠯᠭᠡ ᠶᠢᠨ ᠪᠠᠳᠤᠯᠠᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠠᠶᠢᠯᠪᠦᠷᠢᠯᠠᠪᠠ᠃      ᠬᠤᠷᠠᠯ ᠠᠴᠠ᠂ ᠪᠣᠯᠵᠣᠨ ᠶᠠᠷᠢᠯᠴᠠᠭᠳᠠᠭᠰᠠᠨ ᠪᠠᠶᠢᠭᠤᠯᠤᠮᠵᠢ ᠨᠤᠭᠤᠳ ︽ᠭᠤᠷᠪᠠ ᠶᠢ ᠪᠣᠳᠠᠲᠠᠶᠢᠵᠢᠭᠤᠯᠬᠤ︾ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠄ ᠨᠢᠭᠡ ᠳᠤ᠂ ᠲᠣᠭᠲᠠᠭᠠᠯ  ᠠᠴᠠ ᠵᠥᠷᠢᠴᠡᠭᠰᠡᠨ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠠᠵᠢᠯ ᠢ ᠪᠣᠳᠠᠲᠠᠶᠢᠵᠢᠭᠤᠯᠵᠤ᠂ ᠲᠣᠭᠲᠠᠭᠠᠯ  ᠠᠴᠠ ᠵᠥᠷᠢᠴᠡᠨ ᠳ᠋ᠦᠩᠨᠡᠨ ᠪᠤᠳᠤᠭᠰᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠰᠠᠨ ᠬᠤᠭᠤᠴᠠᠭᠠᠨ ᠳᠤ ᠪᠥᠬᠦ ᠲᠤᠭ᠎ᠠ ᠪᠠᠷ ᠪᠤᠴᠠᠭᠠᠯᠭᠠᠬᠤ ᠬᠡᠷᠡᠭᠲᠡᠢ︔ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠬᠡᠷᠡᠭᠯᠡᠯᠲᠡ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ︔ ᠭᠤᠷᠪᠠ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠠ  ᠪᠤᠯᠪᠠᠰᠤᠷᠠᠯ ᠢ ᠴᠢᠩᠭᠠᠳᠬᠠᠨ᠂ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠬᠠᠤᠯᠢ ᠴᠠᠭᠠᠵᠠ ᠶᠢᠨ ᠮᠡᠳᠡᠯᠭᠡ ᠶᠢ ᠳᠡᠭᠡᠭᠰᠢᠯᠡᠭᠦᠯᠵᠦ᠂ ᠳᠦᠷᠢᠮ ᠠᠴᠠ ᠵᠥᠷᠢᠴᠡᠭᠰᠡᠨ ᠡᠶᠢᠮᠦᠷᠬᠦ ᠦᠶᠯᠡ ᠠᠵᠢᠯᠯᠠᠭ᠎ᠠ ᠶᠢᠨ ᠳᠠᠬᠢᠨ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃      ᠲᠤᠰ ᠤᠳᠠᠭᠠᠨ ᠤ ᠬᠤᠷᠠᠯ ᠠᠴᠠ ︽ᠬᠡᠷᠡᠭ ᠢᠶᠠᠷ ᠰᠡᠷᠡᠮᠵᠢ ᠶᠢᠨ ᠳᠣᠬᠢᠶ᠎ᠠ ᠥᠭᠴᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠠᠷᠭ᠎ᠠ ᠮᠠᠶ᠋ᠢᠭ ᠢ ᠪᠠᠳᠤᠯᠠᠵᠤ᠂ ᠴᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠤᠯᠢᠵᠢᠯ ᠤᠨ ᠤᠬᠠᠮᠰᠠᠷ ᠢ ᠪᠦᠲᠦᠮᠵᠢᠲᠡᠢ ᠴᠢᠩᠭᠠᠳᠬᠠᠵᠠᠢ᠂  ᠴᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ᠂ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠨᠠᠭᠰᠢᠳᠠ ᠴᠢᠩᠭᠠᠳᠬᠠᠵᠤ᠂ ᠡᠮ ᠡᠮᠨᠡᠯᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠠ ᠲᠣᠭᠲᠠᠭᠤᠨ ᠢ ᠬᠠᠮᠲᠤᠪᠠᠷ ᠬᠠᠮᠠᠭᠠᠯᠠᠵᠤ᠂ ᠠᠷᠠᠳ ᠤᠯᠠᠨ ᠳᠤ ᠨᠡᠩ ᠰᠢᠯᠢᠳᠡᠭ ᠥᠨᠳᠥᠷ ᠪᠦᠲᠦᠮᠵᠢᠲᠡᠢ ᠡᠮ ᠡᠮᠨᠡᠯᠭᠡ ᠶᠢᠨ ᠪᠠᠳᠤᠯᠠᠭ᠎ᠠ ᠶᠢᠨ ᠦᠢᠯᠡᠴᠢᠯᠡᠭᠡ ᠬᠠᠩᠭᠠᠨ᠎ᠠ ᠭᠡᠵᠦ ᠢᠯᠡᠳᠭᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠶᠦᠨ ᠵᠦᠩ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1