2025 ᠣᠨ ᠤ 1 ᠳ᠋ᠤᠭᠡᠷ ᠰᠠᠷ᠎ᠠ ᠳᠤ ᠲᠣᠭᠲᠠᠬᠤ ᠰᠢᠶᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠤᠰᠬᠠᠢ ᠡᠷᠦᠬᠡ ᠶᠢᠨ ᠣᠷᠣᠯᠭ᠎ᠠ 3397.27 ᠲᠦᠮᠡᠨ ᠲᠥᠭᠦᠷᠢᠭ ᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2025/2/25
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ      ᠨᠡᠶᠢᠭᠡᠮ ᠤᠨ ᠳᠠᠭᠠᠳᠬᠠᠯ ᠢ ᠨᠠᠶᠢᠳᠠᠪᠤᠷᠢᠲᠠᠢ ᠪᠡᠯᠡ ᠮᠥᠩᠭᠦᠨ ᠤ ᠪᠠᠲᠤᠯᠠᠭ᠎ᠠ ᠲᠠᠢ ᠪᠣᠯᠭᠠᠬᠤ ᠶᠢᠨ ᠲᠥᠯᠥᠭᠡ᠂ ᠤᠯᠤᠰ ᠠᠴᠠ ᠬᠠᠤᠯᠢ ᠲᠣᠭᠲᠠᠭᠠᠬᠤ ᠪᠠᠷ ᠳᠠᠮᠵᠢᠭᠤᠯᠤᠨ ᠨᠡᠶᠢᠭᠡᠮ ᠳᠠᠶᠠᠭᠠᠷ ᠲᠤ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠲᠤᠰᠬᠠᠢ ᠪᠡᠯᠡ ᠮᠥᠩᠭᠦ ᠶᠢ ᠥᠭᠬᠦ ᠳᠤ ᠬᠡᠷᠡᠭᠯᠡᠬᠦ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠢ ᠪᠠᠶᠢᠭᠤᠯᠬᠤ ᠶᠢ ᠱᠠᠭᠠᠷᠳᠠᠵᠠᠢ᠃ ᠲᠣᠭᠲᠠᠬᠤ ᠰᠢᠶᠠᠨ ᠤ 2025 ᠣᠨ ᠤ 1 ᠳ᠋ᠤᠭᠡᠷ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢᠨ ᠪᠠᠶᠢᠳᠠᠯ ᠳᠣᠣᠷᠠᠬᠢ ᠮᠡᠲᠦ᠄      ᠲᠣᠭᠲᠠᠬᠤ ᠰᠢᠶᠠᠨ ᠤ 2024 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠤᠰᠬᠠᠢ ᠡᠷᠦᠬᠡ ᠶᠢᠨ 1 ᠳ᠋ᠤᠭᠡᠷ ᠰᠠᠷ᠎ᠠ ᠶᠢᠨ ᠣᠷᠣᠯᠭ᠎ᠠ 3397.27 ᠲᠦᠮᠡᠨ ᠲᠥᠭᠦᠷᠢᠭ ᠲᠤ ᠬᠦᠷᠴᠡᠢ᠃ ᠡᠭᠦᠨ ᠳᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠲᠤᠰᠬᠠᠢ ᠡᠷᠦᠬᠡ ᠶᠢᠨ ᠣᠷᠣᠯᠭ᠎ᠠ 1101.30 ᠲᠦᠮᠡᠨ ᠲᠥᠭᠦᠷᠢᠭ︔ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠷᠣᠯᠭ᠎ᠠ 931.07 ᠲᠦᠮᠡᠨ ᠲᠥᠭᠦᠷᠢᠭ︔ ᠪᠠᠶᠢᠭᠤᠯᠤᠯᠭ᠎ᠠ ᠶᠢᠨ ᠠᠵᠢᠯ ᠦᠢᠯᠡᠰ ᠤᠨ ᠨᠠᠰᠤᠵᠢᠯ ᠤᠨ ᠳᠠᠭᠠᠳᠬᠠᠯ ᠤᠨ ᠨᠡᠶᠢᠲᠡ ᠣᠷᠣᠯᠭ᠎ᠠ 905.68 ᠲᠦᠮᠡᠨ ᠲᠥᠭᠦᠷᠢᠭ ᠬᠦᠷᠴᠡᠢ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠨᠡᠶᠢᠲᠡ ᠣᠷᠣᠯᠭ᠎ᠠ 270.68 ᠲᠦᠮᠡᠨ ᠲᠥᠭᠦᠷᠢᠭ︔ ᠠᠯᠪᠠᠨ ᠪᠠᠶᠢᠭᠤᠯᠤᠯᠭ᠎ᠠ ᠶᠢᠨ ᠠᠵᠢᠯ ᠦᠢᠯᠡᠰ ᠤᠨ ᠠᠵᠢᠯ ᠮᠡᠷᠭᠡᠵᠢᠯ ᠤᠨ ᠣᠨ ᠤ ᠮᠥᠩᠭᠦ ᠶᠢ 188.54 ᠲᠦᠮᠡᠨ ᠲᠥᠭᠦᠷᠢᠭ ᠢ ᠪᠡᠶᠡᠯᠡᠭᠦᠯᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1