ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠬᠦᠷᠢᠶ᠎ᠡ ᠬᠠᠰᠢᠶ᠎ᠠ ᠶᠢᠨ ᠵᠢᠷᠤᠭ ᠲᠥᠯᠥᠪᠯᠡᠭᠡ ᠶᠢᠨ ᠵᠢᠷᠤᠭ ᠤᠨ ᠲᠡᠭᠦᠪᠦᠷᠢ — ᠪᠠᠶᠢᠩᠭᠤ ᠬᠡᠷᠡᠭᠯᠡᠬᠦ ᠪᠠᠷᠢᠯᠭ᠎ᠠ ᠶᠢᠨ ᠮᠠᠲ᠋ᠧᠷᠢᠶᠠᠯ ᠤᠨ ᠲᠠᠨᠢᠯᠴᠠᠭᠤᠯᠭ᠎ᠠ ︵ᠬᠤᠶᠠᠷ︶
ᠨᠡᠶᠢᠲᠡᠯᠡᠭᠰᠡᠨ ᠴᠠᠭ᠄
2025/2/25
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠬᠦᠷᠢᠶ᠎ᠡ ᠬᠠᠰᠢᠶ᠎ᠠ ᠶᠢᠨ ᠵᠢᠷᠤᠭ ᠲᠥᠯᠥᠪᠯᠡᠭᠡ ᠶᠢᠨ ᠵᠢᠷᠤᠭ ᠤᠨ ᠲᠡᠭᠦᠪᠦᠷᠢ ︵ᠭᠤᠷᠪᠠ︶      ︵ᠲᠦᠷᠪᠡ︶ ᠪᠠᠶᠢᠩᠭᠤ ᠬᠡᠷᠡᠭᠯᠡᠬᠦ ᠪᠠᠷᠢᠯᠭ᠎ᠠ ᠶᠢᠨ ᠮᠠᠲ᠋ᠧᠷᠢᠶᠠᠯ ᠤᠨ ᠲᠠᠨᠢᠯᠴᠠᠭᠤᠯᠭ᠎ᠠ      ᠭᠤᠷᠪᠠ᠂ ᠸᠠᠭᠠᠷ ᠮᠠᠲ᠋ᠧᠷᠢᠶᠠᠯ      ᠨᠠᠩᠬᠢ ᠰᠢᠷᠦᠶᠢᠳᠦ ᠸᠠᠭᠠᠷ ᠪᠠ ᠫᠠᠯᠠᠩᠳᠦ ᠸᠠᠭᠠᠷ      ᠫᠠᠯᠠᠩᠳᠦ ᠸᠠᠭᠠᠷ ᠪᠣᠯ ᠴᠢᠨᠠᠷ ᠰᠠᠶᠢᠲᠠᠢ ᠬᠦᠳᠡᠷ ᠤᠨ ᠲᠦᠭᠦᠬᠡᠢ ᠮᠠᠲ᠋ᠧᠷᠢᠶᠠᠯ ᠢ ᠬᠡᠷᠡᠭᠯᠡᠵᠦ᠂ ᠰᠢᠯᠢᠵᠦ ᠬᠡᠮᠬᠡᠬᠦ ᠂ ᠥᠨᠳᠥᠷ ᠳᠠᠷᠤᠯᠲᠠ ᠪᠠᠷ ᠬᠡᠪᠰᠢᠭᠦᠯᠬᠦ᠂ ᠥᠨᠳᠥᠷ ᠳᠤᠯᠠᠭᠠᠨ ᠢᠶᠠᠷ ᠰᠢᠲᠠᠭᠠᠵᠤ ᠪᠦᠲᠦᠭᠡᠭᠰᠡᠨ ᠪᠠᠷᠢᠯᠭ᠎ᠠ ᠶᠢᠨ ᠮᠠᠲ᠋ᠧᠷᠢᠶᠠᠯ ᠪᠣᠯᠣᠨ᠎ᠠ᠃ ᠲᠡᠭᠦᠨ ᠤ ᠳᠣᠲᠣᠷ᠎ᠠ ᠳᠠᠪᠬᠤᠷᠭ᠎ᠠ ᠶᠢ ᠨᠡᠯᠢᠶᠡᠳ ᠰᠠᠶᠢᠨ ᠨᠠᠩᠭᠢ ᠰᠢᠷᠣᠢ ᠪᠠᠷ ᠬᠢᠵᠦ᠂ ᠥᠩᠭᠡᠨ ᠲᠠᠯ᠎ᠠ ᠶᠢ ᠫᠠᠯᠠᠩ ᠢᠶᠠᠷ ᠰᠢᠲᠠᠭᠠᠵᠤ ᠬᠢᠭᠰᠡᠨ ᠪᠥᠭᠡᠳ ᠬᠡᠯᠪᠡᠷᠢ ᠳᠦᠷᠰᠦ ᠨᠢ ᠡᠩ ᠤᠨ ᠸᠠᠭᠠᠷ ᠲᠠᠢ ᠲᠥᠰᠲᠡᠢ ᠪᠥᠭᠡᠳ ᠵᠢᠭᠠᠬᠠᠨ ᠣᠷᠳᠣ᠂ ᠭᠠᠳᠠᠷ ᠲᠠᠯ᠎ᠠ ᠳᠤᠨᠢ ᠣᠯᠠᠩᠬᠢ ᠳᠠᠭᠠᠨ ᠨᠣᠭᠤᠭᠠᠨ ᠪᠤᠶᠤ ᠠᠯᠲᠠᠨ ᠰᠢᠷᠭᠠᠯ ᠥᠩᠭᠡ ᠲᠠᠢ᠂ ᠰᠢᠷ᠎ᠠ᠂ ᠬᠠᠷ᠎ᠠ᠂ ᠬᠥᠬᠡ᠂ ᠪᠣᠷᠣ ᠵᠡᠷᠭᠡ ᠥᠩᠭᠡ ᠴᠦ ᠪᠠᠶᠢᠳᠠᠭ᠂ ᠰᠤᠷᠭᠤᠭ ᠬᠤᠷᠴᠠ ᠬᠡᠷᠡᠯ ᠭᠠᠷᠭᠠᠳᠠᠭ᠂ ᠬᠦᠴᠦᠯᠡᠴᠡ ᠨᠢ ᠥᠨᠳᠥᠷ᠂ ᠲᠡᠭᠰᠢᠯᠡᠴᠡ ᠨᠢ ᠰᠠᠶᠢᠨ᠂ ᠤᠰᠤ ᠰᠢᠩᠭᠡᠭᠡᠬᠦ ᠨᠣᠷᠮ᠎ᠠ ᠨᠢ ᠳᠣᠣᠷ᠎ᠠ᠂ ᠬᠤᠭᠤᠷᠠᠬᠤ ᠶᠢ ᠳᠠᠭᠠᠭᠠᠬᠤ᠂ ᠬᠥᠯᠳᠡᠬᠦ ᠶᠢ ᠳᠠᠭᠠᠭᠠᠬᠤ᠂ ᠬᠦᠴᠢᠯ ᠢ ᠳᠠᠭᠠᠭᠠᠬᠤ᠂ ᠱᠦᠯᠲᠦ ᠶᠢ ᠳᠠᠭᠠᠭᠠᠬᠤ᠂ ᠥᠨᠢᠳᠡ ᠥᠩᠭᠡ ᠤᠨᠠᠬᠤ ᠦᠭᠡᠢ ᠵᠡᠷᠭᠡ ᠢᠯᠡᠳᠲᠡ ᠳᠠᠪᠠᠭᠤᠯᠢᠭ ᠲᠠᠯ᠎ᠠ ᠲᠠᠢ᠃ ᠫᠠᠯᠠᠩᠳᠦ ᠸᠠᠭᠠᠷ ᠢ ᠣᠯᠠᠩᠬᠢ ᠳᠠᠭᠠᠨ ᠣᠷᠳᠣ ᠬᠠᠷᠰᠢ᠂ ᠰᠦᠮ᠎ᠡ ᠬᠡᠶᠢᠳ᠂ ᠣᠷᠣᠨ ᠰᠠᠭᠤᠴᠠ᠂ ᠵᠣᠴᠢᠳ ᠤᠨ ᠪᠠᠭᠤᠳᠠᠯ᠂ ᠵᠤᠰᠠᠯᠠᠩ ᠵᠡᠷᠭᠡ ᠪᠠᠷᠢᠯᠭ᠎ᠠ ᠳᠤ ᠬᠡᠷᠡᠭᠯᠡᠳᠡᠭ ᠪᠥᠭᠡᠳ ᠭᠤᠶᠣ ᠮᠥᠷᠲᠡᠭᠡᠨ ᠪᠥᠬᠡᠯᠢᠭ᠂ ᠤᠰᠤᠨ ᠤ ᠰᠡᠷᠭᠡᠶᠢᠯᠡᠯᠲᠡ ᠪᠠᠷ ᠰᠠᠶᠢᠨ᠂ ᠮᠣᠳᠣᠨ ᠪᠦᠲᠦᠴᠡ ᠲᠠᠢ ᠭᠡᠷ ᠪᠠᠶᠢᠰᠢᠩ ᠢ ᠪᠦᠲᠦᠮᠵᠢᠲᠡᠶ ᠬᠠᠮᠠᠭᠠᠯᠠᠳᠠᠭ᠃ ᠡᠭᠦᠨ ᠠᠴᠠ ᠭᠠᠳᠠᠨ᠎ᠠ᠂ ᠫᠠᠯᠠᠩᠳᠦ ᠸᠠᠭᠠᠷ ᠤᠨ ᠳᠦᠷᠰᠦ ᠪᠦᠲᠦᠭᠡᠯᠲᠡ ᠨᠢ ᠣᠯᠠᠨ ᠶᠠᠩᠵᠤ ᠶᠢᠨ᠂ ᠰᠢᠷ ᠪᠤᠳᠤᠭ ᠤᠨ ᠥᠩᠭᠡ ᠨᠢ ᠪᠣᠷᠣᠭᠵᠢᠭᠤᠨ ᠪᠠᠶᠠᠯᠢᠭ᠂ ᠣᠷᠴᠢᠨ ᠠᠬᠤᠢ ᠶᠢ ᠬᠠᠮᠠᠭᠠᠯᠠᠳᠠᠭ ᠪᠥᠭᠡᠳ ᠤᠷᠠᠯᠢᠭ ᠤᠨ ᠠᠭᠤᠷ ᠠᠮᠢᠰᠬᠤᠯ ᠢᠶᠠᠷ ᠪᠠᠶᠠᠯᠢᠭ᠂ ᠪᠠᠷᠢᠯᠭ᠎ᠠ  ᠶᠢᠨ ᠶᠡᠭᠡ ᠳᠠᠷᠬᠠᠳ ᠤᠨ ᠪᠠᠭ᠋ᠠᠷᠬᠠᠯ ᠢ ᠶᠡᠬᠡᠳᠡ ᠤᠯᠵᠠᠢ᠃ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠫᠠᠯᠠᠩᠳᠦ ᠸᠠᠭᠠᠷ ᠤᠨ ᠲᠥᠷᠥᠯ ᠵᠦᠢᠯ ᠪᠠ ᠦᠢᠯᠡᠳᠬᠦ ᠤᠷ᠎ᠠ ᠮᠡᠷᠭᠡᠵᠢᠯ ᠨᠢ ᠲᠠᠰᠤᠷᠠᠯᠲᠠ ᠦᠭᠡᠢ ᠪᠠᠶᠠᠯᠢᠭᠵᠢᠨ ᠲᠡᠭᠦᠯᠳᠡᠷᠵᠢᠵᠦ᠂ ᠲᠥᠷᠥᠯ ᠵᠦᠢᠯ ᠡᠯᠪᠡᠭ ᠪᠠᠶᠠᠯᠢᠭ᠂ ᠬᠡᠯᠪᠡᠷᠢ ᠮᠠᠶ᠋ᠢᠭ ᠢ ᠡᠷᠬᠢᠮᠨᠡᠨ᠂ ᠲᠣᠨᠣᠭᠯᠠᠯ ᠤᠨ ᠴᠢᠨᠠᠷ ᠢᠶᠠᠷ ᠴᠢᠩᠭ᠎ᠠ ᠰᠢᠷᠢᠰ ᠪᠦᠲᠦᠭᠡᠭᠳᠡᠬᠦᠨ ᠢ ᠪᠦᠷᠢᠯᠳᠦᠭᠦᠯᠦᠭᠰᠡᠨ ᠪᠠᠶᠢᠨ᠎ᠠ᠃ ᠣᠳᠣᠬᠠᠨ ᠳᠤ ᠫᠠᠯᠠᠩᠳᠦ ᠸᠠᠭᠠᠷ ᠨᠢ ᠤᠯᠠᠮᠵᠢᠯᠠᠯᠲᠤ ᠪᠠᠷᠢᠯᠭ᠎ᠠ ᠳᠤ ᠴᠢᠬᠤᠯᠠ ᠦᠢᠯᠡᠳᠦᠯ ᠦᠵᠡᠭᠦᠯᠵᠦ ᠪᠠᠶᠢᠬᠤ ᠪᠠᠷ ᠪᠠᠷᠠᠬᠤ ᠦᠭᠡᠢ᠂ ᠤᠳᠤ ᠦᠶ᠎ᠡ ᠶᠢᠨ ᠪᠠᠷᠢᠯᠭ᠎ᠠ ᠳᠤ ᠥᠷᠭᠡᠨ ᠢᠶᠠᠷ ᠬᠡᠷᠡᠭᠯᠡᠭᠳᠡᠵᠦ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠢᠯᠡᠷᠡᠭᠦᠯᠬᠦ ᠴᠢᠬᠤᠯᠠ ᠡᠯᠧᠮᠧᠨ᠋ᠲ ᠪᠣᠯᠤᠭᠰᠠᠨ ᠪᠠᠶᠢᠨ᠎ᠠ᠃      ᠨᠠᠩᠬᠢ ᠰᠢᠷᠦᠶᠢᠳᠦ ᠸᠠᠭᠠᠷ ᠪᠣᠯ ᠨᠠᠩᠭᠢ ᠰᠢᠷᠣᠢ ᠪᠣᠯᠣᠨ ᠪᠤᠰᠤᠳ ᠨᠡᠶᠢᠯᠡᠮᠡᠯ ᠪᠣᠳᠠᠰ ᠢᠶᠠᠷ ᠦᠢᠯᠡᠳᠪᠦᠷᠢᠯᠡᠭᠰᠡᠨ ᠨᠣᠶᠢᠲᠠᠨ ᠬᠦᠪᠦᠷᠡᠯ᠂ ᠬᠠᠳᠠᠭᠰᠠᠨ ᠤ ᠳᠠᠷᠠᠭ᠎ᠠ ᠥᠨᠳᠥᠷ ᠳᠤᠯᠠᠭᠠᠨ ᠢᠶᠠᠷ ᠰᠢᠲᠠᠭᠠᠵᠤ ᠪᠦᠲᠦᠭᠡᠭᠰᠡᠨ ᠸᠠᠭᠠᠷ ᠪᠣᠯᠣᠨ᠎ᠠ᠃ ᠨᠠᠩᠬᠢ ᠰᠢᠷᠦᠶᠢᠳᠦ ᠸᠠᠭᠠᠷ ᠢ ᠬᠢᠬᠦ ᠲᠦᠭᠦᠬᠡᠢ ᠮᠠᠲ᠋ᠧᠷᠢᠶᠠᠯ ᠨᠢ ᠸᠠᠭᠠᠷ ᠤᠨ ᠰᠢᠷᠣᠢ ᠪᠣᠯᠣᠨ᠎ᠠ᠂ ᠲᠡᠭᠦᠨ ᠤ ᠬᠢᠮᠢ ᠶᠢᠨ ᠪᠦᠷᠢᠯᠳᠦᠭᠦᠨ ᠨᠢ ᠣᠯᠠᠨ ᠰᠦᠪᠡᠲᠦ ᠪᠦᠲᠦᠴᠡ ᠪᠤᠶᠤ ᠬᠠᠪᠲᠠᠭᠠᠢ ᠪᠦᠲᠦᠴᠡ ᠲᠠᠢ ᠤᠰᠤᠵᠢᠮᠠᠯ ᠬᠥᠩᠭᠡᠨᠴᠠᠭᠠᠨ ᠤ ᠢᠰᠦᠯ ᠪᠤᠶᠤ ᠴᠠᠬᠢᠭᠤᠷ ᠬᠦᠴᠢᠯ ᠤᠨ ᠮᠠᠭᠨᠢ ᠪᠣᠯᠣᠨ᠎ᠠ᠃ ᠨᠠᠩᠬᠢ ᠰᠢᠷᠦᠶᠢᠳᠦ ᠸᠠᠭᠠᠷ  ᠨᠢ ᠬᠤᠭᠤᠷᠠᠬᠤ ᠶᠢ ᠳᠠᠭᠠᠭᠠᠬᠤ ᠳᠠᠷᠤᠯᠲᠠ ᠶᠢ ᠳᠠᠭᠠᠭᠠᠬᠤ᠂ ᠬᠥᠯᠳᠡᠬᠦ ᠶᠢ ᠳᠠᠭᠠᠭᠠᠬᠤ ᠴᠢᠨᠠᠷ ᠢᠶᠠᠷ ᠴᠢᠩᠭ᠎ᠠ᠂ ᠤᠰᠤ ᠰᠢᠩᠭᠡᠭᠡᠬᠦ ᠨᠣᠷᠮ᠎ᠠ ᠪᠠᠷ ᠳᠣᠣᠷ᠎ᠠ᠂ ᠬᠡᠵᠢᠶᠡᠳᠡ ᠥᠩᠭᠡ ᠤᠨᠠᠬᠤ ᠦᠭᠡᠢ ᠵᠡᠷᠭᠡ ᠣᠨᠴᠠᠯᠢᠭ ᠲᠠᠢ ᠪᠠᠶᠢᠳᠠᠭ᠃ ᠡᠭᠦᠨ ᠠᠴᠠ ᠭᠠᠳᠠᠨ᠎ᠠ ᠨᠠᠩᠬᠢ ᠰᠢᠷᠦᠶᠢᠳᠦ ᠸᠠᠭᠠᠷ ᠤᠨ ᠭᠠᠳᠠᠷᠭᠤ ᠳᠤ ᠣᠨᠴᠠᠭᠠᠶ ᠰᠢᠢᠳᠪᠦᠷᠢᠯᠡᠬᠦ ᠮᠡᠷᠭᠡᠰᠢᠯ ᠢ ᠬᠡᠷᠡᠭᠯᠡᠪᠡᠯ᠂ ᠤᠰᠤ ᠪᠠ ᠪᠣᠷᠣᠭᠠᠨ ᠤ ᠤᠰᠤ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃ ᠡᠭᠦᠨ ᠤ ᠬᠠᠮᠲᠤ ᠨᠠᠩᠬᠢ ᠰᠢᠷᠦᠶᠢᠳᠦ ᠸᠠᠭᠠᠷ ᠪᠣᠯ ᠨᠢᠭᠡ ᠵᠦᠢᠯ ᠤᠨ ᠰᠢᠲᠠᠬᠤ ᠦᠭᠡᠢ ᠪᠠᠷᠢᠯᠭ᠎ᠠ ᠶᠢᠨ ᠮᠠᠲ᠋ᠧᠷᠢᠶᠠᠯ ᠪᠠᠶᠢᠵᠤ᠂ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃ ᠨᠠᠩᠬᠢ ᠰᠢᠷᠦᠶᠢᠳᠦ ᠸᠠᠭᠠᠷ ᠨᠢ ᠨᠡᠯᠢᠶᠡᠳ ᠰᠠᠶᠢᠨ ᠳᠤᠯᠠᠭᠠᠨ ᠢ ᠬᠠᠳᠠᠭᠠᠯᠠᠬᠤ ᠴᠢᠳᠠᠪᠬᠢ ᠲᠠᠢ᠂ ᠭᠡᠷ ᠳᠣᠲᠣᠷᠠᠬᠢ ᠳᠤᠯᠠᠭᠠᠨ ᠤ ᠬᠡᠯᠪᠡᠯᠵᠡᠯ ᠢ ᠪᠦᠲᠦᠮᠵᠢᠲᠡᠶ ᠪᠠᠭᠤᠷᠠᠭᠤᠯᠵᠤ ᠴᠢᠳᠠᠬᠤ ᠮᠥᠷᠲᠡᠭᠡᠨ ᠮᠠᠰᠢ ᠰᠠᠶᠢᠨ ᠲᠠᠭᠤ ᠬᠥᠨᠳᠡᠶᠢᠷᠡᠭᠦᠯᠬᠦ ᠦᠢᠯᠡᠳᠦᠯ ᠲᠠᠢ ᠪᠠᠶᠢᠵᠤ᠂ ᠲᠠᠭᠤ ᠱᠤᠤᠬᠢᠶᠠᠨ ᠤ ᠪᠣᠬᠢᠷᠲᠤᠯ ᠢ ᠪᠠᠭᠠᠰᠬᠠᠵᠤ ᠴᠢᠳᠠᠨ᠎ᠠ᠃ ᠥᠩᠭᠡ ᠪᠠ ᠬᠡᠯᠪᠡᠷᠢ ᠳᠦᠷᠰᠦ ᠨᠢ ᠮᠠᠰᠢ ᠤᠯᠠᠨ᠂ ᠠᠳᠠᠯᠢ ᠪᠤᠰᠤ ᠪᠠᠷᠢᠯᠭ᠎ᠠ ᠶᠢᠨ ᠭᠤᠸ᠎ᠠ ᠵᠦᠢ ᠶᠢᠨ ᠱᠠᠭᠠᠷᠳᠠᠯᠭ᠎ᠠ ᠶᠢ ᠬᠠᠩᠭᠠᠵᠤ ᠴᠢᠳᠠᠳᠠᠭ᠃      ᠲᠠᠪᠠᠷᠬᠠᠢ ᠸᠠᠭᠠᠷ      ᠲᠠᠪᠠᠷᠬᠠᠢ ᠸᠠᠭᠠᠷ ᠪᠣᠯ ᠨᠢᠭᠡ ᠵᠦᠢᠯ ᠤᠨ ᠲᠣᠮᠣ ᠮᠣᠯᠧᠺᠦ᠋ᠯ ᠤᠨ ᠨᠡᠶᠢᠯᠡᠯᠭᠡ ᠶᠢᠨ ᠮᠡᠷᠭᠡᠵᠢᠯ ᠢᠶᠠᠷ ᠦᠢᠯᠡᠳᠴᠦ ᠭᠠᠷᠭᠠᠭᠰᠠᠨ ᠭᠡᠷ ᠤᠨ ᠭᠠᠳᠠᠷᠭᠤ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠪᠦᠲᠦᠭᠡᠭᠳᠡᠬᠦᠨ ᠪᠣᠯᠣᠨ᠎ᠠ᠂ ᠬᠥᠩᠭᠡᠨ ᠴᠢᠨᠠᠷ ᠂ ᠴᠢᠩᠭ᠎ᠠ᠂ ᠳᠠᠭᠠᠭᠠᠮᠠᠭᠠᠢ᠂ ᠢᠳᠡᠭᠳᠡᠯ ᠢ ᠰᠡᠷᠭᠡᠶᠢᠯᠡᠬᠦ ᠵᠡᠷᠭᠡ ᠮᠠᠰᠢ ᠤᠯᠡᠠ ᠰᠢᠯᠢᠳᠡᠭ ᠣᠨᠴᠠᠯᠢᠭ ᠲᠠᠢ᠃      ᠨᠢᠭᠡ᠂ ᠴᠢᠳᠠᠮᠵᠢ ᠣᠨᠴᠠᠯᠢᠭ      1. ᠳᠠᠭᠠᠭᠠᠮᠠᠭᠠᠢ ᠴᠢᠨᠠᠷ᠄ ᠳᠠᠪᠠᠷᠬᠠᠢ ᠸᠠᠭᠠᠷ ᠨᠢ ᠪᠠᠶᠢᠭᠠᠯᠢ ᠶᠢᠨ ᠣᠷᠴᠢᠨ ᠲᠣᠭᠤᠷᠢᠨ ᠳᠤ ᠶᠡᠷᠦ ᠪᠤᠰᠤ ᠶᠢᠨ ᠳᠠᠭᠠᠭᠠᠮᠠᠭᠠᠢ ᠴᠢᠨᠠᠷ ᠲᠠᠢ᠂ ᠬᠡᠳᠦᠶᠢᠪᠡᠷ ᠤᠷᠲᠤ ᠬᠤᠭᠤᠴᠠᠭ᠎ᠠ ᠪᠠᠷ ᠬᠦᠷᠢᠨ ᠤ ᠭᠠᠳᠠᠨᠠᠬᠢ ᠲᠤᠶᠠᠭ᠎ᠠ᠂ ᠴᠢᠭᠢᠭ᠂ ᠬᠠᠯᠠᠭᠤᠨ᠂ ᠬᠦᠢᠲᠡᠨ ᠤ ᠮᠠᠭᠤ ᠨᠥᠬᠦᠴᠡᠯ ᠳᠣᠣᠷ᠎ᠠ ᠢᠯᠡᠷᠡᠭᠰᠡᠨ ᠴᠦ ᠥᠩᠭᠡ ᠶᠢᠨ ᠲᠣᠭᠲᠠᠪᠤᠷᠢᠲᠤ ᠴᠢᠨᠠᠷ ᠪᠠ ᠹᠢᠽᠢᠺ ᠤᠨ ᠴᠢᠳᠠᠪᠤᠷᠢ ᠪᠠᠨ ᠬᠠᠳᠠᠭᠠᠯᠠᠵᠤ ᠴᠢᠳᠠᠨ᠎ᠠ᠃      2. ᠤᠰᠤ ᠰᠡᠷᠭᠡᠶᠢᠯᠡᠬᠦ ᠴᠢᠨᠠᠷᠲᠠᠢ᠄ ᠳᠠᠪᠠᠷᠬᠠᠢ ᠸᠠᠭᠠᠷ ᠲᠤ ᠰᠣᠩᠭᠤᠨ ᠬᠡᠷᠡᠭᠯᠡᠭᠰᠡᠨ ᠳᠠᠭᠠᠭᠠᠮᠠᠭᠠᠢ ᠳᠠᠪᠠᠷᠬᠠᠢ ᠶᠢᠨ ᠲᠤᠰ ᠪᠡᠶ᠎ᠡ ᠨᠢ ᠨᠢᠭᠲᠠ ᠮᠥᠷᠲᠡᠭᠡᠨ ᠤᠰᠤ ᠰᠣᠷᠣᠬᠤ ᠦᠭᠡᠢ᠂ ᠪᠢᠴᠢᠯ ᠰᠦᠪᠡ ᠪᠠᠷ ᠤᠰᠤ ᠨᠡᠪᠴᠢᠬᠦ ᠠᠰᠠᠭᠤᠳᠠᠯ ᠣᠷᠣᠰᠢᠬᠤ ᠦᠭᠡᠢ᠂ ᠪᠦᠲᠦᠭᠡᠭᠳᠡᠬᠦᠨ ᠤ ᠥᠷᠭᠡᠨ ᠨᠢ ᠤᠯᠠᠮᠵᠢᠯᠠᠯᠲᠤ ᠸᠠᠭᠠᠷ ᠠᠴᠠ ᠥᠷᠭᠡᠨ᠂ ᠭᠡᠷ ᠤᠨ ᠨᠢᠭᠤᠷ ᠤᠨ ᠵᠠᠯᠭᠠᠯᠲᠠ ᠨᠢ ᠪᠠᠭ᠎ᠠ ᠤᠴᠢᠷ ᠠᠴᠠ ᠤᠰᠤ ᠰᠡᠷᠭᠡᠶᠢᠯᠡᠬᠦ ᠴᠢᠳᠠᠪᠤᠷᠢ ᠨᠢ ᠶᠡᠭᠡ ᠪᠠᠷ ᠳᠡᠭᠡᠭᠰᠢᠯᠡᠵᠡᠢ᠃      3. ᠬᠠᠯᠠᠭᠤᠨ ᠢ ᠬᠥᠨᠳᠡᠶᠢᠷᠡᠭᠦᠯᠬᠦ ᠴᠢᠨᠠᠷ᠄ ᠳᠠᠪᠠᠷᠬᠠᠢ ᠸᠠᠭᠠᠷ ᠤᠨ ᠢᠯᠴᠢ ᠳᠠᠮᠵᠢᠭᠤᠯᠬᠤ ᠢᠯᠡᠳᠬᠡᠮᠵᠢ ᠨᠢ ᠳᠣᠣᠷ᠎ᠠ᠂ ᠬᠠᠯᠠᠭᠤᠨ ᠢ ᠬᠥᠨᠳᠡᠶᠢᠷᠡᠭᠦᠯᠬᠦ ᠴᠢᠨᠠᠷ ᠢᠶᠠᠷ ᠮᠠᠰᠢ ᠰᠠᠶᠢᠨ ᠪᠠᠶᠢᠵᠤ᠂ ᠠᠭᠠᠭᠢᠮ᠎ᠠ ᠬᠠᠯᠠᠭᠤᠨ ᠭᠠᠵᠠᠷ ᠣᠷᠣᠨ ᠳᠤ ᠢᠯᠴᠢ ᠶᠢᠨ ᠬᠡᠮᠵᠢᠶ᠎ᠡ ᠶᠢ ᠪᠠᠭᠠᠰᠬᠠᠨ᠎ᠠ᠂ ᠬᠠᠷᠢᠨ ᠬᠠᠬᠢᠷ ᠬᠦᠢᠲᠡᠨ ᠭᠠᠵᠠᠷ ᠣᠷᠣᠨ ᠳᠤ ᠢᠯᠴᠢ ᠶᠢᠨ ᠬᠡᠮᠵᠢᠶ᠎ᠡ ᠶᠢ ᠰᠠᠷᠨᠢᠭᠤᠯᠬᠤ ᠶᠢ ᠪᠠᠭᠠᠰᠬᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠳᠠᠭ᠃      4. ᠲᠡᠭᠤ ᠬᠥᠨᠳᠡᠶᠢᠷᠡᠭᠦᠯᠬᠦ ᠴᠢᠨᠠᠷ᠄ ᠳᠠᠪᠠᠷᠬᠠᠢ ᠸᠠᠭᠠᠷ ᠤᠨ ᠭᠠᠳᠠᠷᠭᠤ ᠶᠢᠨ ᠲᠡᠭᠤ ᠰᠢᠩᠭᠡᠭᠡᠬᠦ ᠵᠢᠷᠤᠭ ᠲᠥᠯᠥᠪᠯᠡᠭᠡ ᠨᠢ ᠠᠭᠠᠳᠠᠷ ᠪᠣᠷᠣᠭᠠᠨ᠂ ᠶᠡᠭᠡ ᠰᠠᠯᠬᠢ ᠵᠡᠷᠭᠡ ᠭᠠᠳᠠᠭᠠᠳᠤ ᠣᠷᠴᠢᠨ ᠤ ᠱᠤᠤᠭᠢᠶᠠᠨ ᠤ ᠨᠥᠯᠥᠭᠡ ᠶᠢ ᠬᠦᠷᠳᠡᠬᠦ ᠦᠶ᠎ᠡ ᠳᠤ ᠱᠤᠤᠭᠢᠶᠠᠨ ᠢ ᠰᠢᠩᠭᠡᠭᠡᠬᠦ ᠮᠠᠰᠢ ᠰᠠᠶᠢᠨ ᠦᠢᠯᠡᠳᠦᠯ ᠲᠠᠢ ᠪᠠᠶᠢᠳᠠᠭ᠃      5. ᠢᠳᠡᠭᠳᠡᠯ ᠳᠤ ᠳᠠᠭᠠᠭᠠᠮᠠᠭᠠᠢ ᠴᠢᠨᠠᠷ᠄ ᠳᠠᠪᠠᠷᠬᠠᠢ ᠸᠠᠭᠠᠷ ᠨᠢ ᠣᠷᠳᠣ ᠬᠤᠭᠤᠴᠠᠭ᠎ᠠ ᠪᠠᠷ ᠬᠦᠴᠢᠯ᠂ ᠱᠦᠯᠲᠦ᠂ ᠳᠠᠪᠤᠰᠤ ᠵᠡᠷᠭᠡ ᠡᠯ᠎ᠡ ᠵᠦᠢᠯ ᠤᠨ ᠬᠢᠮᠢ ᠶᠢᠨ ᠪᠣᠳᠠᠰ ᠤᠨ ᠢᠳᠡᠭᠳᠡᠯ ᠢ ᠬᠤᠷᠢᠭᠯᠠᠵᠤ᠂ ᠬᠠᠭᠤᠷᠠᠢ ᠬᠦᠴᠢᠯᠯᠢᠭ ᠪᠣᠷᠣᠭᠠᠨ ᠣᠯᠠᠨ ᠡᠭᠦᠰᠳᠡᠭ ᠭᠠᠵᠠᠷ ᠣᠷᠣᠨ ᠪᠠ ᠲᠡᠯᠡᠶ ᠳᠠᠭᠠᠤ ᠣᠷᠣᠨ ᠳᠤ ᠬᠡᠷᠡᠭᠯᠡᠬᠦ ᠳᠤ ᠮᠠᠰᠢ ᠲᠣᠬᠢᠷᠠᠮᠵᠢᠲᠠᠢ ᠪᠠᠶᠢᠳᠠᠭ᠃      6. ᠰᠠᠯᠬᠢ ᠪᠠ ᠳᠣᠷᠭᠢᠯᠲᠠ ᠶᠢ ᠰᠡᠷᠭᠡᠶᠢᠯᠡᠬᠦ ᠴᠢᠨᠠᠷ᠄ ᠳᠠᠪᠠᠷᠬᠠᠢ ᠸᠠᠭᠠᠷ ᠨᠢ ᠰᠠᠯᠬᠢ ᠪᠠ ᠳᠣᠷᠭᠢᠯᠲᠠ ᠶᠢ ᠰᠡᠷᠭᠡᠶᠢᠯᠡᠬᠦ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠵᠤ᠂ ᠮᠠᠭᠤ ᠴᠠᠭ ᠠᠭᠤᠷ ᠤᠨ ᠳᠠᠭᠠᠷᠢᠯᠲᠠ ᠶᠢ ᠬᠤᠷᠢᠭᠯᠠᠵᠤ ᠳᠡᠶᠢᠯᠳᠡᠭ᠃      7. ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠬᠤ᠄ ᠳᠠᠪᠠᠷᠬᠠᠢ  ᠸᠠᠭᠠᠷ ᠲᠤ ᠰᠢᠷᠪᠦᠰᠦᠨ ᠴᠢᠯᠠᠭᠤ ᠵᠢᠴᠢ ᠰᠠᠴᠤᠷᠠᠭ ᠢᠳᠡᠪᠬᠢ ᠡᠯᠧᠮᠧᠨ᠋ᠲ ᠠᠭᠤᠯᠬᠤ ᠦᠭᠡᠢ ᠪᠥᠭᠡᠳ ᠬᠤᠷᠢᠶᠠᠨ ᠠᠪᠴᠤ ᠠᠰᠢᠭᠯᠠᠵᠤ ᠪᠣᠯᠬᠤ ᠲᠤᠯᠠ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠪᠦᠷᠢᠮᠦᠰᠦᠨ ᠨᠡᠶᠢᠴᠡᠨ᠎ᠡ᠃      ᠬᠤᠶᠠᠷ᠂ ᠤᠭᠰᠠᠷᠠᠬᠤ ᠪᠠ ᠬᠠᠮᠠᠭᠠᠯᠠᠬᠤ      ᠳᠠᠪᠠᠷᠬᠠᠢ ᠸᠠᠭᠠᠷ ᠢ ᠤᠭᠰᠠᠷᠠᠬᠤ ᠳᠤ ᠳᠥᠭᠦᠮ ᠲᠦᠷᠭᠡᠨ᠂ ᠬᠠᠮᠠᠭᠠᠯᠠᠬᠤ ᠥᠪᠡᠷ ᠤᠨ ᠥᠷᠲᠡᠭ ᠨᠢ ᠳᠣᠣᠷ᠎ᠠ ᠪᠣᠯᠬᠤᠷ ᠪᠠᠷᠢᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠮᠠᠰᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ ᠴᠢᠳᠠᠨ᠎ᠠ᠃ ᠡᠭᠦᠨ ᠤ ᠬᠠᠮᠲᠤ᠂ ᠳᠠᠪᠠᠷᠬᠠᠢ ᠸᠠᠭᠠᠷ ᠤᠨ ᠥᠩᠭᠡᠨ ᠲᠠᠯ᠎ᠠ ᠨᠢ ᠨᠢᠭᠲᠠ ᠮᠥᠷᠲᠡᠭᠡᠨ ᠭᠥᠯᠢᠭᠡᠷ᠂ ︽ᠯᠢᠩᠬᠤ᠎ᠠ ᠶᠢᠨ ᠨᠠᠪᠴᠢᠨ ᠤ ᠦᠢᠯᠡᠳᠦᠯ︾ ᠲᠠᠢ ᠪᠣᠯᠬᠤᠷ ᠲᠣᠰ ᠪᠡᠶ᠎ᠡ ᠨᠢ ᠬᠤᠭ ᠲᠣᠭᠤᠰᠣ ᠶᠢ ᠠᠮᠠᠷᠬᠠᠨ ᠰᠣᠷᠣᠵᠤ ᠨᠠᠭᠠᠯᠳᠤᠭᠤᠯᠬᠤ ᠦᠭᠡᠢ᠂ ᠪᠣᠷᠣᠭᠠᠨ ᠤ ᠤᠰᠤᠨ ᠳᠤ ᠤᠬᠢᠶᠠᠭᠳᠠᠮᠠᠭᠴᠠ ᠴᠡᠪᠡᠷ ᠪᠣᠯᠵᠤ᠂ ᠠᠷᠠᠴᠢᠯᠠᠵᠦ ᠬᠠᠮᠠᠭᠠᠯᠠᠬᠤ ᠶᠠᠷᠰᠢᠭ ᠢ ᠪᠠᠭᠠᠰᠬᠠᠳᠠᠭ᠃      ᠪᠠᠷᠤᠭᠰᠢᠨ ᠸᠠᠭᠠᠷ      ᠪᠠᠷᠤᠭᠰᠢᠨ ᠸᠠᠭᠠᠷ ᠪᠣᠯ ᠪᠠᠷᠢᠯᠭ᠎ᠠ ᠶᠢᠨ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠭ᠎ᠠ ᠰᠢᠨ᠎ᠡ ᠬᠡᠯᠪᠡᠷᠢ ᠶᠢᠨ ᠤᠰᠤ ᠰᠡᠷᠭᠡᠶᠢᠯᠡᠬᠦ ᠪᠠᠷᠢᠯᠭ᠎ᠠ ᠶᠢᠨ ᠮᠠᠲ᠋ᠧᠷᠢᠶᠠᠯ ᠪᠣᠯᠣᠨ᠎ᠠ᠃ ᠲᠡᠷᠡ ᠨᠢ ᠨᠢᠭᠡ ᠵᠦᠢᠯ ᠤᠨ ᠪᠠᠷᠢᠯᠭ᠎ᠠ ᠶᠢᠨ ᠭᠡᠷ ᠤᠨ ᠭᠠᠳᠠᠷᠭᠤ ᠶᠢᠨ ᠤᠰᠤ ᠶᠢ ᠰᠡᠷᠭᠡᠶᠢᠯᠡᠬᠦ ᠰᠢᠨ᠎ᠡ ᠬᠡᠯᠪᠡᠷᠢ ᠶᠢᠨ ᠮᠠᠲ᠋ᠧᠷᠢᠶᠠᠯ ᠪᠣᠯᠬᠤ ᠪᠠᠷ ᠪᠠᠷᠠᠬᠤ ᠦᠭᠡᠢ᠂ ᠨᠡᠩ ᠴᠤ ᠤᠳᠤ ᠦᠶ᠎ᠡ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠳᠤᠲᠠᠭᠳᠠᠵᠤ ᠪᠣᠯᠣᠰᠢ ᠦᠭᠡᠢ ᠨᠢᠭᠡ ᠬᠡᠰᠡᠭ ᠪᠣᠯᠬᠤ ᠶᠤᠮ᠃ ᠪᠠᠷᠤᠭᠰᠢᠨ ᠸᠠᠭᠠᠷ ᠨᠢ ᠭᠤᠣᠯᠳᠠᠭᠤ ᠰᠢᠯᠤᠨ ᠰᠢᠷᠬᠡᠭᠲᠦ ᠳᠤᠭᠤᠶᠢᠯᠠᠪᠤᠷᠢ᠂ ᠪᠠᠷᠤᠭᠰᠢᠨ ᠪᠣᠯᠣᠨ ᠥᠩᠭᠡᠲᠦ ᠡᠯᠡᠰᠦ ᠵᠡᠷᠭᠡ ᠭᠤᠷᠪᠠᠨ ᠵᠦᠢᠯ ᠤᠨ ᠥᠨᠳᠥᠷ ᠴᠢᠳᠠᠪᠬᠢᠲᠤ ᠮᠠᠲ᠋ᠧᠷᠢᠶᠠᠯ ᠢᠶᠠᠷ ᠪᠦᠷᠢᠯᠳᠦᠵᠦ᠂ ᠮᠠᠲ᠋ᠧᠷᠢᠶᠠᠯ ᠨᠢᠭᠡᠪᠦᠷᠢ ᠨᠢ ᠪᠦᠷ ᠲᠡᠭᠦᠨ ᠤ ᠪᠦᠬᠦᠯᠢ ᠴᠣᠭᠴᠠ ᠶᠢᠨ ᠴᠢᠳᠠᠪᠬᠢ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠳᠠᠭ᠃ ᠰᠢᠯᠯᠢᠭ ᠬᠦᠪᠦᠷᠡᠯ ᠨᠢ ᠸᠠᠭᠠᠷ ᠤᠨ ᠢᠯᠲᠠᠰᠤᠨ ᠤ ᠬᠦᠴᠦᠯᠡᠴᠡ ᠪᠠ ᠳᠠᠭᠠᠭᠠᠮᠠᠭᠠᠢ ᠴᠢᠨᠠᠷ ᠢ ᠢᠯᠡᠳᠲᠡ ᠨᠡᠮᠡᠭᠳᠡᠭᠦᠯᠪᠡ᠃ ᠥᠩᠭᠡᠲᠦ ᠡᠯᠡᠰᠦ ᠨᠢ ᠭᠤᠣᠯᠳᠠᠭᠤ ᠪᠠᠷᠤᠭᠰᠢᠨ ᠸᠠᠭᠠᠷ ᠲᠤ ᠥᠪᠡᠷᠮᠢᠴᠡ ᠰᠠᠶᠢᠬᠠᠨ ᠴᠢᠨᠠᠷ ᠣᠯᠭᠤᠬᠤ ᠶᠢ ᠬᠠᠷᠢᠭᠤᠴᠠᠳᠠᠭ᠃ ᠲᠡᠷᠡ ᠨᠢ ᠬᠦᠷᠢᠨ ᠤ ᠭᠠᠳᠠᠨᠠᠬᠢ ᠲᠤᠶᠠᠭ᠎ᠠ ᠶᠢ ᠡᠰᠡᠷᠭᠦᠴᠡᠵᠦ ᠴᠢᠳᠠᠬᠤ ᠪᠠᠷ ᠪᠠᠷᠠᠬᠤ ᠦᠭᠡᠢ᠂ ᠰᠠᠯᠬᠢ ᠪᠣᠷᠣᠭᠠᠨ ᠵᠡᠷᠭᠡ ᠪᠠᠶᠢᠭᠠᠯᠢ ᠶᠢᠨ ᠡᠯᠧᠮᠧᠨ᠋ᠲ ᠤᠨ ᠢᠳᠡᠭᠳᠡᠯ ᠢ ᠰᠡᠷᠭᠡᠶᠢᠯᠡᠨ᠎ᠡ᠃      ᠪᠠᠷᠤᠭᠰᠢᠨ ᠸᠠᠭᠠᠷ ᠤᠨ ᠬᠡᠯᠪᠡᠷᠢ ᠳᠦᠷᠰᠦ ᠶᠢᠨ ᠵᠢᠷᠤᠭ ᠲᠥᠯᠥᠪᠯᠡᠭᠡ ᠨᠢ ᠣᠯᠠᠨ ᠶᠠᠩᠵᠤ ᠶᠢᠨ ᠪᠠᠶᠢᠳᠠᠭ᠂ ᠡᠭᠦᠨ ᠳᠤ ᠲᠠᠩ ᠳᠠᠪᠬᠤᠷᠭᠠᠲᠤ ᠪᠠᠷᠢᠮᠵᠢᠶᠠᠲᠤ ᠬᠡᠯᠪᠡᠷᠢ᠂ ᠬᠤᠣᠰ ᠳᠠᠪᠬᠤᠷᠭᠠᠲᠤ ᠪᠠᠷᠢᠮᠵᠢᠶᠠᠲᠤ ᠬᠡᠯᠪᠡᠷᠢ᠂ ᠮᠠᠷᠰᠧᠺ ᠬᠡᠯᠪᠡᠷᠢ ︵ᠵᠢᠷᠭᠤᠭᠠᠯᠵᠢᠨ ᠬᠡᠯᠪᠡᠷᠢ︶᠂ ᠵᠢᠭᠠᠰᠤᠨ ᠬᠠᠶᠢᠷᠰᠤᠨ ᠬᠡᠯᠪᠡᠷᠢ᠂ ᠭᠤᠲ᠋ᠧ ᠬᠡᠯᠪᠡᠷᠢ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠪᠠᠭᠲᠠᠨ᠎ᠠ᠃ ᠡᠳᠡᠭᠡᠷ ᠠᠳᠠᠯᠢ ᠪᠤᠰᠤ ᠬᠡᠯᠪᠡᠷᠢ ᠳᠦᠷᠰᠦ ᠪᠠ ᠬᠡᠪ ᠨᠠᠮᠪᠠ ᠲᠠᠢ ᠪᠠᠷᠤᠭᠰᠢᠨ ᠸᠠᠭᠠᠷ ᠨᠢ ᠨᠠᠯᠠᠤᠴᠠ ᠶᠢᠨ 5 — 90 ᠭᠷᠡᠳᠦ᠋ᠰ ᠤᠨ ᠬᠤᠭᠤᠷᠣᠨᠳᠣᠬᠢ ᠡᠯ᠎ᠡ ᠵᠦᠢᠯ ᠤᠨ ᠭᠡᠷ ᠤᠨ ᠭᠠᠳᠠᠷᠭᠤ᠂ ᠵᠢᠴᠢ ᠶᠠᠮᠠᠷᠪᠠ ᠬᠡᠯᠪᠡᠷᠢ ᠳᠦᠷᠰᠦ ᠲᠠᠢ ᠭᠡᠷ ᠤᠨ ᠭᠠᠳᠠᠷᠭᠤ ᠳᠤ ᠵᠣᠬᠢᠴᠠᠳᠠᠭ᠃ ᠭᠡᠬᠦ ᠳᠡᠭᠡᠨ ᠪᠠᠷᠤᠭᠰᠢᠨ ᠸᠠᠭᠠᠷ ᠨᠢ ᠲᠡᠭᠰᠢ ᠤᠷᠤᠶᠢᠳᠦ ᠭᠡᠷ ᠤᠨ ᠭᠠᠳᠠᠷᠭᠤ ᠳᠤ ᠲᠣᠬᠢᠷᠠᠬᠤ ᠦᠭᠡᠢ ᠭᠡᠳᠡᠭ ᠢ ᠠᠩᠬᠠᠷᠬᠤ ᠬᠡᠷᠡᠭᠲᠡᠢ᠃      ᠪᠠᠷᠤᠭᠰᠢᠨ ᠸᠠᠭᠠᠷ ᠤᠨ ᠳᠠᠪᠠᠭᠤᠯᠢᠭ ᠲᠠᠯ᠎ᠠ ᠮᠠᠰᠢ ᠣᠯᠠᠨ ᠪᠠᠶᠢᠳᠠᠭ᠂ ᠲᠡᠷᠡ ᠨᠢ ᠪᠦᠬᠦᠯᠢ ᠡᠳᠦᠷ ᠤᠨ ᠨᠥᠬᠦᠴᠡᠯ ᠳᠣᠣᠷ᠎ᠠ ᠡᠯ᠎ᠡ ᠵᠦᠢᠯ ᠤᠨ ᠠᠭᠤᠷ ᠠᠮᠢᠰᠬᠤᠯ ᠤᠨ ᠡᠯᠧᠮᠧᠨ᠋ᠲ ᠤᠨ ᠳᠠᠭᠠᠷᠢᠯᠲᠠ ᠶᠢ ᠡᠰᠡᠷᠭᠦᠴᠡᠨ ᠬᠤᠷᠢᠭᠯᠠᠵᠤ᠂ ᠲᠤᠶᠢᠯ ᠤᠨ ᠴᠢᠩᠭ᠎ᠠ ᠢᠳᠡᠭᠳᠡᠯ ᠳᠤ ᠳᠠᠭᠠᠭᠠᠮᠠᠭᠠᠢ ᠴᠢᠳᠠᠪᠤᠷᠢ ᠲᠠᠢ ᠪᠠᠶᠢᠳᠠᠭ᠃ ᠡᠭᠦᠨ ᠤ ᠬᠠᠮᠲᠤ ᠬᠠᠯᠠᠭᠤᠨ ᠢ ᠬᠥᠨᠳᠡᠶᠢᠷᠡᠭᠦᠯᠵᠦ ᠳᠤᠯᠠᠭᠠᠨ ᠢ ᠬᠠᠮᠠᠭᠠᠯᠠᠬᠤ ᠪᠠ ᠭᠠᠯ ᠢ ᠰᠡᠷᠭᠡᠶᠢᠯᠡᠬᠦ ᠴᠢᠳᠠᠪᠤᠷᠢ ᠪᠠᠷ ᠢᠶᠠᠨ ᠡᠪᠦᠯ ᠤᠨ ᠤᠯᠠᠷᠢᠯ ᠳᠤ ᠪᠠᠷᠢᠯᠭ᠎ᠠ ᠶᠢ ᠳᠤᠯᠠᠭᠠᠬᠠᠨ ᠪᠠᠶᠢᠯᠭᠠᠵᠤ᠂ ᠵᠤᠨ ᠤ ᠤᠯᠠᠷᠢᠯ ᠳᠤ ᠰᠡᠷᠢᠭᠦᠬᠡᠨ ᠪᠠᠶᠢᠯᠭᠠᠵᠤ᠂ ᠣᠷᠣᠨ ᠰᠠᠭᠤᠴᠠ ᠶᠢᠨ ᠲᠠᠭᠠᠯᠠᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠷᠤᠭᠰᠢᠨ ᠸᠠᠭᠠᠷ ᠨᠢ ᠰᠠᠯᠬᠢᠨ ᠢ ᠳᠠᠭᠠᠭᠠᠬᠤ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠵᠤ᠂ ᠬᠦᠴᠦᠲᠡᠢ ᠰᠠᠯᠬᠢᠨ ᠤ ᠳᠠᠭᠠᠷᠢᠯᠲᠠ ᠶᠢ ᠪᠦᠲᠦᠮᠵᠢᠲᠡᠶ ᠬᠤᠷᠢᠭᠯᠠᠵᠤ ᠳᠡᠶᠢᠯᠳᠡᠭ᠃ ᠲᠡᠭᠦᠨ ᠤ ᠲᠠᠭᠤ ᠰᠢᠩᠭᠡᠭᠡᠬᠦ ᠪᠠ ᠲᠠᠭᠤ ᠬᠥᠨᠳᠡᠶᠢᠷᠡᠭᠦᠯᠬᠦ ᠴᠢᠳᠠᠪᠬᠢ ᠨᠢ ᠴᠦ ᠪᠠᠷᠢᠯᠭ᠎ᠠ ᠶᠢᠨ ᠳᠣᠲᠣᠭᠠᠳᠤ ᠶᠢ ᠨᠠᠩ ᠨᠠᠮ ᠵᠢᠮ ᠪᠣᠯᠭᠠᠵᠤ᠂ ᠣᠷᠣᠰᠢᠨ ᠰᠠᠭᠤᠭᠴᠢᠳ ᠲᠤ ᠨᠢᠭᠡᠨ ᠨᠠᠮ ᠰᠡᠯᠡᠭᠦᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠳᠠᠭ᠃ ᠪᠠᠷᠤᠭᠰᠢᠨ ᠸᠠᠭᠠᠷ ᠨᠢ ᠲᠣᠭᠤᠰᠣ ᠶᠢ ᠰᠡᠷᠭᠡᠶᠢᠯᠡᠨ ᠴᠡᠪᠡᠷᠰᠢᠬᠦ ᠴᠢᠨᠠᠷᠲᠠᠢ ᠪᠠᠶᠢᠵᠤ᠂ ᠥᠩᠭᠡᠨ ᠲᠠᠯ᠎ᠠ ᠶᠢᠨ ᠬᠤᠭ ᠲᠣᠭᠤᠰᠣ ᠪᠠ ᠭᠬᠢᠷ ᠪᠤᠷᠲᠠᠭ ᠢ ᠥᠪᠡᠷᠲᠡᠭᠡᠨ ᠴᠡᠪᠡᠷᠯᠡᠵᠦ᠂ ᠪᠠᠷᠢᠯᠭ᠎ᠠ ᠶᠢᠨ ᠴᠡᠪᠡᠷ ᠴᠡᠮᠴᠡᠭᠡᠷ ᠪᠠᠶᠢᠬᠤ ᠶᠢ ᠪᠠᠲᠤᠯᠠᠳᠠᠭ᠃ ᠠᠵᠤ ᠠᠬᠤᠢ ᠶᠢᠨ ᠴᠢᠨᠠᠷ ᠤᠨ ᠲᠠᠯ᠎ᠠ ᠪᠠᠷ ᠪᠠᠷᠤᠭᠰᠢᠨ ᠸᠠᠭᠠᠷ ᠤᠨ ᠪᠠᠷᠢᠯᠭ᠎ᠠ ᠳᠥᠭᠦᠮ᠂ ᠰᠡᠯᠪᠢᠨ ᠵᠠᠰᠠᠬᠤ ᠨᠣᠷᠮ᠎ᠠ ᠳᠣᠣᠷ᠎ᠠ᠂ ᠪᠠᠷᠢᠯᠭ᠎ᠠ ᠶᠢᠨ ᠪᠦᠬᠦᠯᠢ ᠴᠣᠭᠴᠠ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠤᠭᠰᠠᠨ ᠪᠠᠶᠢᠨ᠎ᠠ᠃ ᠰᠢᠯᠢᠳᠡᠭ ᠰᠠᠶᠢᠨ ᠴᠢᠳᠠᠮᠵᠢ ᠪᠠ ᠥᠷᠭᠡᠨ ᠳᠡᠯᠭᠡᠷ ᠬᠡᠷᠡᠭᠯᠡᠭᠡᠨ ᠤ ᠬᠡᠪᠴᠢᠶ᠎ᠡ ᠪᠠᠷ ᠢᠶᠠᠨ ᠪᠠᠷᠤᠭᠰᠢᠨ ᠸᠠᠭᠠᠷ ᠨᠢ ᠣᠳᠣ ᠦᠶ᠎ᠡ ᠶᠢᠨ ᠪᠠᠷᠢᠯᠭ᠎ᠠ ᠶᠢᠨ ᠭᠡᠷ ᠤᠨ ᠮᠠᠲ᠋ᠧᠷᠢᠶᠠᠯ ᠤᠨ ᠴᠢᠬᠤᠯᠠ ᠰᠣᠩᠭᠤᠯᠲᠠ ᠪᠣᠯᠤᠭᠰᠠᠨ ᠪᠠᠶᠢᠨ᠎ᠠ᠃ ᠬᠤᠳᠠᠯᠳᠤᠭᠠᠨ ᠤ ᠪᠠᠷᠢᠯᠭ᠎ᠠ ᠴᠤ ᠲᠡᠷᠡ᠂ ᠣᠷᠣᠨ ᠰᠠᠭᠤᠴᠠ ᠶᠢᠨ ᠪᠠᠷᠢᠯᠭ᠎ᠠ ᠴᠤ ᠲᠡᠷᠡ᠂ ᠪᠠᠷᠤᠭᠰᠢᠨ ᠸᠠᠭᠠᠷ ᠨᠢ ᠴᠥᠮ ᠪᠠᠷᠢᠯᠭ᠎ᠠ ᠳᠤ ᠭᠠᠷᠮᠠᠭᠠᠢ ᠰᠠᠶᠢᠨ ᠤᠰᠤ ᠰᠡᠷᠭᠡᠶᠢᠯᠡᠬᠦ ᠴᠢᠳᠠᠪᠤᠷᠢ ᠪᠠ ᠭᠤᠶᠣ ᠰᠠᠶᠢᠬᠠᠨ ᠭᠠᠳᠠᠷ ᠪᠠᠶᠢᠳᠠᠯ ᠢ ᠬᠠᠩᠭᠠᠵᠤ ᠴᠢᠳᠠᠳᠠᠭ᠃      ᠡᠭᠦᠳᠡ ᠴᠤᠩᠬᠤᠨ ᠤ ᠮᠠᠲ᠋ᠧᠷᠢᠶᠠᠯ      ᠬᠤᠪᠠᠨᠴᠠᠷ ᠪᠣᠯᠣᠳ ᠴᠣᠩᠬᠤ      ᠬᠤᠪᠠᠨᠴᠠᠷ ᠪᠣᠯᠣᠳ ᠴᠣᠩᠬᠤ ᠪᠣᠯ ᠪᠥᠭᠡᠭᠡᠨᠡᠷᠡᠯ ᠾᠯᠤᠷᠤ᠋ ᠡᠲ᠋ᠧᠨ ᠳᠠᠪᠠᠷᠬᠠᠢ ᠪᠠᠷ ᠭᠤᠣᠯ ᠲᠦᠭᠦᠬᠡᠢ ᠮᠠᠲ᠋ᠧᠷᠢᠶᠠᠯ ᠪᠣᠯᠭᠠᠵᠤ᠂ ᠬᠡᠪ ᠤᠨ ᠮᠠᠲ᠋ᠧᠷᠢᠶᠠᠯ ᠤᠨ ᠬᠥᠨᠳᠡᠢ ᠳᠣᠲᠣᠷ᠎ᠠ ᠪᠣᠯᠣᠳ ᠳᠣᠲᠣᠷ ᠢ ᠬᠢᠵᠦ ᠪᠦᠳᠦᠭᠡᠭᠰᠡᠨ ᠡᠭᠦᠳᠡ ᠴᠣᠩᠬᠤ ᠶᠢ ᠬᠤᠪᠠᠨᠴᠠᠷ ᠪᠣᠯᠣᠳ ᠡᠭᠦᠳᠡ ᠴᠣᠩᠬᠤ ᠭᠡᠨ᠎ᠡ᠃ ᠲᠡᠭᠦᠨ ᠤ ᠦᠨ᠎ᠡ ᠨᠢ ᠨᠡᠯᠢᠶᠡᠳ ᠳᠣᠣᠷ᠎ᠠ᠂ ᠴᠢᠳᠠᠪᠬᠢ ᠦᠨ᠎ᠡ ᠨᠢ ᠨᠡᠯᠢᠶᠡᠳ ᠰᠠᠶᠢᠨ ᠤᠴᠢᠷ ᠠᠴᠠ ᠣᠳᠣᠬᠠᠨ ᠳᠤ ᠮᠥᠨ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃      ᠴᠢᠳᠠᠮᠵᠢ ᠣᠨᠴᠠᠯᠢᠭ      1.ᠳᠤᠯᠠᠭᠠᠨ ᠢ ᠬᠠᠳᠠᠭᠠᠯᠠᠬᠤ ᠴᠢᠨᠠᠷ ᠢᠶᠠᠷ ᠰᠠᠶᠢᠨ᠄ ᠬᠤᠪᠠᠨᠴᠠᠷ ᠪᠣᠯᠣᠳ ᠴᠣᠩᠬᠤ ᠳᠤ ᠣᠯᠠᠨ ᠬᠥᠨᠳᠡᠢ ᠬᠡᠯᠪᠡᠷᠢ ᠶᠢᠨ ᠪᠦᠲᠦᠴᠡ ᠲᠠᠢ᠂ ᠬᠠᠯᠠᠭᠤᠨ ᠢ ᠬᠥᠨᠳᠡᠶᠢᠷᠡᠭᠦᠯᠬᠦ ᠴᠢᠨᠠᠷ ᠢᠶᠠᠷ ᠰᠠᠶᠢᠨ᠂ ᠢᠯᠴᠢ ᠳᠠᠮᠵᠢᠭᠤᠯᠬᠤ ᠢᠯᠡᠳᠬᠡᠮᠵᠢ ᠪᠠᠷ ᠲᠤᠶᠢᠯ ᠤᠨ ᠳᠣᠣᠷ᠎ᠠ ᠮᠥᠷᠲᠡᠭᠡᠨ ᠠᠭᠠᠷ ᠨᠢᠭᠲᠠ ᠴᠢᠨᠠᠷ ᠢᠶᠠᠷ ᠰᠠᠶᠢᠨ᠂ ᠳᠤᠯᠠᠭᠠᠨ ᠢ ᠬᠠᠳᠠᠭᠠᠯᠠᠬᠤ ᠦᠷ᠎ᠡ ᠳ᠋ᠦᠩ ᠢᠶᠠᠷ ᠢᠯᠡᠷᠬᠡᠢ ᠪᠠᠶᠢᠳᠠᠭ᠃      2. ᠲᠠᠭᠤ ᠬᠥᠨᠳᠡᠶᠢᠷᠡᠭᠦᠯᠬᠦ ᠴᠢᠨᠠᠷ ᠢᠶᠠᠷ ᠰᠠᠶᠢᠨ᠄ ᠬᠤᠪᠠᠨᠴᠠᠷ ᠪᠣᠯᠣᠳ ᠴᠣᠩᠬᠤᠨ ᠤ ᠪᠦᠲᠦᠴᠡ ᠶᠢ ᠨᠠᠷᠢᠨ ᠨᠢᠮᠪᠠᠢ ᠵᠢᠷᠤᠵᠤ ᠲᠥᠯᠥᠪᠯᠡᠭᠡᠳ᠂ ᠵᠠᠪᠰᠠᠷ ᠨᠢ ᠨᠢᠭᠲᠠ ᠴᠢᠩᠭ᠎ᠠ᠂ ᠲᠠᠭᠤ ᠬᠥᠨᠳᠡᠶᠢᠷᠡᠭᠦᠯᠬᠦ ᠦᠷ᠎ᠡ ᠪᠦᠲᠦᠮᠵᠢ ᠨᠢ ᠢᠯᠡᠷᠬᠡᠢ᠂ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠨ᠎ᠡ᠃      3. ᠳᠠᠭᠠᠷᠢᠯᠲᠠ ᠶᠢ ᠳᠠᠭᠠᠭᠠᠬᠤ᠄ ᠬᠤᠪᠠᠨᠴᠠᠷ ᠪᠣᠯᠣᠳ ᠴᠣᠩᠬᠤᠨ ᠭᠠᠳᠠᠷᠭᠤ ᠨᠢ ᠬᠥᠩᠭᠡᠨ ᠴᠠᠭᠠᠨ ᠤ ᠬᠠᠶᠢᠯᠤᠰᠢ ᠪᠣᠯᠬᠤ ᠤᠴᠢᠷ ᠠᠴᠠ ᠳᠠᠭᠠᠷᠢᠯᠲᠠ ᠶᠢ ᠳᠠᠭᠠᠭᠠᠬᠤ ᠪᠠᠷ ᠴᠢᠩᠭ᠎ᠠ ᠪᠠᠶᠢᠳᠠᠭ᠃      4. ᠠᠭᠠᠷ ᠨᠢᠭᠲᠠ ᠴᠢᠨᠠᠷ ᠢᠶᠠᠷ ᠰᠠᠶᠢᠨ᠄ ᠬᠤᠪᠠᠨᠴᠠᠷ ᠪᠣᠯᠣᠳ ᠴᠣᠩᠬᠤᠨ ᠤ ᠡᠯ᠎ᠡ ᠰᠠᠪᠠ ᠶᠢᠨ ᠵᠠᠪᠰᠠᠷ ᠲᠤ ᠨᠢᠭᠲᠠ ᠪᠢᠲᠡᠭᠦᠮᠵᠢᠯᠡᠭᠰᠡᠨ ᠨᠣᠣᠰᠣᠨ ᠵᠤᠷᠪᠤᠰ ᠪᠤᠶᠤ ᠭᠤᠮ ᠵᠤᠷᠪᠤᠰ ᠤᠭᠰᠠᠷᠠᠵᠤ᠂ ᠠᠭᠠᠷ ᠨᠢᠭᠲᠠ ᠴᠢᠨᠠᠷ ᠢᠶᠠᠷ ᠰᠠᠶᠢᠨ᠂ ᠶᠡᠭᠡ ᠬᠡᠮᠵᠢᠶᠡᠨ ᠤ ᠡᠨᠧᠷᠭᠢ ᠶᠢᠨ ᠰᠤᠷᠪᠤᠯᠵᠢ ᠶᠢ ᠠᠷᠪᠢᠯᠠᠳᠠᠭ᠃      5. ᠤᠰᠤᠨ ᠤ ᠨᠢᠭᠲᠠ ᠴᠢᠨᠠᠷ ᠰᠠᠶᠢᠨ᠄ ᠬᠤᠪᠠᠨᠴᠠᠷ ᠪᠣᠯᠣᠳ ᠴᠣᠩᠬᠤᠨ ᠤ ᠵᠢᠷᠤᠭ ᠲᠥᠯᠥᠪᠯᠡᠭᠡ ᠨᠢ ᠪᠣᠷᠣᠭᠠᠨ ᠤ ᠤᠰᠤ ᠶᠢ ᠰᠡᠷᠭᠡᠶᠢᠯᠡᠬᠦ ᠪᠦᠲᠦᠴᠡ ᠲᠠᠢ᠂ ᠪᠣᠷᠣᠭᠠᠨ ᠤ ᠤᠰᠤ ᠶᠢ ᠪᠦᠷᠢᠮᠦᠰᠦᠨ ᠭᠡᠷ ᠤᠨ ᠭᠠᠳᠠᠨ᠎ᠠ ᠲᠤᠰᠠᠭᠠᠷᠯᠠᠵᠤ᠂ ᠤᠰᠤᠨ ᠤ ᠨᠢᠭᠲᠠ ᠴᠢᠨᠠᠷ ᠨᠢ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠨ᠎ᠡ᠃      6. ᠭᠠᠯ ᠢ ᠰᠡᠷᠭᠡᠶᠢᠯᠡᠬᠦ ᠴᠢᠨᠠᠷ ᠢᠶᠠᠷ ᠰᠠᠶᠢᠨ᠄ ᠬᠤᠪᠠᠨᠴᠠᠷ ᠪᠣᠯᠣᠳ ᠴᠣᠩᠬᠤ ᠨᠢ ᠥᠪᠡᠰᠦᠪᠡᠨ ᠨᠣᠴᠣᠬᠤ ᠦᠭᠡᠢ᠂ ᠰᠢᠲᠠᠯᠲᠠ ᠶᠢ ᠲᠤᠰᠠᠯᠠᠬᠤ ᠦᠭᠡᠢ᠂ ᠠᠶᠤᠯ ᠦᠭᠡᠢ ᠴᠢᠨᠠᠷ ᠢᠶᠠᠷ ᠰᠠᠶᠢᠨ ᠪᠠᠶᠢᠳᠠᠭ᠃      7. ᠬᠤᠯᠠᠭᠠᠢ ᠶᠢ ᠰᠡᠷᠭᠡᠶᠢᠯᠡᠬᠦ ᠴᠢᠨᠠᠷ ᠢᠶᠠᠷ ᠰᠠᠶᠢᠨ᠄ ᠬᠤᠪᠠᠨᠴᠠᠷ ᠪᠣᠯᠣᠳ ᠴᠣᠩᠬᠤᠨ ᠳᠤ ᠰᠢᠯᠢᠳᠡᠭ ᠰᠠᠶᠢᠨ ᠲᠡᠮᠦᠷᠯᠢᠭ ᠲᠣᠨᠤᠭ ᠪᠠ ᠳᠡᠭᠡᠳᠦ ᠵᠡᠷᠭᠡ ᠶᠢᠨ ᠴᠢᠮᠡᠭᠯᠡᠯ ᠤᠨ ᠣᠨᠢᠰᠤ ᠲᠠᠭᠠᠷᠠᠭᠤᠯᠵᠤ᠂ ᠬᠤᠯᠠᠭᠠᠢ ᠶᠢ ᠰᠡᠷᠭᠡᠶᠢᠯᠡᠬᠦ ᠴᠢᠳᠠᠪᠤᠷᠢ ᠪᠠᠷ ᠰᠠᠶᠢᠨ ᠪᠠᠶᠢᠳᠠᠭ᠃      8. ᠦᠵᠡᠮᠵᠢᠲᠡᠢ ᠪᠥᠭᠡᠳ ᠪᠥᠬᠡᠯᠢᠭ᠄ ᠬᠤᠪᠠᠨᠴᠠᠷ ᠪᠣᠯᠣᠳ ᠴᠣᠩᠬᠤᠨ ᠳᠤ ᠣᠯᠠᠨ ᠵᠦᠢᠯ ᠤᠨ ᠥᠩᠭᠡ ᠪᠠ ᠬᠡᠯᠪᠡᠷᠢ ᠮᠠᠶ᠋ᠢᠭ ᠢ ᠰᠣᠩᠭᠤᠵᠤ ᠪᠣᠯᠬᠤ ᠮᠥᠷᠲᠡᠭᠡᠨ ᠬᠦᠴᠢᠯ ᠱᠦᠯᠲᠦ ᠳᠤ ᠠᠮᠠᠷᠬᠠᠨ ᠢᠳᠡᠭᠳᠡᠬᠦ ᠦᠭᠡᠢ᠂ ᠰᠢᠷᠠᠯᠠᠵᠤ ᠥᠩᠭᠡ ᠤᠨᠠᠬᠤ ᠦᠭᠡᠢ᠂ ᠬᠡᠷᠡᠭᠯᠡᠭᠡᠨ ᠤ ᠠᠮᠢ ᠨᠠᠰᠤ ᠨᠢ ᠣᠷᠳᠣ ᠪᠠᠶᠢᠳᠠᠭ᠃      9. ᠣᠷᠴᠢᠨ ᠠᠬᠤᠢ ᠶᠢᠨ ᠬᠠᠮᠠᠭᠠᠯᠠᠯᠲᠠ ᠡᠷᠡᠭᠦᠯ ᠮᠡᠨᠳᠦ᠄ ᠬᠤᠪᠠᠨᠴᠠᠷ ᠪᠣᠯᠣᠳ ᠴᠣᠩᠬᠤ ᠶᠢ ᠣᠷᠴᠢᠨ ᠠᠬᠤᠢ ᠶᠢᠨ ᠬᠠᠮᠠᠭᠠᠯᠠᠯᠲᠠ ᠶᠢᠨ ᠮᠠᠲ᠋ᠧᠷᠢᠶᠠᠯ ᠢᠶᠠᠷ ᠦᠢᠯᠡᠳᠦᠭᠰᠡᠨ ᠪᠣᠯᠬᠤᠷ ᠬᠤᠣᠷᠲᠤ ᠪᠣᠳᠠᠰ ᠢ ᠢᠯᠭᠠᠷᠠᠭᠤᠯᠬᠤ ᠦᠭᠡᠢ᠂ ᠡᠷᠡᠭᠦᠯ ᠮᠡᠨᠳᠦ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠤᠩᠬᠤ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠤᠩᠬᠤ ᠪᠣᠯ‌ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠮᠠᠲ᠋ᠧᠷᠢᠶᠠᠯ ᠪᠠ ᠬᠥᠨᠳᠡᠢ ᠰᠢᠯ ᠵᠡᠷᠭᠡ ᠮᠠᠲ᠋ᠧᠷᠢᠶᠠᠯ ᠢ ᠬᠡᠷᠡᠭᠯᠡᠵᠦ᠂ ᠲᠣᠭᠲᠠᠭᠰᠠᠨ ᠠᠵᠢᠯ ᠤᠨ ᠳᠠᠷᠠᠭᠠᠯᠠᠯ ᠢᠶᠠᠷ ᠬᠢᠵᠦ ᠪᠦᠲᠦᠭᠡᠭᠰᠡᠨ ᠴᠣᠩᠬᠤᠨ ᠤ ᠪᠦᠲᠦᠭᠡᠭᠳᠡᠬᠦᠨ ᠪᠣᠯᠣᠨ᠎ᠠ᠃ ︽ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ︾ ᠭᠡᠳᠡᠭ ᠨᠢ ᠬᠥᠩᠭᠡᠨ ᠴᠠᠭᠠᠨ ᠤ ᠬᠠᠶᠢᠯᠤᠰᠢ ᠶᠢᠨ ᠮᠠᠲ᠋ᠧᠷᠢᠶᠠᠯ ᠤᠨ ᠳᠤᠮᠳᠠ ᠢᠯᠴᠢ ᠬᠥᠨᠳᠡᠶᠢᠷᠡᠭᠦᠯᠬᠦ ᠰᠠᠪᠠᠭ᠎ᠠ ᠶᠢ ᠨᠡᠪᠲᠡᠯᠦᠨ ᠣᠷᠣᠭᠤᠯᠵᠤ᠂ ᠬᠥᠩᠭᠡᠨ ᠴᠠᠭᠠᠨ ᠤ ᠮᠠᠲ᠋ᠧᠷᠢᠶᠠᠯ ᠢ ᠲᠠᠰᠤᠯᠵᠤ ︽ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ︾ ᠪᠣᠯᠭᠠᠬᠤ ᠶᠢᠨ ᠤᠯᠠᠮ ᠠᠴᠠ ᠢᠯᠴᠢ ᠶᠢᠨ ᠳᠠᠮᠵᠢᠯᠲᠠ ᠶᠢ ᠪᠦᠲᠦᠮᠵᠢᠲᠡᠶ ᠪᠠᠷ ᠬᠤᠷᠢᠭᠯᠠᠵᠤ᠂ ᠡᠨᠧᠷᠭᠢ ᠠᠷᠪᠢᠯᠠᠵᠤ ᠳᠤᠯᠠᠭᠠᠨ ᠢ ᠬᠠᠮᠠᠭᠠᠯᠠᠬᠤ ᠦᠷ᠎ᠡ ᠳ᠋ᠦᠩ ᠳᠤ ᠬᠦᠷᠬᠦ ᠶᠢ ᠵᠢᠭᠠᠵᠤ ᠪᠠᠶᠢᠨ᠎ᠠ᠃      1.ᠳᠤᠯᠠᠭᠠᠨ ᠢ ᠬᠠᠳᠠᠭᠠᠯᠠᠬᠤ ᠪᠠ ᠬᠠᠯᠠᠭᠤᠨ ᠢ ᠬᠥᠨᠳᠡᠶᠢᠷᠡᠭᠦᠯᠬᠦ ᠴᠢᠳᠠᠪᠤᠷᠢ ᠳᠠᠪᠠᠭᠤᠯᠢᠭ᠄ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠤᠩᠬᠤ ᠶᠢ ᠬᠠᠯᠠᠭᠤᠨ ᠢ ᠬᠥᠨᠳᠡᠶᠢᠷᠡᠭᠦᠯᠬᠦ ᠮᠠᠲ᠋ᠧᠷᠢᠶᠠᠯ ᠤᠨ ᠳᠣᠲᠣᠷ᠎ᠠ ᠭᠠᠳᠠᠷ ᠬᠦᠷᠢᠶ᠎ᠡ ᠶᠢ ᠵᠥᠭᠡᠯᠡᠨ ᠤᠶᠠᠯᠳᠤᠭᠤᠯᠵᠤ᠂ ᠨᠢᠭᠡ ᠴᠠᠪᠠᠤ᠂ ᠬᠤᠶᠠᠷ ᠨᠣᠣᠰᠣᠨ ᠵᠤᠷᠪᠤᠰ ᠭᠤᠷᠪᠠ ᠪᠢᠲᠡᠭᠦᠮᠵᠢᠯᠡᠬᠦ ᠬᠡᠯᠪᠡᠷᠢ ᠪᠠᠷ ᠴᠢᠩᠭ᠎ᠠ ᠨᠢᠭᠲᠠ ᠬᠠᠭᠠᠵᠤ᠂ ᠳᠤᠯᠠᠭᠠᠨ ᠢ ᠬᠠᠳᠠᠭᠠᠯᠠᠬᠤ ᠴᠢᠳᠠᠪᠤᠷᠢ ᠶᠢ ᠨᠡᠮᠡᠭᠳᠡᠭᠦᠯᠵᠡᠢ᠃ ᠴᠣᠩᠬᠤᠨ ᠰᠡᠭᠦᠪᠴᠢ ᠨᠢ ᠬᠦᠨᠳᠡᠢ ᠰᠢᠯ ᠤᠨ ᠪᠦᠲᠦᠴᠡ ᠶᠢ ᠬᠡᠷᠡᠭᠯᠡᠵᠦ᠂ ᠭᠡᠷ ᠤᠨ ᠳᠣᠲᠣᠨ᠎ᠠ ᠭᠠᠳᠠᠨᠠᠬᠢ ᠳᠤᠯᠠᠭᠠᠨ ᠤ ᠬᠡᠮᠵᠢᠶ᠎ᠡ ᠶᠢ ᠪᠦᠲᠦᠮᠵᠢᠲᠡᠶ ᠲᠠᠰᠤᠯᠵᠤ᠂ ᠳᠤᠯᠠᠭᠠᠯᠠᠭ᠎ᠠ ᠶᠢᠨ ᠵᠠᠷᠤᠳᠠᠯ ᠢ ᠪᠠᠭᠤᠷᠠᠭᠤᠯᠵᠤ᠂ ᠡᠨᠧᠷᠭᠢ ᠠᠷᠪᠢᠯᠠᠬᠤ ᠦᠷ᠎ᠡ ᠪᠦᠲᠦᠮᠵᠢ ᠨᠢ ᠢᠯᠡᠷᠬᠡᠢ ᠪᠠᠶᠢᠳᠠᠭ᠃       2. ᠲᠡᠭᠤ ᠬᠥᠨᠳᠡᠶᠢᠷᠡᠭᠦᠯᠬᠦ ᠱᠤᠤᠭᠢᠶᠠᠨ ᠢ ᠰᠡᠷᠭᠡᠶᠢᠯᠡᠬᠦ ᠦᠷ᠎ᠡ ᠳ᠋ᠦᠩ ᠨᠢ ᠰᠠᠶᠢᠨ᠄ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠣᠩᠬᠤᠨ ᠤ ᠪᠦᠲᠦᠴᠡ ᠶᠢ ᠨᠠᠷᠢᠨ ᠨᠢᠭᠲᠠ ᠵᠢᠷᠤᠵᠤ ᠲᠥᠯᠥᠪᠯᠡᠭᠡᠳ ᠨᠢᠭᠲᠠ ᠴᠢᠩᠭ᠎ᠠ ᠵᠠᠯᠭᠠᠵᠤ᠂ ᠠᠭᠠᠷ ᠤᠨ ᠲᠡᠭᠤ ᠬᠥᠨᠳᠡᠶᠢᠷᠡᠭᠦᠯᠬᠦ ᠬᠡᠮᠵᠢᠶ᠎ᠡ ᠨᠢ 30 — 40 ᠳ᠋ᠧᠼᠢᠪᠧᠯ ᠳᠤ ᠬᠦᠷᠴᠦ᠂ ᠭᠠᠳᠠᠭᠠᠳᠤ ᠣᠷᠴᠢᠨ ᠤ ᠱᠤᠤᠭᠢᠶᠠᠨ ᠢ ᠪᠦᠲᠦᠮᠵᠢᠲᠡᠶ ᠪᠠᠷ ᠲᠤᠰᠠᠭᠠᠷᠯᠠᠵᠤ᠂ ᠭᠡᠷ ᠳᠣᠲᠣᠷᠠᠬᠢ ᠨᠠᠮ ᠰᠡᠯᠡᠭᠦᠨ ᠳᠤᠯᠠᠭᠠᠨ ᠪᠠᠶᠢᠬᠤ ᠶᠢ ᠪᠠᠲᠤᠯᠠᠨ᠎ᠠ᠃      3. ᠤᠰᠤ ᠰᠡᠷᠭᠡᠶᠢᠯᠡᠬᠦ ᠴᠢᠳᠠᠪᠤᠷᠢ ᠴᠢᠩᠭ᠎ᠠ᠄ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠣᠩᠬᠤ ᠨᠢ ᠳᠠᠷᠤᠯᠲᠠ ᠶᠢᠨ ᠲᠡᠩᠴᠡᠭᠦᠷᠢ ᠶᠢᠨ ᠵᠢᠷᠤᠮᠯᠠᠯ ᠢ ᠠᠰᠢᠭᠯᠠᠨ ᠤᠰᠤ ᠲᠠᠲᠠᠷᠠᠭᠤᠯᠬᠤ ᠪᠦᠲᠦᠴᠡ ᠶᠢᠨ ᠰᠢᠰᠲ᠋ᠧᠮ ᠢ ᠵᠢᠷᠤᠭᠯᠠᠨ ᠲᠥᠯᠥᠪᠯᠡᠵᠦ᠂ ᠭᠤᠯᠭᠤᠭ᠎ᠠ ᠵᠢᠷᠤᠭ ᠲᠥᠯᠥᠪᠯᠡᠭᠡ ᠶᠢᠨ ᠲᠠᠰᠢᠭᠤ ᠱᠠᠲᠤᠯᠢᠭ ᠬᠡᠯᠪᠡᠷᠢ ᠲᠠᠢ᠂ ᠤᠰᠤ ᠲᠠᠲᠠᠷᠠᠭᠤᠯᠬᠤ ᠠᠮᠠᠰᠠᠷ ᠲᠠᠭᠠᠷᠠᠭᠤᠯᠵᠤ᠂ ᠤᠰᠤ ᠲᠠᠲᠠᠷᠠᠭᠤᠯᠬᠤ ᠨᠢ ᠰᠠᠭᠠᠳ ᠦᠭᠡᠢ᠂ ᠨᠢᠭᠲᠠ ᠴᠢᠨᠠᠷ ᠢᠶᠠᠷ ᠰᠠᠶᠢᠨ ᠪᠠᠶᠢᠳᠠᠭ᠃ ᠡᠭᠦᠨ ᠤ ᠬᠠᠮᠲᠤ᠂ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠮᠠᠲ᠋ᠧᠷᠢᠶᠠᠯ ᠨᠢ ᠡᠭᠦᠳᠡ ᠴᠣᠩᠬᠤ ᠶᠢᠨ ᠭᠤᠷᠪᠠᠨ ᠳᠠᠪᠬᠤᠷ ᠪᠢᠲᠡᠭᠦᠮᠵᠢᠯᠡᠬᠦ ᠪᠦᠲᠦᠴᠡ ᠶᠢ ᠪᠡᠶᠡᠯᠡᠭᠦᠯᠵᠦ᠂ ᠤᠰᠤ ᠠᠭᠤᠷ ᠢ ᠵᠣᠬᠢᠰᠲᠠᠢ ᠰᠠᠯᠭᠠᠵᠤ᠂ ᠠᠭᠠᠷ ᠤᠰᠤᠨ ᠤ ᠳᠠᠷᠤᠯᠲᠠ ᠶᠢᠨ ᠲᠡᠩᠴᠡᠭᠦᠷᠢ ᠶᠢ ᠠᠮᠵᠢᠯᠲᠠ ᠲᠠᠢ ᠪᠡᠶᠡᠯᠡᠭᠦᠯᠵᠦ᠂ ᠡᠭᠦᠳᠡ ᠴᠣᠩᠬᠤ ᠶᠢᠨ ᠤᠰᠤ ᠪᠠ ᠠᠭᠠᠷ ᠢ ᠪᠢᠳᠡᠭᠦᠮᠵᠢᠯᠡᠬᠦ ᠴᠢᠨᠠᠷ ᠢ ᠢᠯᠡᠳᠲᠡ ᠳᠡᠭᠡᠭᠰᠢᠯᠡᠭᠦᠯᠵᠦ ᠴᠢᠳᠠᠨ᠎ᠠ᠃       4. ᠠᠶᠤᠯ ᠦᠭᠡᠢ ᠴᠢᠨᠠᠷ ᠢᠶᠠᠷ ᠥᠨᠳᠥᠷ᠄ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠣᠩᠬᠤᠨ ᠳᠤ ᠬᠥᠩᠭᠡᠨ ᠴᠠᠭᠠᠨ ᠤ ᠬᠠᠶᠢᠯᠤᠰᠢ ᠶᠢᠨ ᠬᠠᠯᠬᠠᠪᠴᠢ ᠬᠡᠷᠡᠰᠬᠡ ᠨᠡᠮᠡᠵᠦ᠂ ᠴᠣᠩᠬᠤᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ ᠪᠣᠯᠣᠨ᠎ᠠ᠃ ᠡᠭᠦᠨ ᠠᠴᠠ ᠭᠠᠳᠠᠨ᠎ᠠ ᠤᠨᠠᠬᠤ ᠠᠴᠠ ᠰᠡᠷᠭᠡᠶᠢᠯᠡᠬᠦ ᠳᠡᠭᠡᠰᠦ ᠶᠢ ᠨᠡᠮᠡᠨ ᠤᠭᠰᠠᠷᠠᠵᠤ᠂ ᠴᠣᠩᠬᠤᠨ ᠤ ᠰᠡᠭᠦᠭᠡᠪᠴᠢ ᠤᠨᠠᠵᠤ ᠬᠥᠮᠥᠨ ᠢ ᠰᠢᠷᠬᠠᠲᠤᠭᠤᠯᠬᠤ ᠦᠭᠡᠢ ᠪᠠᠶᠢᠬᠤ ᠶᠢ ᠤᠯᠠᠮ ᠨᠢᠭᠡ ᠠᠯᠬᠤᠮ ᠬᠠᠮᠠᠭᠠᠯᠠᠵᠤ ᠪᠣᠯᠣᠨ᠎ᠠ᠃ ᠡᠭᠦᠨ ᠤ ᠬᠠᠮᠲᠤ᠂ ᠥᠪᠡᠷᠮᠢᠴᠡ ᠣᠨᠴᠠᠯᠢᠭ ᠲᠠᠢ ᠲᠡᠮᠦᠷᠯᠢᠭ ᠣᠨᠢᠰᠤ ᠶᠢ ᠲᠠᠭᠠᠷᠠᠭᠤᠯᠵᠤ᠂ ᠴᠣᠩᠬᠤᠨ ᠤ ᠬᠡᠷᠡᠭᠯᠡᠯᠲᠡ ᠶᠢᠨ ᠲᠣᠭᠲᠠᠭᠤᠨ ᠪᠠ ᠠᠮᠤᠷ ᠲᠦᠪᠰᠢᠨ ᠢ ᠪᠠᠲᠤᠯᠠᠨ᠎ᠠ᠃      5. ᠭᠠᠯ ᠢ ᠰᠡᠷᠭᠡᠶᠢᠯᠡᠬᠦ ᠴᠢᠳᠠᠪᠤᠷᠢ᠄ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠣᠩᠬᠤᠨ ᠳᠠᠬᠢ ᠬᠥᠩᠭᠡᠨ ᠴᠠᠭᠠᠨ ᠤ ᠬᠠᠶᠢᠯᠤᠰᠢ ᠨᠢ ᠲᠡᠮᠦᠷᠯᠢᠭ ᠮᠠᠲ᠋ᠧᠷᠢᠶᠠᠯ ᠪᠠᠶᠢᠵᠤ᠂ ᠨᠣᠴᠣᠬᠤ ᠦᠭᠡᠢ᠂ ᠭᠠᠯ ᠢ ᠳᠠᠭᠠᠭᠠᠬᠤ ᠬᠤᠭᠤᠴᠠᠭ᠎ᠠ ᠨᠢ ᠨᠡᠯᠢᠶᠡᠳ ᠤᠷᠳᠦ ᠪᠠᠶᠢᠳᠠᠭ᠃      6. ᠵᠠᠰᠠᠯ ᠴᠢᠮᠡᠭᠯᠡᠯ ᠤᠨ ᠦᠷ᠎ᠡ ᠳ᠋ᠦᠩ ᠨᠢ ᠰᠠᠶᠢᠨ᠄ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠣᠩᠬᠤᠨ ᠤ ᠭᠢᠯᠪᠠᠭ᠎ᠠ ᠨᠢ ᠨᠡᠯᠢᠶᠡᠳ ᠥᠨᠳᠥᠷ᠂ ᠵᠠᠰᠠᠯ ᠴᠢᠮᠡᠭᠯᠡᠯ ᠤᠨ ᠦᠷ᠎ᠡ ᠳ᠋ᠦᠩ ᠨᠢ ᠭᠤᠶᠣ ᠬᠡᠭᠡᠨᠴᠢᠷ ᠮᠥᠷᠲᠡᠭᠡᠨ ᠥᠩᠭᠡ ᠨᠢ ᠠᠮᠠᠷᠬᠠᠨ ᠤᠨᠠᠬᠤ ᠦᠭᠡᠢ᠂ ᠬᠡᠷᠡᠭᠯᠡᠬᠦ ᠬᠤᠭᠤᠴᠠᠭ᠎ᠠ ᠨᠢ ᠣᠷᠳᠣ ᠪᠠᠶᠢᠳᠠᠭ᠃ ᠥᠩᠭᠡ ᠪᠤᠳᠤᠭ ᠪᠠᠶᠠᠯᠢᠭ᠂ ᠳᠣᠲᠣᠷ᠎ᠠ ᠭᠠᠳᠠᠨ᠎ᠠ ᠶᠢᠨ ᠬᠤᠶᠠᠷ ᠥᠩᠭᠡ ᠶᠢ ᠲᠣᠭᠲᠠᠭᠠᠵᠤ ᠪᠣᠯᠣᠨ᠎ᠠ᠂ ᠭᠡᠷ ᠤᠨ ᠭᠠᠳᠠᠨᠠᠬᠢ ᠡᠭᠦᠳᠡ ᠴᠣᠩᠬᠤ ᠶᠢᠨ ᠥᠩᠭᠡ ᠨᠢ ᠪᠠᠷᠢᠯᠭ᠎ᠠ ᠶᠢᠨ ᠬᠡᠪ ᠨᠠᠮᠪᠠ ᠲᠠᠢ ᠨᠢᠭᠡᠳᠦᠯᠲᠡᠢ᠂ ᠭᠡᠷ ᠤᠨ ᠳᠣᠲᠣᠷᠠᠬᠢ ᠡᠭᠦᠳᠡ ᠴᠣᠩᠬᠤ ᠨᠢ ᠨᠡᠩ ᠥᠪᠡᠷᠮᠢᠴᠡ ᠣᠨᠴᠠᠯᠢᠭ ᠲᠠᠢ ᠪᠠᠶᠢᠳᠠᠭ᠃      7. ᠪᠥᠬᠡᠯᠢᠭ ᠴᠢᠨᠠᠷ ᠢᠶᠠᠷ ᠴᠢᠩᠭ᠎ᠠ᠄ ᠢᠯᠴᠢ ᠬᠦᠨᠳᠡᠶᠢᠷᠡᠭᠦᠯᠬᠦ ᠴᠢᠳᠠᠪᠬᠢᠳᠦ ᠬᠦᠩᠭᠡᠨᠴᠠᠭᠠᠨ ᠴᠣᠩᠬᠤᠨ ᠳᠤ ᠥᠨᠳᠥᠷ ᠬᠦᠴᠦᠯᠡᠴᠡ ᠲᠠᠢ ᠴᠠᠬᠢᠭᠤᠷ ᠮᠠᠭᠨᠢ ᠬᠥᠩᠭᠡᠨ ᠴᠠᠭᠠᠨ ᠮᠠᠲ᠋ᠧᠷᠢᠶᠠᠯ ᠢ ᠬᠡᠷᠡᠭᠯᠡᠵᠦ᠂ ᠠᠩᠬᠠᠨ ᠤ ᠬᠥᠩᠭᠡᠨ ᠴᠠᠭᠠᠨ ᠤ ᠮᠠᠲ᠋ᠧᠷᠢᠶᠠᠯ ᠨᠢ ᠠᠮᠠᠷᠬᠠᠨ ᠢᠰᠦᠯᠳᠦᠨ ᠳᠦᠷᠰᠦ ᠬᠤᠪᠢᠷᠠᠬᠤ ᠦᠭᠡᠢ᠂ ᠡᠯ᠎ᠡ ᠵᠦᠢᠯ ᠤᠨ ᠮᠠᠭᠤ ᠠᠭᠤᠷ ᠠᠮᠢᠰᠬᠤᠯ ᠢ ᠬᠤᠷᠢᠭᠯᠠᠵᠤ ᠳᠡᠶᠢᠯᠳᠡᠭ᠂ ᠵᠢᠱᠢᠶᠡᠯᠡᠪᠡᠯ ᠳᠣᠭᠰᠢᠨ ᠰᠠᠯᠬᠢ ᠰᠢᠷᠦᠭᠦᠨ ᠪᠣᠷᠣᠭᠠᠨ ᠪᠠ ᠲᠠᠶᠢᠹᠧᠩ ᠰᠠᠯᠬᠢ ᠵᠡᠷᠭᠡ ᠨᠢ ᠰᠠᠯᠬᠢᠨ ᠤ ᠳᠠᠷᠤᠯᠲᠠ ᠶᠢ ᠳᠠᠭᠠᠭᠠᠬᠤ ᠴᠢᠨᠠᠷ ᠪᠠ ᠠᠭᠠᠷ ᠤᠨ ᠨᠢᠭᠲᠠ ᠴᠢᠨᠠᠷ ᠢ ᠬᠠᠩᠭᠠᠵᠤ ᠳᠡᠶᠢᠯᠳᠡᠭ᠃       ᠮᠣᠳᠣᠨ ᠬᠢᠴᠡᠳᠡᠢ ᠬᠥᠩᠭᠡᠨᠴᠠᠭᠠᠨ ᠤ ᠴᠣᠩᠬᠤ      ᠮᠣᠳᠣᠨ ᠬᠢᠴᠡᠳᠡᠢ ᠬᠥᠩᠭᠡᠨᠴᠠᠭᠠᠨ ᠤ ᠡᠭᠦᠳᠡ ᠴᠣᠩᠬᠤ ᠪᠣᠯ ᠨᠢᠭᠡ ᠵᠦᠢᠯ ᠤᠨ ᠳᠡᠭᠡᠳᠦ ᠳᠡᠰ ᠤᠨ ᠡᠭᠦᠳᠡ ᠴᠣᠩᠬᠤ ᠶᠢᠨ ᠲᠦᠷᠦᠯ ᠵᠦᠢᠯ ᠪᠣᠯᠣᠨ᠎ᠠ᠂ ᠲᠡᠭᠦᠨ ᠤ ᠭᠤᠣᠯ ᠪᠦᠲᠦᠴᠡ ᠨᠢ ᠢᠯᠴᠢ ᠬᠦᠨᠳᠡᠶᠢᠷᠡᠭᠦᠯᠬᠦ ᠴᠢᠳᠠᠪᠬᠢᠳᠦ ᠬᠥᠩᠭᠡᠨᠴᠠᠭᠠᠨ ᠤ ᠬᠠᠶᠢᠯᠤᠰᠢ ᠪᠣᠯᠣᠨ᠎ᠠ᠂ ᠣᠨᠴᠠᠭᠠᠶ ᠤᠷ᠎ᠠ ᠮᠡᠷᠭᠡᠵᠢᠯ ᠢᠶᠠᠷ ᠴᠣᠩᠬᠤᠨ ᠳᠣᠲᠣᠷ᠎ᠠ ᠨᠢᠭᠡ ᠳᠠᠪᠬᠤᠷᠭ᠎ᠠ ᠴᠢᠨᠠᠷ ᠰᠠᠶᠢᠲᠠᠢ ᠴᠡᠪᠡᠷ ᠮᠣᠳᠣᠨ ᠮᠠᠲ᠋ᠧᠷᠢᠶᠠᠯ ᠢ ᠰᠢᠭᠢᠳᠬᠡᠵᠦ᠂ ᠮᠣᠳᠣᠨ ᠬᠢᠴᠡᠳᠡᠢ ᠬᠥᠩᠭᠡᠨᠴᠠᠭᠠᠨ ᠤ ᠡᠭᠦᠳᠡ ᠴᠣᠩᠬᠤ ᠶᠢ ᠪᠥᠷᠢᠯᠳᠦᠭᠦᠯᠳᠡᠭ᠃ ᠡᠭᠦᠨ ᠤ ᠤᠯᠠᠮ ᠠᠴᠠ ᠮᠣᠳᠣᠨ ᠬᠢᠴᠡᠳᠡᠢ ᠬᠥᠩᠭᠡᠨᠴᠠᠭᠠᠨ ᠤ ᠡᠭᠦᠳᠡ ᠴᠣᠩᠬᠤ ᠶᠢ ᠪᠥᠷᠢᠯᠳᠦᠭᠦᠯᠳᠡᠭ᠃      1. ᠢᠯᠴᠢ ᠶᠢ ᠬᠥᠨᠳᠡᠶᠢᠷᠡᠭᠦᠯᠵᠦ ᠳᠤᠯᠠᠭᠠᠨ ᠢ ᠬᠠᠮᠠᠭᠠᠯᠠᠬᠤ᠄ ᠮᠣᠳᠣᠨ ᠬᠢᠴᠡᠳᠡᠢ ᠬᠥᠩᠭᠡᠨ ᠴᠠᠭᠠᠨ ᠤ ᠡᠭᠦᠳᠡ ᠴᠣᠩᠬᠤ ᠳᠤ ᠢᠯᠴᠢ ᠬᠦᠨᠳᠠᠷᠡᠶᠢᠭᠦᠯᠬᠦ ᠴᠢᠳᠠᠪᠬᠢᠳᠦ ᠬᠦᠩᠭᠡᠨᠴᠠᠭᠠᠨ ᠢ ᠬᠡᠷᠡᠭᠯᠡᠵᠦ᠂ ᠬᠥᠩᠭᠡᠨ ᠴᠠᠭᠠᠨ ᠤ ᠬᠠᠶᠢᠯᠤᠰᠢ ᠶᠢᠨ ᠤᠤᠯ ᠤᠨ ᠥᠨᠳᠥᠷ ᠢᠯᠴᠢ ᠳᠠᠮᠵᠢᠭᠤᠯᠬᠤ ᠨᠤᠷᠮ᠎ᠠ ᠶᠢ ᠲᠡᠪᠴᠢᠬᠦ ᠶᠢᠨ ᠬᠠᠮᠲᠤ ᠬᠥᠩᠭᠡᠨ ᠴᠠᠭᠠᠨ ᠤ ᠬᠠᠶᠢᠯᠤᠰᠢ ᠶᠢᠨ ᠴᠢᠬᠤᠯᠠ ᠴᠢᠳᠠᠪᠬᠢ ᠶᠢ ᠪᠠᠲᠤᠯᠠᠨ᠎ᠠ᠂ ᠵᠢᠱᠢᠶᠡᠯᠡᠪᠡᠯ ᠠᠮᠠᠷᠬᠠᠨ ᠰᠢᠬᠠᠭᠳᠠᠨ ᠬᠡᠪᠰᠢᠭᠦᠯᠬᠦ᠂ ᠪᠣᠯᠪᠠᠰᠤᠷᠠᠭᠤᠯᠬᠤ ᠳᠤ ᠬᠢᠯᠪᠠᠷ᠂ ᠢᠳᠡᠭᠳᠡᠯ ᠢ ᠡᠰᠡᠷᠭᠦᠴᠡᠬᠦ᠂ ᠥᠩᠭᠡ ᠨᠢ ᠭᠤᠶᠤ ᠰᠠᠶᠢᠬᠠᠨ᠂ ᠪᠠᠬᠢᠯᠢᠭ᠌᠂ ᠤᠳᠠᠭᠠᠨ ᠬᠡᠷᠡᠭᠯᠡᠬᠦ ᠳᠤ ᠳᠠᠭᠠᠭᠠᠮᠠᠭᠠᠢ᠂ ᠬᠦᠨᠳᠦ ᠬᠥᠩᠭᠡᠨ᠂ ᠡᠭᠡᠭᠦᠯᠦᠨ ᠬᠤᠷᠢᠶᠠᠵᠤ ᠪᠣᠯᠬᠤ ᠵᠡᠷᠭᠡ ᠪᠣᠯᠣᠨ᠎ᠠ᠃ ᠬᠦᠨᠳᠡᠢ ᠰᠢᠯ ᠪᠣᠯᠣᠨ ᠨᠢᠭᠲᠠ ᠪᠢᠲᠡᠭᠦᠮᠵᠢᠯᠡᠭᠰᠡᠨ ᠮᠠᠲ᠋ᠧᠷᠢᠶᠠᠯ ᠲᠠᠢ ᠤᠶᠠᠯᠳᠤᠭᠤᠯᠤᠨ᠂ ᠮᠣᠳᠣᠨ ᠬᠢᠴᠡᠳᠡᠢ ᠬᠥᠩᠭᠡᠨᠴᠠᠭᠠᠨ ᠤ ᠡᠭᠦᠳᠡ ᠴᠣᠩᠬᠤ ᠨᠢ ᠬᠠᠯᠠᠭᠤᠨ ᠢ ᠬᠥᠨᠳᠡᠶᠢᠷᠡᠭᠦᠯᠵᠦ ᠳᠤᠯᠠᠭᠠᠨ ᠢ ᠬᠠᠮᠠᠭᠠᠯᠠᠨ ᠡᠨᠧᠷᠭᠢ ᠠᠷᠪᠢᠯᠠᠬᠤ ᠴᠢᠳᠠᠪᠤᠷᠢ ᠳᠤ ᠬᠦᠷᠳᠡᠭ᠃      2. ᠴᠢᠮᠡᠭᠯᠡᠯ ᠤᠨ ᠴᠢᠨᠠᠷ ᠢᠶᠠᠷ ᠴᠢᠩᠭ᠎ᠠ᠄ ᠳᠣᠲᠣᠷ ᠴᠢᠮᠡᠭᠯᠡᠯ ᠤᠨ ᠮᠣᠳᠣᠨ ᠮᠠᠲ᠋ᠧᠷᠢᠶᠠᠯ ᠢ ᠵᠣᠴᠢᠨ ᠡᠷᠦᠭᠡ ᠶᠢᠨ ᠱᠠᠭᠠᠷᠳᠠᠯᠭ᠎ᠠ ᠪᠠᠷ ᠰᠣᠩᠭᠤᠵᠤ ᠪᠣᠯᠣᠨ᠎ᠠ᠂ ᠬᠠᠷᠭᠠᠢ ᠮᠣᠳᠣ᠂ ᠴᠠᠷᠠᠰᠤᠨ ᠮᠣᠳᠣ ᠶᠢ ᠬᠡᠷᠡᠭᠯᠡᠵᠦ ᠪᠣᠯᠬᠤ ᠮᠥᠷᠲᠡᠭᠡᠨ ᠨᠡᠩ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠲᠦᠭᠡᠭᠳᠡᠬᠦᠨ ᠤ ᠰᠢᠷᠬᠡᠭᠯᠢᠭ ᠤᠨ ᠠᠪᠴᠢᠮᠠᠯ ᠮᠣᠳᠣ ᠶᠢ ᠬᠡᠷᠡᠭᠯᠡᠵᠦ᠂ ᠪᠠᠶᠢᠭᠠᠯᠢ ᠶᠢᠨ ᠡᠶ᠎ᠡ ᠵᠣᠬᠢᠴᠠᠯ ᠢ ᠢᠯᠡᠷᠡᠭᠦᠯᠦᠨ᠂ ᠡᠬᠡ ᠪᠠᠶᠢᠭᠠᠯᠢ ᠶᠢᠨ ᠦᠨᠦᠷ ᠠᠮᠲᠠ ᠪᠠᠷ ᠪᠢᠯᠬᠠᠮ᠎ᠠ ᠪᠠᠶᠢᠳᠠᠭ᠃ ᠭᠠᠳᠠᠭᠠᠳᠤ ᠬᠥᠩᠭᠡᠨᠴᠠᠭᠠᠨ ᠢ ᠹᠯᠣᠷᠲᠤ ᠨᠡᠭᠦᠷᠡᠰᠦᠲᠥ᠋ᠷᠥᠭᠴᠢ ᠪᠤᠶᠤ ᠲᠠᠶᠢᠪᠤᠩ ᠴᠠᠬᠢᠯᠭᠠᠨ ᠢᠶᠠᠷ ᠰᠦᠷᠴᠢᠨ ᠲᠦᠷᠬᠢᠬᠦ᠂ ᠴᠠᠬᠢᠯᠭᠠᠨ ᠱᠤᠮᠪᠠᠯᠲᠠ ᠬᠢᠬᠦ ᠵᠡᠷᠭᠡ ᠠᠷᠭ᠎ᠠ ᠪᠠᠷ ᠰᠢᠢᠳᠪᠦᠷᠢᠯᠡᠵᠦ ᠪᠣᠯᠣᠨ᠎ᠠ᠂ ᠪᠦᠲᠦᠴᠡ ᠨᠢ ᠪᠠᠲᠤ ᠪᠠᠬᠢ ᠮᠥᠷᠲᠡᠭᠡᠨ ᠦᠵᠡᠮᠵᠢᠲᠡᠢ ᠪᠥᠭᠡᠳ ᠡᠪᠯᠢᠭ ᠰᠠᠶᠢᠬᠠᠨ ᠪᠠᠶᠢᠳᠠᠭ᠃      3. ᠥᠩᠭᠡ ᠪᠤᠳᠤᠭ ᠤᠨ ᠵᠣᠬᠢᠴᠠᠯᠳᠤᠯ ᠲᠠᠢ᠄ ᠮᠣᠳᠣᠨ ᠬᠢᠴᠡᠳᠡᠢ ᠬᠥᠩᠭᠡᠨᠴᠠᠭᠠᠨ ᠤ ᠡᠭᠦᠳᠡ ᠴᠣᠩᠬᠤᠨ ᠤ ᠭᠠᠳᠠᠨᠠᠬᠢ ᠳᠤᠯᠠᠭᠠᠨ ᠢ ᠬᠠᠳᠠᠭᠠᠯᠠᠬᠤ ᠮᠠᠲ᠋ᠧᠷᠢᠶᠠᠯ ᠢ ᠱᠠᠭᠠᠷᠳᠠᠯᠭ᠎ᠠ ᠶᠢ ᠦᠨᠳᠦᠰᠦᠯᠡᠨ ᠠᠳᠠᠯᠢ ᠪᠤᠰᠤ ᠥᠩᠭᠡ ᠪᠠᠷ ᠪᠣᠯᠪᠠᠰᠤᠷᠠᠭᠤᠯᠵᠤ᠂ ᠭᠡᠷ ᠤᠨ ᠭᠠᠳᠠᠨᠠᠬᠢ ᠮᠠᠲ᠋ᠧᠷᠢᠶᠠᠯ ᠢ ᠪᠠᠷᠢᠯᠭ᠎ᠠ ᠶᠢᠨ ᠭᠠᠳᠠᠷ ᠬᠡᠷᠡᠮ ᠤᠨ ᠴᠢᠮᠡᠭᠯᠡᠯ ᠲᠠᠢ ᠨᠢᠭᠡᠳᠦᠯᠲᠡᠢ ᠪᠣᠯᠭᠠᠨ᠎ᠠ᠃ ᠭᠡᠷ ᠳᠣᠲᠣᠷ᠎ᠠ ᠪᠠᠨ ᠠᠳᠠᠯᠢ ᠪᠤᠰᠤ ᠮᠠᠲ᠋ᠧᠷᠢᠶᠠᠯ ᠤᠨ ᠴᠡᠪᠡᠷ ᠮᠣᠳᠣ ᠶᠢ ᠰᠣᠩᠭᠤᠵᠤ ᠪᠠᠷᠢᠯᠭ᠎ᠠ ᠶᠢᠨ ᠳᠣᠲᠣᠷ᠎ᠠ ᠬᠡᠷᠡᠭᠯᠡᠵᠦ᠂ ᠵᠠᠰᠠᠯ ᠴᠢᠮᠡᠭᠯᠡᠯ ᠤᠨ ᠥᠩᠭᠡ ᠪᠤᠳᠤᠭ ᠤᠨ ᠵᠣᠬᠢᠴᠠᠯᠳᠤᠯ ᠨᠢ ᠡᠭᠦᠳᠡ ᠴᠣᠩᠬᠤᠨ ᠤ ᠵᠠᠰᠠᠯ ᠴᠢᠮᠡᠭᠯᠡᠯ ᠤᠨ ᠦᠷ᠎ᠡ ᠳ᠋ᠦᠩ ᠢ ᠤᠯᠠᠮ ᠨᠢᠭᠡ ᠠᠯᠬᠤᠮ ᠨᠡᠮᠡᠭᠳᠡᠭᠦᠯᠳᠡᠭ᠃ ᠡᠨᠡ ᠨᠢ ᠭᠡᠷ ᠳᠣᠲᠣᠷ᠎ᠠ ᠪᠠᠨ ᠠᠳᠠᠯᠢ ᠪᠤᠰᠤ ᠮᠠᠲ᠋ᠧᠷᠢᠶᠠᠯ ᠤᠨ ᠴᠡᠪᠡᠷ ᠮᠣᠳᠣ ᠶᠢ ᠰᠣᠩᠭᠤᠵᠤ ᠪᠠᠷᠢᠯᠭ᠎ᠠ ᠶᠢᠨ ᠳᠣᠲᠣᠷ᠎ᠠ ᠬᠡᠷᠡᠭᠯᠡᠵᠦ ᠪᠣᠯᠬᠤ ᠪᠥᠭᠡᠳ ᠵᠠᠰᠠᠯ ᠴᠢᠮᠡᠭᠯᠡᠯ ᠤᠨ ᠥᠩᠭᠡ ᠪᠤᠳᠤᠭ ᠤᠨ ᠵᠣᠬᠢᠴᠠᠯᠳᠤᠯ ᠪᠣᠯᠣᠨ᠎ᠠ᠃      4. ᠬᠦᠴᠦᠯᠡᠴᠡ ᠨᠢ ᠥᠨᠳᠥᠷ᠄ ᠮᠣᠳᠣᠨ ᠬᠢᠴᠡᠳᠡᠢ ᠬᠥᠩᠭᠡᠨ ᠴᠠᠭᠠᠨ ᠤ ᠡᠭᠦᠳᠡ ᠴᠣᠩᠬᠤ ᠶᠢ ᠬᠥᠩᠭᠡᠨ ᠴᠠᠭᠠᠨ ᠤ ᠬᠠᠶᠢᠯᠤᠰᠢ ᠶᠢᠨ ᠮᠠᠲ᠋ᠧᠷᠢᠶᠠᠯ ᠢᠶᠠᠷ ᠲᠡᠭᠦᠨ ᠤ ᠬᠦᠴᠦᠯᠡᠴᠡ ᠶᠢᠨ ᠴᠢᠳᠠᠪᠬᠢ ᠶᠢ ᠪᠠᠲᠤᠯᠠᠵᠤ᠂ ᠪᠢᠲᠡᠭᠦᠮᠵᠢᠯᠡᠭᠰᠡᠨ ᠬᠥᠨᠳᠡᠯᠡᠨ ᠣᠭᠲᠣᠯᠣᠭᠠᠰᠤ ᠭᠠᠳᠠᠷᠭᠤ ᠳᠤ ᠰᠠᠭᠤᠷᠢᠯᠠᠭᠤᠯᠤᠨ᠂ ᠵᠠᠯᠭᠠᠭᠤᠷ ᠢ ᠬᠠᠪᠴᠢᠭᠤᠯᠤᠨ ᠣᠷᠣᠭᠤᠯᠬᠤ ᠪᠠ ᠰᠢᠬᠠᠨ ᠬᠡᠪᠰᠢᠭᠦᠯᠬᠦ ᠮᠡᠷᠭᠡᠵᠢᠯ ᠢᠶᠠᠷ ᠤᠭᠰᠠᠷᠠᠵᠤ ᠪᠦᠲᠦᠭᠡᠨ᠎ᠡ᠃ ᠬᠥᠩᠭᠡᠨ ᠴᠠᠭᠠᠨ ᠤ ᠮᠣᠳᠣᠨ ᠰᠢᠭᠢᠳᠬᠡᠮᠡᠯ ᠨᠢ ᠨᠠᠭᠠᠯᠳᠤᠨ ᠵᠠᠯᠭᠠᠬᠤ ᠮᠠᠰ ᠠᠴᠠ ᠪᠣᠯᠵᠤ ᠴᠣᠩᠬᠤᠨ ᠤ ᠬᠦᠴᠦᠯᠡᠴᠡ ᠶᠢ ᠨᠥᠯᠥᠭᠡᠯᠡᠬᠦ ᠦᠭᠡᠢ᠂ ᠪᠦᠬᠦ᠋ᠢᠯᠡ ᠴᠣᠩᠬᠤᠨ ᠤ ᠮᠧᠬᠠᠨᠢᠭ ᠤᠨ ᠬᠦᠴᠦᠯᠡᠴᠡ ᠨᠢ ᠥᠨᠳᠥᠷ᠂ ᠬᠠᠲᠠᠭᠤ ᠴᠢᠨᠠᠷ ᠨᠢ ᠰᠠᠶᠢᠨ ᠪᠠᠶᠢᠳᠠᠭ᠃      5. ᠲᠠᠭᠤ ᠬᠥᠨᠳᠡᠶᠢᠷᠡᠭᠦᠯᠬᠦ ᠦᠢᠯᠡᠳᠦᠯ ᠨᠢ ᠰᠠᠶᠢᠨ᠄ ᠬᠦᠨᠳᠡᠢ ᠬᠥᠩᠭᠡᠨ ᠴᠠᠭᠠᠨ ᠤ ᠡᠭᠦᠳᠡ ᠴᠣᠩᠬᠤ ᠶᠢᠨ ᠨᠢᠭᠲᠠ ᠪᠢᠲᠡᠭᠦᠮᠵᠢᠯᠡᠭᠰᠡᠨ ᠪᠦᠲᠦᠴᠡ᠂ ᠳᠡᠭᠡᠷ᠎ᠡ ᠨᠢ ᠬᠦᠨᠳᠡᠢ ᠰᠢᠯ ᠢ ᠬᠡᠷᠡᠭᠯᠡᠪᠡᠯ᠂ ᠲᠠᠭᠤ ᠱᠦᠦᠭᠢᠶᠠᠨ ᠤ ᠨᠡᠪᠲᠡᠷᠡᠬᠦ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃      6. ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠄ ᠮᠣᠳᠣᠨ ᠬᠢᠴᠡᠳᠡᠢ ᠬᠥᠩᠭᠡᠨᠴᠠᠭᠠᠨ ᠤ ᠡᠭᠦᠳᠡ ᠴᠣᠩᠬᠤ ᠨᠢ ᠦᠢᠯᠡᠳᠪᠦᠷᠢᠯᠡᠯ ᠤᠨ ᠶᠠᠪᠤᠴᠠ ᠳᠤ ᠬᠤᠣᠷ ᠬᠥᠨᠥᠭᠡᠯ ᠲᠠᠢ ᠪᠣᠳᠠᠰ ᠡᠭᠦᠰᠬᠦ ᠦᠭᠡᠢ ᠮᠥᠷᠲᠡᠭᠡᠨ ᠡᠭᠡᠭᠦᠯᠦᠨ ᠬᠤᠷᠢᠶᠠᠵᠤ ᠳᠠᠬᠢᠨ ᠠᠰᠢᠭᠯᠠᠵᠤ ᠪᠣᠯᠣᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠠ ᠪᠠᠷᠢᠯᠭ᠎ᠠ ᠶᠢᠨ ᠮᠠᠲ᠋ᠧᠷᠢᠶᠠᠯ ᠤᠨ ᠦᠷᠭᠦᠯᠵᠢᠯᠡᠬᠦ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠨᠢᠭᠡ ᠵᠦᠢᠯ ᠤᠨ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠪᠤᠯᠤᠨ᠎ᠠ᠃ ᠢᠷᠡᠯᠳᠡ᠄ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1