ᠥᠮᠴᠢᠲᠡᠨ ᠤᠷᠤᠨ ᠰᠠᠭᠤᠴᠠ ᠶᠢᠨ ᠲᠣᠭᠤᠷᠢᠭ ᠲᠤ ᠲᠡᠷᠭᠡᠨ ᠵᠣᠭᠰᠣᠭᠠᠯ ᠢ ᠥᠭᠡᠷᠡᠴᠢᠯᠡᠨ ᠪᠠᠶᠢᠭᠤᠯᠬᠤ ᠳᠤ ᠥᠮᠴᠢᠯᠡᠯ ᠤᠨ ᠡᠷᠬᠡ ᠨᠢ ᠬᠡᠨ ᠳᠤ ᠬᠠᠷᠢᠶᠠᠯᠠᠭᠳᠠᠬᠤ ᠪᠤᠢ︖
ᠨᠡᠶᠢᠲᠡᠯᠡᠭᠰᠡᠨ ᠴᠠᠭ᠄
2025/2/26
      ᠤᠷᠤᠨ ᠰᠠᠭᠤᠴᠠ ᠶᠢᠨ ᠲᠣᠭᠤᠷᠢᠭ ᠤᠨ ᠰᠠᠭᠤᠭᠠᠯᠢ ᠡᠷᠦᠬᠡ ᠬᠠᠮᠲᠤ ᠪᠠᠷ ᠵᠣᠭᠤᠰ ᠭᠠᠷᠭᠠᠵᠤ ᠤᠷᠤᠨ ᠰᠠᠭᠤᠴᠠ ᠶᠢᠨ ᠲᠣᠭᠤᠷᠢᠭ ᠤᠨ ᠤᠯᠠᠨ ᠨᠡᠶᠢᠲᠡ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠲᠡᠷᠭᠡᠨ ᠵᠤᠭᠰᠤᠭᠠᠯ ᠨᠡᠮᠡᠨ ᠪᠠᠶᠢᠭᠤᠯᠪᠠ᠂ ᠭᠡᠪᠡᠴᠦ ᠲᠡᠭᠦᠨ ᠢ ᠳᠠᠭᠠᠯᠳᠤᠨ ᠤᠭᠰᠠᠷᠠᠭᠰᠠᠨ ᠡᠭᠦᠳᠡᠨ ᠬᠠᠭᠠᠯᠲᠠ ᠶᠢᠨ ᠰᠢᠰᠲ᠋ᠧᠮ  ᠨᠢ ᠬᠠᠷᠢᠨ ᠴᠧᠨ ᠤᠪᠤᠭᠳᠤ ᠶᠢᠨ ᠲᠡᠷᠭᠡ ᠶᠢᠨ ᠤᠷᠤᠨ ᠰᠠᠭᠤᠴᠠ ᠶᠢᠨ ᠲᠣᠭᠤᠷᠢᠭ ᠲᠤ ᠣᠷᠣᠬᠤ ᠶᠢ ᠬᠤᠷᠢᠭᠯᠠᠭᠰᠠᠨ ᠪᠠᠶᠢᠨ᠎ᠠ᠃ ᠣᠶᠢᠷ᠎ᠠ ᠳᠤ᠂ ᠴᠦᠩᠴᠢᠩ ᠬᠤᠲᠠ ᠶᠢᠨ ᠲᠦᠩ ᠨᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠡᠨᠡ ᠤᠳᠠᠭᠠᠨ ᠤ ᠬᠠᠷᠰᠢ ᠰᠠᠭᠠᠳ ᠢ ᠠᠷᠢᠯᠭᠠᠭᠰᠠᠨ ᠵᠢᠭᠤᠷᠠᠯᠳᠤᠭᠠᠨ ᠤ ᠬᠡᠷᠡᠭ ᠲᠤ ᠲᠠᠰᠤᠯᠤᠯᠲᠠ ᠭᠠᠷᠭᠠᠵᠤ᠂ ᠴᠧᠨ ᠤᠪᠤᠭᠳᠤ ᠰᠠᠭᠤᠭᠠᠯᠢ ᠡᠷᠦᠬᠡ ᠶᠢᠨ ᠲᠡᠷᠭᠡᠨ ᠵᠤᠭᠰᠤᠭᠠᠯ ᠳᠤ ᠬᠠᠮᠲᠤ ᠶᠢᠨ ᠥᠮᠴᠢᠯᠡᠯ ᠤᠨ ᠡᠷᠬᠡ ᠲᠠᠢ ᠭᠡᠵᠦ ᠨᠤᠲᠠᠯᠠᠭᠰᠠᠨ ᠪᠥᠭᠡᠳ ᠲᠡᠷᠭᠡᠨ ᠵᠤᠭᠰᠤᠭᠠᠯ ᠤᠨ ᠥᠭᠡᠷᠡᠴᠢᠯᠡᠯᠲᠡ ᠪᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠯᠢᠦ ᠤᠪᠤᠭᠳᠤ ᠵᠡᠷᠭᠡ ᠭᠤᠷᠪᠠᠨ ᠬᠥᠮᠥᠨ ᠢ ᠠᠷᠭ᠎ᠠ ᠬᠡᠮᠵᠢᠶ᠎ᠡ ᠠᠪᠴᠤ ᠴᠧᠨ ᠤᠪᠤᠭᠳᠤ ᠶᠢ ᠬᠠᠪᠰᠤᠷᠤᠨ ᠤᠷᠤᠨ ᠰᠠᠭᠤᠴᠠ ᠶᠢᠨ ᠲᠣᠭᠤᠷᠢᠭ ᠲᠤ ᠲᠡᠷᠭᠡ ᠵᠣᠭᠰᠤᠭᠠᠬᠤ ᠪᠠᠷ ᠰᠢᠭᠦᠨ ᠲᠡᠰᠦᠯᠵᠡᠶ᠃      ᠴᠧᠨ ᠤᠪᠤᠭᠳᠤ ᠨᠢᠭᠡᠨ ᠤᠷᠤᠨ ᠰᠠᠭᠤᠴᠠ ᠶᠢᠨ ᠲᠣᠭᠤᠷᠢᠭ ᠲᠤ ᠨᠢᠭᠡ ᠳᠡᠯᠭᠡᠭᠦᠷ ᠲᠦᠷᠢᠶᠡᠰᠦᠯᠡᠨ ᠵᠢᠵᠢᠭ ᠢᠳᠡᠭᠡᠨ ᠤ ᠳᠡᠯᠭᠡᠭᠦᠷ ᠡᠵᠡᠩᠨᠡᠵᠦ ᠪᠠᠶᠢᠨ᠎ᠠ᠃ ᠴᠧᠨ ᠤᠪᠤᠭᠳᠤ ᠪᠡᠶ᠎ᠡ ᠮᠠᠬᠠᠪᠤᠳ ᠤᠨ ᠰᠢᠯᠲᠠᠭᠠᠨ ᠠᠴᠠ ᠪᠣᠯᠵᠤ ᠤᠷᠲᠤ ᠬᠤᠭᠤᠴᠠᠭ᠎ᠠ ᠪᠠᠷ ᠶᠠᠪᠤᠵᠤ ᠴᠢᠳᠠᠬᠤ ᠦᠭᠡᠢ᠂ ᠡᠳᠦᠷ ᠲᠤᠲᠤᠮ ᠤᠨ ᠶᠠᠪᠤᠵᠤ ᠰᠠᠭᠤᠬᠤ ᠳᠠᠭᠠᠨ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠲᠦᠰᠢᠭᠯᠡᠳᠡᠭ᠃ ᠳᠡᠯᠭᠡᠭᠦᠷ ᠡᠵᠡᠩᠨᠡᠵᠦ ᠪᠠᠶᠢᠬᠤ ᠬᠤᠭᠤᠴᠠᠭᠠᠨ ᠳᠠᠭᠠᠨ ᠴᠧᠨ ᠤᠪᠤᠭᠳᠤ ᠲᠡᠷᠭᠡ ᠪᠠᠨ ᠤᠷᠤᠨ ᠰᠠᠭᠤᠴᠠ ᠶᠢᠨ ᠲᠣᠭᠤᠷᠢᠭ ᠤᠨ ᠳᠣᠲᠣᠷᠠᠬᠢ ᠨᠡᠶᠢᠲᠡ ᠶᠢᠨ ᠲᠣᠭᠤᠷᠢᠭ ᠲᠤ ᠵᠣᠭᠰᠣᠭᠠᠳᠠᠭ᠃      ᠨᠢᠭᠡᠨ ᠤᠷᠤᠨ ᠰᠠᠭᠤᠴᠠ ᠶᠢᠨ ᠲᠤᠭᠤᠷᠢᠭ ᠪᠣᠯ ᠬᠤᠳᠠᠯᠳᠤᠭ᠎ᠠ ᠪᠠ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ᠬᠠᠭᠤᠴᠢᠨ ᠤᠷᠤᠨ ᠰᠠᠭᠤᠴᠠ ᠶᠢᠨ ᠲᠤᠭᠤᠷᠢᠭ ᠪᠣᠯᠬᠤᠷ ᠲᠡᠷᠭᠡᠨ ᠤ ᠪᠠᠶᠢᠷᠢ ᠶᠢ ᠲᠥᠯᠥᠪᠯᠡᠭᠰᠡᠨ ᠢᠶᠠᠷ ᠨᠡᠯᠢᠶᠡᠳ ᠴᠥᠭᠡᠨ᠃ ᠲᠡᠷᠭᠡ ᠵᠣᠭᠰᠣᠬᠤ ᠬᠦᠴᠢᠷᠳᠡᠯ ᠢ ᠨᠠᠮᠳᠠᠭᠤᠯᠬᠤ ᠶᠢᠨ ᠲᠥᠯᠥᠭᠡ᠂ ᠯᠢᠦ ᠤᠪᠤᠭᠳᠤ ᠵᠡᠷᠭᠡ 3 ᠬᠥᠮᠥᠨ ᠪᠤᠰᠤᠳ ᠣᠷᠣᠨ ᠰᠠᠭᠤᠴᠠ ᠶᠢᠨ ᠲᠤᠭᠤᠷᠢᠭ ᠤᠨ ᠥᠮᠴᠢᠲᠡᠨ ᠢ ᠵᠣᠬᠢᠶᠠᠨ ᠪᠠᠶᠢᠭᠤᠯᠵᠤ᠂ ᠲᠡᠷᠭᠡ ᠪᠦᠷᠢ ᠠᠴᠠ 600 ᠲᠥᠭᠦᠷᠢᠭ ᠤᠨ ᠪᠠᠷᠢᠮᠵᠢᠶ᠎ᠠ ᠪᠠᠷ ᠪᠡᠯᠡ ᠮᠥᠩᠭᠦ ᠴᠤᠭᠯᠠᠭᠤᠯᠵᠤ᠂ ᠤᠷᠤᠨ ᠰᠠᠭᠤᠴᠠ ᠶᠢᠨ ᠲᠣᠭᠤᠷᠢᠭ ᠤᠨ ᠳᠣᠲᠣᠷᠠᠬᠢ ᠲᠣᠭᠤᠷᠢᠭ ᠢ ᠥᠭᠡᠷᠡᠴᠢᠯᠡᠨ ᠵᠠᠰᠠᠵᠤ᠂ ᠲᠡᠷᠭᠡᠨ ᠵᠤᠭᠰᠤᠭᠠᠯ ᠨᠡᠮᠡᠨ ᠪᠠᠶᠢᠭᠤᠯᠵᠤ᠂ ᠡᠭᠦᠳᠡᠨ ᠳᠤ ᠡᠭᠦᠳᠡᠨ ᠬᠠᠭᠠᠯᠲᠠ ᠲᠠᠭᠠᠷᠠᠭᠤᠯᠵᠤ᠂ ᠪᠡᠯᠡ ᠮᠥᠩᠭᠦ ᠴᠤᠭᠯᠠᠭᠤᠯᠬᠤ ᠳᠤ ᠣᠷᠣᠯᠴᠠᠭᠰᠠᠨ ᠦᠭᠡᠢ ᠲᠡᠷᠭᠡ ᠶᠢ ᠤᠷᠤᠨ ᠰᠠᠭᠤᠴᠠ ᠶᠢᠨ ᠲᠣᠭᠤᠷᠢᠭ ᠲᠤ ᠣᠷᠣᠭᠤᠯᠬᠤ ᠶᠢ ᠬᠢᠵᠠᠭᠠᠷᠯᠠᠪᠠ᠃      ᠲᠡᠷᠭᠡᠨ ᠵᠣᠭᠰᠣᠭᠠᠯ ᠢ ᠥᠭᠡᠷᠡᠴᠢᠯᠡᠭᠰᠡᠨ ᠤ ᠲᠠᠷᠠᠭ᠎ᠠ᠂ ᠴᠧᠨ ᠤᠪᠤᠭᠳᠤ ᠭᠡᠷ ᠤᠨ ᠡᠵᠡᠨ ᠢᠶᠠᠷ ᠳᠠᠮᠵᠢᠭᠤᠯᠤᠨ ᠯᠢᠦ ᠤᠪᠤᠭᠳᠤ ᠵᠡᠷᠭᠡ ᠭᠤᠷᠪᠠᠨ ᠬᠥᠮᠥᠨ ᠳᠤ 600 ᠲᠥᠭᠦᠷᠢᠭ ᠤᠨ ᠲᠡᠷᠭᠡ ᠵᠣᠭᠰᠤᠭᠠᠬᠤ ᠰᠦᠢᠳᠬᠡᠯ ᠲᠤᠰᠢᠶᠠᠭᠰᠠᠨ ᠪᠣᠯᠪᠠᠴᠤ ᠯᠢᠦ  ᠤᠪᠤᠭᠳᠤ ᠵᠡᠷᠭᠡ ᠭᠤᠷᠪᠠᠨ ᠬᠥᠮᠥᠨ ᠨᠢ ᠣᠷᠣᠨ ᠰᠠᠭᠤᠴᠠ ᠶᠢᠨ ᠥᠮᠴᠢᠲᠡᠨ ᠲᠦᠷᠢᠶᠡᠰᠦᠨ ᠡᠷᠦᠬᠡ ᠶᠢᠨ ᠮᠠᠰᠢᠨ ᠲᠡᠷᠭᠡ ᠶᠢ ᠤᠷᠤᠨ ᠰᠠᠭᠤᠴᠠ ᠶᠢᠨ ᠲᠣᠭᠤᠷᠢᠭ ᠲᠤ ᠣᠷᠣᠭᠤᠯᠬᠤ ᠶᠢ ᠵᠥᠪᠰᠢᠶᠡᠷᠡᠬᠦ ᠦᠭᠡᠢ ᠭᠡᠰᠡᠨ ᠰᠢᠯᠲᠠᠭ ᠢᠶᠠᠷ ᠪᠤᠴᠠᠭᠠᠵᠠᠢ᠃ ᠲᠤᠰ ᠵᠢᠯ ᠤᠨ 7 ᠳ᠋ᠤᠭᠠᠷ ᠰᠠᠷ᠎ᠠ ᠳᠤ᠂ ᠴᠧᠨ ᠤᠪᠤᠭᠳᠤ ᠬᠤᠳᠠᠯᠳᠤᠭᠠᠨ ᠤ ᠫᠦᠰᠡ ᠪᠠᠨ ᠬᠤᠳᠠᠯᠳᠤᠨ ᠠᠪᠤᠭᠠᠳ ᠤᠷᠤᠨ ᠰᠠᠭᠤᠴᠠ ᠶᠢᠨ ᠲᠣᠭᠤᠷᠢᠭ ᠲᠤ ᠣᠷᠣᠵᠤ ᠲᠡᠷᠭᠡ ᠪᠠᠨ ᠵᠣᠭᠰᠤᠭᠠᠬᠤ ᠪᠠᠷ ᠱᠠᠭᠠᠷᠳᠠᠭᠰᠠᠨ ᠳᠤ ᠯᠢᠦ ᠤᠪᠤᠭᠳᠤ ᠵᠡᠷᠭᠡ ᠭᠤᠷᠪᠠᠨ ᠬᠥᠮᠥᠨ ᠳᠤ ᠬᠤᠳᠠᠯᠳᠤᠭᠠᠨ ᠤ ᠫᠦᠰᠡ ᠨᠢ ᠡᠵᠡᠩᠨᠡᠯᠲᠡ ᠶᠢᠨ ᠰᠢᠨᠵᠢ ᠴᠢᠨᠠᠷ ᠲᠠᠢ᠂ ᠲᠡᠷᠭᠡ ᠵᠣᠭᠰᠣᠬᠤ ᠰᠦᠢᠳᠬᠡᠯ ᠢ ᠰᠠᠷ᠎ᠠ ᠪᠦᠷᠢ ᠶᠢᠨ 800 ᠲᠥᠭᠦᠷᠢᠭ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ ᠭᠡᠵᠦ ᠮᠡᠳᠡᠭᠳᠡᠵᠡᠢ᠃ ᠬᠤᠶᠠᠷ ᠲᠠᠯ᠎ᠠ ᠪᠠᠷ ᠢᠶᠠᠨ ᠤᠯᠠᠨ ᠤᠳᠠᠭ᠎ᠠ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠴᠧᠨ ᠤᠪᠤᠭᠳᠤ ᠰᠢᠭᠦᠬᠦ ᠬᠤᠷᠢᠶᠠᠨ ᠳᠤ ᠵᠠᠭᠠᠯᠳᠤᠵᠤ᠂ ᠯᠢᠦ ᠤᠪᠤᠭᠳᠤ ᠵᠡᠷᠭᠡ ᠭᠤᠷᠪᠠᠨ ᠬᠥᠮᠥᠨ ᠢ ᠰᠠᠭᠠᠳ ᠲᠣᠳᠬᠠᠷ ᠢ ᠠᠷᠢᠯᠭᠠᠭᠤᠯᠵᠤ᠂ ᠥᠪᠡᠷ ᠤᠨ ᠮᠠᠰᠢᠨ ᠲᠡᠷᠭᠡ ᠪᠠᠨ ᠦᠨ᠎ᠡ ᠲᠥᠯᠥᠪᠦᠷᠢ ᠦᠭᠡᠢ ᠪᠠᠷ ᠣᠷᠣᠭᠤᠯᠬᠤ ᠶᠢ ᠨᠢ ᠵᠥᠪᠰᠢᠶᠡᠷᠡᠭᠦᠯᠬᠦ ᠲᠠᠰᠤᠯᠤᠯᠳᠡ ᠭᠠᠷᠭᠠᠭᠤᠯᠬᠤ ᠪᠠᠷ ᠰᠢᠭᠦᠬᠦ ᠬᠤᠷᠢᠶᠠᠨ ᠳᠤ ᠭᠤᠶᠤᠴᠢᠯᠠᠵᠠᠢ᠃      ᠰᠢᠭᠦᠬᠦ ᠬᠤᠷᠢᠶ᠎ᠠ ᠰᠢᠭᠦᠭᠰᠡᠨ ᠤ ᠲᠠᠷᠠᠭ᠎ᠠ᠂ ᠯᠢᠦ ᠤᠪᠤᠭᠳᠤ ᠵᠡᠷᠭᠡ ᠭᠤᠷᠪᠠᠨ ᠬᠥᠮᠥᠨ ᠰᠠᠨᠠᠭᠠᠴᠢᠯᠠᠭ᠎ᠠ ᠠᠴᠠ ᠪᠠᠨ ᠪᠡᠯᠡ ᠮᠥᠩᠭᠦ ᠵᠣᠬᠢᠶᠠᠨ ᠪᠠᠶᠢᠭᠤᠯᠵᠤ ᠪᠠᠶᠢᠭᠠᠳ ᠲᠡᠷᠭᠡᠨ ᠵᠣᠭᠰᠣᠭᠠᠯ ᠢ ᠥᠭᠡᠷᠡᠴᠢᠯᠡᠵᠦ᠂ ᠥᠮᠴᠢᠲᠡᠨ ᠤ ᠲᠡᠷᠭᠡ ᠵᠣᠭᠰᠣᠬᠤ ᠬᠦᠴᠢᠷ ᠠᠰᠠᠭᠤᠳᠠᠯ ᠢ ᠪᠦᠲᠦᠮᠵᠢᠲᠡᠶ ᠪᠠᠷ ᠨᠠᠮᠳᠠᠭᠤᠯᠵᠤ᠂ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠡᠢ᠂ ᠡᠨᠡ ᠬᠦ ᠠᠵᠢᠯᠯᠠᠭ᠎ᠠ ᠨᠢ ᠪᠤᠰᠤᠳ ᠬᠥᠮᠥᠨ ᠳᠤ ᠠᠰᠢᠭᠲᠠᠢ ᠮᠥᠷᠲᠡᠭᠡᠨ ᠥᠪᠡᠷ ᠤᠨ ᠪᠡᠶ᠎ᠡ ᠳᠤᠨᠢ ᠴᠦ ᠠᠰᠢᠭᠲᠠᠢ ᠶᠤᠮ᠂ ᠡᠭᠦᠨ ᠢ ᠨᠤᠲᠠᠯᠠᠭᠤᠰᠢᠲᠠᠢ᠃ ᠴᠧᠨ ᠤᠪᠤᠭᠳᠤ ᠬᠤᠳᠠᠯᠳᠤᠭᠠᠨ ᠤ ᠫᠦᠰᠡ ᠶᠢᠨ ᠥᠮᠴᠢᠯᠡᠯ ᠤᠨ ᠡᠷᠬᠡᠲᠦ ᠬᠥᠮᠥᠨ ᠪᠣᠯᠤᠭᠰᠠᠨ ᠤ ᠬᠤᠪᠢ ᠳᠤ᠂ ᠣᠷᠣᠨ ᠰᠠᠭᠤᠴᠠ ᠶᠢᠨ ᠥᠮᠴᠢᠲᠡᠨ ᠲᠠᠢ ᠠᠳᠠᠯᠢ ᠲᠡᠭᠰᠢ ᠡᠷᠬᠡ ᠶᠢ ᠡᠳ᠋ᠯᠡᠵᠦ᠂ ᠤᠷᠤᠨ ᠰᠠᠭᠤᠴᠠ ᠶᠢᠨ ᠲᠣᠭᠤᠷᠢᠭ ᠤᠨ ᠲᠡᠷᠭᠡᠨ ᠵᠣᠭᠰᠣᠭᠠᠯ ᠢ ᠥᠭᠡᠷᠡᠴᠢᠯᠡᠬᠦ ᠳᠤ ᠬᠠᠮᠲᠤ ᠶᠢᠨ ᠥᠮᠴᠢᠯᠡᠯ ᠤᠨ ᠡᠷᠬᠡ ᠶᠢ ᠡᠳ᠋ᠯᠡᠨ᠎ᠡ᠃ ᠣᠷᠣᠨ ᠰᠠᠭᠤᠴᠠ ᠶᠢᠨ ᠥᠮᠴᠢᠲᠡᠨ ᠴᠧᠨ ᠤᠪᠤᠭᠳᠤ ᠶᠢᠨ ᠤᠷᠤᠨ ᠰᠠᠭᠤᠴᠠ ᠶᠢᠨ ᠲᠣᠭᠤᠷᠢᠭ ᠲᠤ ᠣᠷᠣᠵᠤ ᠲᠡᠷᠭᠡ ᠵᠣᠭᠰᠤᠭᠠᠬᠤ ᠶᠢ ᠴᠠᠭᠠᠵᠠᠯᠠᠭᠰᠠᠨ ᠨᠢ ᠴᠧᠨ ᠤᠪᠤᠭᠳᠤ ᠶᠢᠨ ᠪᠣᠳᠠᠰ ᠤᠨ ᠡᠷᠬᠡ ᠳᠤ ᠬᠠᠯᠳᠠᠭᠰᠠᠨ ᠤᠴᠢᠷ ᠠᠴᠠ ᠬᠠᠷᠰᠢ ᠰᠠᠭᠠᠳ ᠢ ᠠᠷᠢᠯᠭᠠᠬᠤ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠲᠤᠰ ᠬᠡᠷᠡᠭ ᠲᠠᠬᠢ ᠲᠡᠷᠭᠡ ᠵᠤᠭᠰᠤᠭᠠᠬᠤ ᠰᠦᠢᠳᠭᠡᠯ ᠪᠣᠯ ᠦᠨᠡᠨ ᠳᠡᠭᠡᠨ ᠣᠷᠣᠨ ᠰᠠᠭᠤᠴᠠ ᠶᠢᠨ ᠥᠮᠴᠢᠲᠡᠨ ᠤ ᠲᠡᠷᠭᠡᠨ ᠵᠣᠭᠰᠣᠭᠠᠯ ᠢ ᠥᠭᠡᠷᠡᠴᠢᠯᠡᠬᠦ ᠪᠠ ᠬᠠᠮᠢᠶᠠᠷᠬᠤ ᠳᠤ ᠵᠠᠷᠤᠴᠠᠭᠤᠯᠤᠭᠰᠠᠨ ᠠᠵᠤ ᠠᠬᠤᠢ ᠶᠢᠨ ᠥᠪᠡᠷ ᠤᠨ ᠦᠷᠲᠡᠭ ᠮᠥᠨ᠂ ᠴᠧᠨ ᠤᠪᠤᠭᠳᠤ ᠲᠡᠷᠭᠡᠨ ᠵᠤᠭᠰᠤᠭᠠᠬᠤ ᠡᠷᠬᠡ ᠡᠳ᠋ᠯᠡᠬᠦ ᠶᠢᠨ ᠬᠠᠮᠲᠤ ᠵᠣᠬᠢᠴᠠᠩᠭᠤᠢ ᠡᠭᠦᠷᠭᠡ ᠶᠢ ᠴᠦ ᠡᠭᠦᠷᠭᠡᠯᠡᠨ᠎ᠡ᠃ ᠴᠧᠨ ᠤᠪᠤᠭᠳᠤ ᠶᠢᠨ ᠲᠡᠷᠭᠡ ᠵᠤᠭᠰᠤᠭᠠᠬᠤ ᠨᠢ ᠣᠨᠴᠠ ᠲᠣᠭᠲᠠᠭᠰᠠᠨ ᠡᠵᠡᠩᠨᠡᠯᠲᠡ ᠶᠢᠨ ᠵᠣᠷᠢᠯᠭ᠎ᠠ ᠠᠴᠠ ᠪᠣᠯᠤᠭᠰᠠᠨ ᠪᠢᠰᠢ᠂ ᠡᠶᠢᠮᠦ ᠠᠴᠠ ᠣᠷᠣᠨ ᠰᠠᠭᠤᠴᠠ ᠶᠢᠨ ᠥᠮᠴᠢᠲᠡᠨ ᠲᠠᠢ ᠠᠳᠠᠯᠢ ᠪᠠᠷ ᠨᠢᠭᠡ ᠯᠡ ᠤᠳᠠᠭ᠎ᠠ ᠳᠤ 600 ᠲᠥᠭᠦᠷᠢᠭ / ᠲᠡᠷᠭᠡ ᠶᠢᠨ ᠪᠠᠷᠢᠮᠵᠢᠶ᠎ᠠ ᠪᠠᠷ ᠲᠡᠷᠭᠡ ᠵᠤᠭᠰᠤᠭᠠᠬᠤ ᠰᠦᠢᠳᠬᠡᠯ ᠢ ᠥᠭᠬᠦ ᠬᠡᠷᠡᠭᠲᠡᠢ ᠃ ᠰᠢᠭᠦᠬᠦ ᠬᠤᠷᠢᠶ᠎ᠠ ᠠᠴᠠ ᠴᠧᠨ ᠤᠪᠤᠭᠳᠤ ᠶᠢ ᠤᠷᠤᠨ ᠰᠠᠭᠤᠴᠠ ᠶᠢᠨ ᠲᠣᠭᠤᠷᠢᠭ ᠲᠤ ᠣᠷᠣᠵᠤ ᠲᠡᠷᠭᠡ ᠪᠠᠨ ᠵᠣᠭᠰᠤᠭᠠᠬᠤ ᠡᠷᠬᠡ ᠲᠠᠢ ᠭᠡᠵᠦ ᠰᠢᠭᠦᠨ ᠲᠠᠰᠤᠯᠤᠭᠰᠠᠨ ᠪᠥᠭᠡᠳ ᠯᠢᠦ ᠤᠪᠤᠭᠳᠤ ᠶᠢ ᠵᠣᠬᠢᠴᠠᠩᠭᠤᠢ ᠠᠷᠭ᠎ᠠ ᠬᠡᠮᠵᠢᠶ᠎ᠡ ᠠᠪᠴᠤ ᠬᠠᠪᠰᠤᠷᠤᠭᠤᠯᠬᠤ ᠪᠠᠷ ᠱᠠᠭᠠᠷᠳᠠᠵᠠᠢ᠃ ᠲᠠᠰᠤᠯᠤᠯᠲᠠ ᠶᠢ ᠨᠡᠶᠢᠲᠡᠯᠡᠭᠰᠡᠨ ᠤ ᠳᠠᠷᠠᠭ᠎ᠠ᠂ ᠬᠤᠶᠠᠷ ᠡᠲᠡᠭᠡᠳ ᠢᠶᠠᠷ ᠢᠶᠠᠨ ᠴᠥᠮ ᠳᠡᠭᠡᠭᠰᠢ ᠵᠠᠭᠠᠯᠳᠤᠭᠰᠠᠨ ᠦᠭᠡᠢ ᠪᠣᠯᠬᠤᠷ ᠲᠠᠰᠤᠯᠤᠯᠲᠠ ᠨᠢ ᠨᠢᠭᠡᠨᠲᠡ ᠬᠦᠴᠦᠨ ᠲᠠᠢ ᠪᠣᠯᠪᠠ᠃      ᠲᠤᠰ ᠬᠡᠷᠡᠭ ᠢ ᠳᠠᠭᠠᠭᠠᠨ ᠰᠢᠳᠬᠡᠭᠰᠡᠨ ᠰᠢᠭᠦᠭᠴᠢ ᠢᠯᠡᠷᠬᠡᠶᠢᠯᠡᠬᠦ ᠳᠡᠭᠡᠨ᠂ ᠲᠤᠰ ᠬᠡᠷᠡᠭ ᠲᠤ ᠬᠤᠯᠪᠣᠭᠳᠠᠭᠰᠠᠨ ᠬᠠᠤᠯᠢ ᠴᠠᠭᠠᠵᠠ ᠶᠢᠨ ᠠᠰᠠᠭᠤᠳᠠᠯ ᠪᠣᠯ ᠲᠥᠯᠦᠪᠵᠢᠭᠦᠯᠭᠡ ᠶᠢᠨ ᠪᠤᠰᠤ ᠲᠡᠷᠭᠡᠨ ᠵᠣᠭᠰᠣᠭᠠᠯ ᠤᠨ ᠥᠮᠴᠢᠲᠡᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠠᠰᠠᠭᠤᠳᠠᠯ ᠪᠣᠯᠣᠨ᠎ᠠ᠃ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠲᠠᠯᠠᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠪᠡᠯ ᠄ ︽ᠥᠮᠴᠢᠲᠡᠨ ᠤ ᠬᠠᠮᠲᠤ ᠪᠠᠷ ᠥᠮᠴᠢᠯᠡᠬᠦ ᠵᠠᠮ ᠪᠤᠶᠤ ᠪᠤᠰᠤᠳ ᠲᠠᠯᠠᠪᠤᠷ ᠢ ᠡᠵᠡᠯᠡᠨ ᠬᠡᠷᠡᠭᠯᠡᠵᠦ ᠮᠠᠰᠢᠨ ᠲᠡᠷᠭᠡ ᠵᠣᠭᠰᠤᠭᠠᠬᠤ ᠳᠤ ᠬᠡᠷᠡᠭᠯᠡᠬᠦ ᠲᠡᠷᠭᠡᠨ ᠵᠣᠭᠰᠣᠭᠠᠯ ᠨᠢ ᠥᠮᠴᠢᠲᠡᠨ ᠤ ᠬᠠᠮᠲᠤ ᠪᠠᠷ ᠥᠮᠴᠢᠯᠡᠬᠦ ᠳᠤ ᠬᠠᠷᠢᠶᠠᠯᠠᠭᠳᠠᠨ᠎ᠠ᠃ ︾ ᠲᠤᠰ ᠵᠦᠢᠯ ᠵᠤᠷᠪᠤᠰ ᠲᠤ ᠬᠡᠯᠡᠵᠦ ᠪᠠᠶᠢᠭ᠎ᠠ ᠲᠡᠷᠭᠡᠨ ᠵᠣᠭᠰᠣᠭᠠᠯ ᠨᠢ ᠬᠠᠮᠤᠭ ᠠᠩᠬᠠᠨ ᠤ ᠵᠥᠪᠰᠢᠶᠡᠷᠡᠭᠰᠡᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠰᠢᠬᠤ ᠦᠭᠡᠢ᠂ ᠲᠡᠷᠭᠡᠨ ᠵᠣᠭᠰᠣᠭᠠᠯ ᠤᠨ ᠡᠵᠡᠯᠡᠵᠦ ᠪᠠᠶᠢᠭ᠎ᠠ ᠵᠠᠮ ᠪᠤᠶᠤ ᠲᠠᠯᠠᠪᠤᠷ ᠭᠠᠵᠠᠷ ᠨᠢ ᠥᠮᠴᠢᠲᠡᠨ ᠤ ᠬᠠᠮᠲᠤ ᠶᠢᠨ ᠡᠳ᠋ ᠬᠥᠷᠥᠩᠭᠡ ᠳᠤ ᠬᠠᠷᠢᠶᠠᠯᠠᠭᠳᠠᠨ᠎ᠠ᠃ ᠡᠨᠡ ᠬᠦ ᠣᠷᠣᠨ ᠪᠦᠰᠡ ᠳᠤ ᠰᠢᠨ᠎ᠡ ᠪᠠᠷ ᠨᠡᠮᠡᠭᠳᠡᠭᠰᠡᠨ ᠲᠡᠷᠭᠡᠨ ᠵᠣᠭᠰᠣᠭᠠᠯ ᠨᠢ ᠦᠨᠡᠨ ᠳᠡᠭᠡᠨ ᠥᠮᠴᠢᠲᠡᠨ ᠤ ᠤᠤᠯ ᠤᠨ ᠬᠠᠮᠲᠤ ᠪᠠᠷ ᠥᠮᠴᠢᠯᠡᠬᠦ ᠪᠠ ᠬᠠᠮᠲᠤ ᠪᠠᠷ ᠬᠠᠮᠢᠶᠠᠷᠬᠤ ᠡᠷᠬᠡ ᠪᠠᠨ ᠬᠡᠷᠡᠭᠵᠢᠭᠦᠯᠬᠦ ᠬᠡᠪᠴᠢᠶ᠎ᠡ ᠶᠢ ᠨᠥᠯᠥᠭᠡᠯᠡᠬᠦ ᠶᠢᠨ ᠬᠠᠮᠲᠤ ᠪᠠᠭᠠᠰᠬᠠᠵᠠᠢ᠂ ᠡᠭᠦᠨ ᠢ ᠪᠦᠬᠦ ᠥᠮᠴᠢᠲᠡᠨ ᠤ ᠵᠣᠬᠢᠬᠤ ᠬᠡᠮᠵᠢᠶᠡᠨ ᠤ ᠬᠠᠮᠲᠤ ᠪᠠᠷ ᠥᠮᠴᠢᠯᠡᠬᠦ ᠡᠷᠬᠡ ᠠᠰᠢᠭ ᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠰᠣᠯᠢᠵᠤ ᠠᠪᠤᠭᠰᠠᠨ ᠶᠤᠮ᠃ ᠵᠠᠮ ᠪᠤᠶᠤ ᠲᠠᠯᠠᠪᠤᠷ ᠭᠠᠵᠠᠷ ᠢ ᠥᠭᠡᠷᠡᠴᠢᠯᠡᠨ ᠪᠠᠶᠢᠭᠤᠯᠬᠤ ᠠᠵᠢᠯᠯᠠᠭ᠎ᠠ ᠨᠢ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠬᠠᠷᠢᠶᠠᠯᠠᠯ ᠢ ᠬᠤᠪᠢᠷᠠᠭᠤᠯᠵᠤ ᠴᠢᠳᠠᠬᠤ ᠦᠭᠡᠢ ᠶᠤᠮ᠂ ᠡᠶᠢᠮᠦ ᠠᠴᠠ ᠤᠤᠯ ᠨᠢ ᠪᠦᠬᠦ ᠥᠮᠴᠢᠲᠡᠨ ᠤ ᠬᠠᠮᠲᠤ ᠪᠠᠷ ᠥᠮᠴᠢᠯᠡᠵᠦ ᠪᠠᠶᠢᠭᠰᠠᠨ ᠭᠠᠵᠠᠷ ᠰᠢᠷᠣᠢ ᠳᠡᠭᠡᠷ᠎ᠡ ᠥᠭᠡᠷᠡᠴᠢᠯᠡᠨ ᠪᠠᠶᠢᠭᠤᠯᠵᠤ ᠪᠦᠲᠦᠭᠡᠭᠰᠡᠨ ᠲᠡᠷᠭᠡᠨ ᠵᠣᠭᠰᠣᠭᠠᠯ ᠢ ᠴᠤ ᠪᠦᠬᠦ ᠥᠮᠴᠢᠲᠡᠨ ᠳᠤ ᠥᠮᠴᠢᠯᠡᠭᠦᠯᠬᠦ ᠬᠡᠷᠡᠭᠲᠡᠢ᠂ ᠬᠠᠷᠢᠨ ᠵᠥᠪᠬᠡᠨ ᠥᠭᠡᠷᠡᠴᠢᠯᠡᠨ ᠪᠠᠶᠢᠭᠤᠯᠬᠤ ᠥᠪᠡᠷ ᠤᠨ ᠦᠷᠳᠡᠭ ᠢ ᠡᠭᠦᠷᠭᠡᠯᠡᠵᠦ ᠪᠠᠶᠢᠭ᠎ᠠ ᠥᠭᠡᠷᠡᠴᠢᠯᠡᠨ ᠪᠠᠶᠢᠭᠤᠯᠤᠭᠴᠢ ᠳᠤ ᠥᠮᠴᠢᠯᠡᠭᠦᠯᠬᠦ ᠪᠢᠰᠢ ᠶᠤᠮ᠃ ᠬᠡᠳᠦᠶᠢᠪᠡᠷ ᠬᠤᠳᠠᠯᠳᠤᠭᠠᠨ ᠤ ᠫᠦᠰᠡ ᠨᠢ ᠣᠷᠣᠨ ᠰᠠᠭᠤᠴᠠ ᠲᠠᠢ ᠠᠳᠠᠯᠢ ᠦᠭᠡᠢ ᠪᠣᠯᠪᠠᠴᠤ ᠬᠠᠤᠯᠢ ᠴᠠᠭᠠᠵᠠ ᠳᠤ ᠬᠤᠳᠠᠯᠳᠤᠭᠠᠨ ᠤ ᠫᠦᠰᠡ ᠶᠢᠨ ᠥᠮᠴᠢᠲᠡᠨ ᠤ ᠡᠷᠬᠡ ᠶᠢ ᠢᠯᠭᠠᠬᠤ᠂ ᠭᠠᠳᠠᠭᠤᠷᠴᠢᠯᠠᠬᠤ ᠪᠤᠶᠤ ᠬᠢᠵᠠᠭᠠᠷᠯᠠᠭᠰᠠᠨ ᠦᠭᠡᠢ᠃ ᠲᠤᠬᠠᠢ ᠶᠢᠨ ᠬᠥᠮᠥᠨ ᠳᠤ ᠪᠤᠰᠤᠳ ᠪᠣᠯᠵᠣᠯ ᠪᠠᠶᠢᠬᠤ ᠦᠭᠡᠢ ᠪᠠᠶᠢᠳᠠᠯ ᠳᠣᠣᠷ᠎ᠠ᠂ ᠬᠤᠳᠠᠯᠳᠤᠭᠠᠨ ᠤ ᠫᠦᠰᠡ ᠶᠢᠨ ᠥᠮᠴᠢᠲᠡᠨ ᠨᠢ ᠣᠷᠣᠨ ᠰᠠᠭᠤᠴᠠ ᠶᠢᠨ ᠥᠮᠴᠢᠲᠡᠨ ᠲᠠᠢ ᠠᠳᠠᠯᠢ ᠲᠡᠭᠰᠢ ᠡᠷᠬᠡ ᠶᠢ ᠬᠠᠤᠯᠢ ᠶᠣᠰᠣᠭᠠᠷ ᠡᠳ᠋ᠯᠡᠬᠦ ᠶᠢᠨ ᠬᠠᠮᠲᠤ ᠠᠳᠠᠯᠢ ᠲᠡᠭᠰᠢ ᠡᠭᠦᠷᠭᠡ ᠶᠢ ᠡᠭᠦᠷᠭᠡᠯᠡᠨ᠎ᠡ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠬᠠᠤᠯᠢ ᠪᠠᠷ ᠵᠠᠰᠠᠬᠤ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1