︽ᠰᠠᠶᠢᠨ ᠭᠡᠷ ᠪᠠᠶᠢᠰᠢᠩ︾ ᠢ ᠪᠦᠳᠦᠭᠡᠨ ᠪᠠᠶᠢᠭᠤᠯᠵᠦ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠨ᠎ᠠ
ᠨᠡᠶᠢᠲᠡᠯᠡᠭᠰᠡᠨ ᠴᠠᠭ᠄
2025/2/27
      ᠣᠷᠣᠨ ᠰᠠᠭᠤᠴᠠ ᠪᠣᠯ ᠠᠷᠠᠳ ᠤᠨ ᠠᠮᠢᠳᠤᠷᠠᠯ ᠤᠨ ᠴᠢᠬᠤᠯᠠ ᠵᠦᠢᠯ ᠮᠥᠨ᠃      ︽ᠣᠯᠠᠨ ᠲᠦᠮᠡᠨ ᠤ ᠥᠨᠳᠥᠷ ᠶᠠᠰᠤ ᠴᠢᠨᠠᠷ ᠲᠠᠢ ᠠᠮᠢᠳᠤᠷᠠᠯ ᠳᠤ ᠵᠣᠬᠢᠴᠠᠭᠰᠠᠨ ︿ᠰᠠᠶᠢᠨ ᠭᠡᠷ ᠪᠠᠶᠢᠰᠢᠩ﹀ ᠢ ᠪᠦᠲᠦᠭᠡᠨ ᠪᠠᠶᠢᠭᠤᠯᠤᠨ᠎ᠠ︾ ︽ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠳᠠᠯ ᠠᠬᠤᠢ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ︾ ︽︿ᠠᠳᠠᠯ ᠠᠬᠤᠢ + ᠠᠮᠢᠳᠤᠷᠠᠯ ᠤᠨ ᠦᠢᠯᠡᠴᠢᠯᠡᠭᠡ﹀ ᠶᠢ ᠥᠷᠭᠡᠳᠬᠡᠨ᠎ᠡ︾ ᠁ ᠰᠢᠨ᠎ᠡ ᠨᠢᠭᠡ ᠵᠢᠯ ᠳᠤ᠂ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠣᠯᠠᠨ ᠭᠠᠵᠠᠷ ᠤᠨ ᠵᠠᠰᠠᠭ ᠤᠨ ᠣᠷᠳᠣᠨ ᠣᠨ ᠤ ᠠᠵᠢᠯ ᠤᠨ ᠭᠤᠣᠯᠳᠠᠯᠭ᠎ᠠ ᠳᠤ ᠣᠷᠣᠭᠤᠯᠪᠠ᠃ ᠡᠨᠡ ᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠠᠳᠬᠤᠵᠤ᠂ ᠤᠯᠠᠨ ᠲᠦᠮᠡᠨ ᠤ ᠥᠨᠳᠥᠷ ᠶᠠᠰᠤ ᠴᠢᠨᠠᠷ ᠲᠠᠢ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠪᠠᠯ᠂ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠪᠣᠯᠣᠨ᠎ᠠ᠃      ᠮᠠᠨ ᠤ ᠤᠯᠤᠰ ᠤᠨ ᠣᠷᠣᠨ ᠰᠠᠭᠤᠴᠠ ᠶᠢᠨ ᠬᠡᠷᠡᠭᠴᠡᠭᠡ ︽ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠡᠰᠡᠬᠦ︾ ᠪᠣᠯᠵᠤ ᠬᠤᠪᠢᠷᠠᠬᠤ ᠶᠢ ᠳᠠᠭᠠᠯᠳᠤᠨ᠂ ︽ᠰᠠᠶᠢᠨ ᠭᠡᠷ ᠪᠠᠶᠢᠰᠢᠩ︾ ᠤᠨ ᠠᠭᠤᠯᠤᠭᠳᠠᠬᠤᠨ ᠲᠠᠰᠤᠷᠠᠯᠲᠠ ᠦᠭᠡᠢ ᠥᠷᠭᠡᠳᠴᠦ ᠪᠠᠶᠢᠨ᠎ᠠ᠃ ᠬᠥᠮᠥᠰ ᠠᠮᠦᠭᠤᠯᠠᠩᠳᠦ ᠤᠷᠤᠨ ᠰᠠᠭᠤᠴᠠ ᠶᠢ ᠱᠠᠭᠠᠷᠳᠠᠬᠤ ᠪᠠᠷ ᠪᠠᠷᠠᠬᠤ ᠦᠭᠡᠢ᠂ ᠡᠨᠧᠷᠭᠢ ᠠᠷᠪᠢᠯᠠᠵᠤ ᠵᠣᠭᠤᠰ ᠠᠷᠪᠢᠯᠠᠬᠤ ᠲᠥᠬᠦᠮ ᠲᠦᠳᠡ ᠪᠠᠶᠢᠬᠤ ᠶᠢ ᠬᠦᠰᠡᠵᠦ ᠪᠠᠶᠢᠨ᠎ᠠ᠃ ᠡᠨᠡ ᠨᠢ ︽ᠰᠠᠶᠢᠨ ᠭᠡᠷ ᠪᠠᠶᠢᠰᠢᠩ︾ ᠨᠢ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ᠵᠡᠷᠭᠡ ᠣᠨᠴᠠᠯᠢᠭ ᠢ ᠪᠦᠷᠢᠳᠦᠭᠦᠯᠵᠦ᠂ ᠰᠠᠶᠢᠨ ᠪᠠᠷᠢᠮᠵᠢᠶ᠎ᠠ᠂ ᠰᠠᠶᠢᠨ ᠪᠦᠳᠦᠭᠡᠨ ᠪᠠᠶᠢᠭᠤᠯᠤᠯᠳᠠ ᠪᠠᠶᠢᠬᠤ ᠪᠠᠷ ᠪᠠᠷᠠᠬᠤ ᠦᠭᠡᠢ ᠰᠠᠶᠢᠨ ᠮᠠᠲ᠋ᠧᠷᠢᠶᠠᠯ᠂ ᠵᠢᠷᠤᠭ ᠲᠥᠯᠥᠪᠯᠡᠭᠡ ᠵᠢᠴᠢ ᠰᠠᠶᠢᠨ ᠦᠢᠯᠡᠴᠢᠯᠡᠭᠡ ᠲᠠᠢ ᠪᠠᠶᠢᠬᠤ ᠬᠡᠷᠡᠭᠲᠡᠢ ᠭᠡᠳᠡᠭ ᠢ ᠬᠠᠷᠠᠭᠤᠯᠵᠤ ᠪᠠᠶᠢᠨ᠎ᠠ᠃      ᠰᠢᠨ᠎ᠡ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ ᠪᠦᠳᠦᠭᠡᠨ ᠪᠠᠶᠢᠭᠤᠯᠤᠯᠳᠠ ᠪᠠᠷ ᠪᠠᠷᠠᠬᠤ ᠦᠭᠡᠢ ᠪᠠᠰᠠ ᠬᠠᠭᠤᠴᠢᠨ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ ᠥᠭᠡᠷᠡᠴᠢᠯᠡᠬᠦ ᠬᠡᠷᠡᠭᠲᠡᠢ᠃ ᠰᠢᠨ᠎ᠡ ᠭᠡᠷ ᠪᠠᠶᠢᠰᠢᠩ ᠨᠢ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠵᠡᠷᠭᠡ ᠡᠯ᠎ᠡ ᠭᠤᠭᠴᠤᠭ᠎ᠠ  ᠠᠴᠠ ᠭᠡᠷ ᠪᠠᠶᠢᠰᠢᠩ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠭᠡᠷ ᠪᠠᠶᠢᠰᠢᠩ ᠤᠨ ᠴᠢᠳᠠᠮᠵᠢᠲᠤ ᠴᠢᠨᠠᠷ ᠪᠠ ᠦᠵᠡᠮᠵᠢᠳᠦ ᠴᠢᠨᠠᠷ ᠢ ᠪᠣᠳᠣᠯᠬᠢᠯᠠᠬᠤ ᠪᠠᠷ ᠪᠠᠷᠠᠬᠤ ᠦᠭᠡᠢ᠂ ᠣᠷᠣᠨ ᠰᠠᠭᠤᠴᠠ ᠶᠢᠨ ᠲᠠᠭᠠᠯᠠᠮᠵᠢᠲᠠᠢ ᠪᠠᠶᠢᠬᠤ ᠪᠠ ᠪᠡᠶᠡᠴᠢᠯᠡᠨ ᠣᠶᠢᠯᠠᠭᠠᠬᠤ ᠲᠥᠷᠥᠭᠳᠡᠯ ᠢ ᠴᠦ ᠴᠢᠬᠤᠯᠠᠴᠢᠯᠠᠬᠤ ᠬᠡᠷᠡᠭᠲᠡᠢ᠃ ᠡᠭᠦᠨ ᠤ ᠬᠠᠮᠲᠤ᠂ ᠬᠠᠭᠤᠴᠢᠨ ᠭᠡᠷ ᠪᠠᠶᠢᠰᠢᠩ ᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ ᠨᠠᠰᠤᠵᠢᠯ ᠳᠤ ᠲᠣᠬᠢᠷᠠᠬᠤ᠂ ᠨᠢᠯᠬᠠᠰ ᠲᠤ ᠲᠣᠬᠢᠷᠠᠬᠤ ᠵᠡᠷᠭᠡ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ᠂ ᠨᠠᠩ ᠨᠥᠬᠦᠷᠰᠡᠭ ᠪᠣᠯᠭᠠᠬᠤ ᠬᠡᠷᠡᠭᠲᠡᠢ᠃ ᠰᠢᠨ᠎ᠡ ᠬᠠᠭᠤᠴᠢᠨ ᠢ ᠵᠡᠷᠭᠡ ᠪᠠᠷ ᠴᠢᠬᠤᠯᠠᠴᠢᠯᠠᠪᠠᠯ ᠰᠠᠶ᠋ᠢ ᠥᠷᠭᠡᠨ ᠤᠯᠠᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠵᠦ ᠴᠢᠳᠠᠨ᠎ᠠ᠃      ︽ᠰᠠᠶᠢᠨ ᠭᠡᠷ ᠪᠠᠶᠢᠰᠢᠩ︾ ᠢ ᠪᠠᠶᠢᠭᠤᠯᠬᠤ ᠳᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠬᠢ ᠣᠯᠭᠤᠵᠤ ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠪᠣᠯ ᠬᠠᠨᠳᠤᠰᠢ ᠪᠣᠯᠣᠨ᠎ᠠ᠃ ᠭᠡᠷ ᠤᠨ ᠬᠡᠷᠡᠭᠰᠡᠯ ᠤᠨ ᠬᠤᠪᠢᠷᠠᠬᠤᠶᠢᠴᠠ ᠬᠡᠯᠪᠡᠷᠢ ᠶᠢᠨ ᠵᠢᠷᠤᠭ ᠲᠥᠯᠥᠪᠯᠡᠭᠡ ᠨᠢ ᠬᠡᠷᠡᠭᠯᠡᠬᠦ ᠣᠷᠣᠨ ᠵᠠᠢ ᠶᠢ ᠨᠡᠩ ᠠᠮᠢᠳᠤᠯᠢᠭ ᠪᠣᠯᠭᠠᠨ᠎ᠠ; ᠠᠭᠠᠷ ᠤᠨ ᠡᠬᠢ ᠰᠤᠷᠪᠤᠯᠵᠢ ᠶᠢᠨ ᠢᠯᠴᠢ ᠶᠢᠨ ᠰᠢᠰᠲ᠋ᠧᠮ ᠨᠢ ᠥᠷᠥᠭᠡ ᠶᠢ ᠡᠪᠦᠯ ᠳᠤᠯᠠᠭᠠᠨ ᠵᠣᠨ ᠰᠡᠷᠢᠭᠦᠨ ᠪᠠᠶᠢᠯᠭᠠᠨ᠎ᠠ︔ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ ᠢ ᠠᠰᠢᠭᠯᠠᠨ᠂ ᠬᠠᠭᠤᠴᠢᠨ ᠭᠡᠷ ᠪᠠᠶᠢᠰᠢᠩ ᠢ ᠣᠲᠣ ᠦᠶ᠎ᠡ ᠶᠢᠨ ᠣᠷᠣᠨ ᠰᠠᠭᠤᠴᠠ ᠶᠢᠨ ᠠᠰᠠᠷ ᠪᠤᠯᠭᠠᠨ᠎ᠠ ᠁ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠡᠷᠭᠡᠵᠢᠯ ᠵᠢᠴᠢ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠢ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠠᠳᠠᠯᠢ ᠪᠤᠰᠤ ᠲᠠᠯᠠᠪᠠᠶ᠂ ᠠᠳᠠᠯᠢ ᠪᠤᠰᠤ ᠦᠨ᠎ᠡ ᠲᠠᠢ ︽ᠰᠠᠶᠢᠨ ᠭᠡᠷ ᠪᠠᠶᠢᠰᠢᠩ︾ ᠢ ᠵᠠᠬ᠎ᠠ ᠲᠡᠯᠭᠡᠭᠦᠷ ᠲᠤ ᠤᠷᠤᠭᠤᠯᠤᠨ᠎ᠠ᠃      ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠳᠡᠮᠵᠢᠬᠦ ᠳᠦᠷᠢᠮ ᠪᠠ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ ᠪᠣᠯ ᠣᠳᠣᠬᠠᠨ ᠤ ᠴᠢᠬᠤᠯᠠ ᠠᠵᠢᠯ ᠪᠣᠯᠣᠨ᠎ᠠ᠃ ᠣᠶᠢᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠪᠠᠷᠢᠮᠵᠢᠶ᠎ᠠ ᠳᠦᠷᠢᠮ ᠲᠣᠭᠲᠠᠭᠠᠵᠤ᠂ ᠠᠯᠢ ᠣᠯᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠭᠰᠡᠨ ᠪᠠᠶᠢᠨ᠎ᠠ᠃ ᠳᠦᠷᠢᠮ ᠤᠨ ᠪᠠᠶᠢᠭᠤᠯᠤᠯᠲᠠ ᠪᠣᠯ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠠᠪᠤᠴᠠ ᠮᠥᠨ᠃ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠲᠣᠳᠣᠷᠬᠠᠢ ᠪᠣᠯᠭᠠᠵᠤ᠂ ᠭᠠᠵᠠᠷ ᠰᠢᠷᠣᠢ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ ᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠨ᠂ ᠵᠢᠷᠤᠭ ᠲᠥᠯᠥᠪᠯᠡᠭᠡ᠂ ᠮᠠᠲ᠋ᠧᠷᠢᠶᠠᠯ᠂ ᠪᠠᠷᠢᠯᠭ᠎ᠠ᠂ ᠲᠥᠬᠦᠭᠡᠷᠦᠮᠵᠢ ᠵᠢᠴᠢ ᠬᠠᠷᠰᠢ ᠰᠠᠭᠠᠳ ᠦᠭᠡᠢ᠂ ᠨᠠᠰᠤᠵᠢᠯ ᠳᠤ ᠲᠣᠬᠢᠷᠠᠬᠤ᠂ ᠣᠶᠤᠨᠴᠢᠯᠠᠬᠤ ᠵᠡᠷᠭᠡ ᠪᠠᠷᠢᠮᠵᠢᠶ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠨᠠᠩ ᠬᠦᠴᠦᠲᠡᠢ ᠪᠠᠲᠤᠯᠠᠭ᠎ᠠ ᠬᠠᠩᠭᠠᠨ᠎ᠠ᠃      ︽ᠰᠠᠶᠢᠨ ᠭᠡᠷ ᠪᠠᠶᠢᠰᠢᠩ︾ ᠢ ᠪᠦᠳᠦᠭᠡᠨ ᠪᠠᠶᠢᠭᠤᠯᠬᠤ ᠳᠤ᠂ ︽ᠰᠠᠶᠢᠨ ᠤᠷᠤᠨ ᠰᠠᠭᠤᠴᠠ ᠶᠢᠨ ᠲᠣᠭᠤᠷᠢᠭ ︾᠂ ︽ᠰᠠᠶᠢᠨ ᠨᠡᠶᠢᠭᠡᠮ ᠲᠣᠭᠤᠷᠢᠭ︾᠂ ︽ᠰᠠᠶᠢᠨ ᠬᠤᠲᠠ ᠶᠢᠨ ᠲᠣᠭᠤᠷᠢᠭ︾ ᠢ ᠴᠦ ᠰᠠᠶᠢᠳᠦᠷ ᠪᠦᠳᠦᠭᠡᠨ ᠪᠠᠶᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠤᠷᠤᠨ ᠰᠠᠭᠤᠴᠠ ᠶᠢᠨ ᠲᠤᠭᠤᠷᠢᠭ ᠤᠨ ᠨᠤᠭᠤᠭᠠᠷᠠᠭᠤᠯᠤᠯᠳᠠ ᠶᠢᠨ ᠲᠠᠯᠠᠪᠠᠢ ᠪᠠ ᠬᠢᠷᠢ ᠲᠦᠪᠰᠢᠨ ᠢ ᠲᠠᠰᠤᠷᠠᠯᠳᠠ ᠦᠭᠡᠢ ᠦᠷᠭᠡᠳᠬᠡᠵᠦ᠂ ᠪᠢᠴᠢᠯ ᠴᠡᠴᠡᠷᠯᠢᠭ ᠪᠣᠯᠣᠨ ᠬᠤᠳᠠ ᠶᠢᠨ ᠨᠣᠭᠤᠭᠠᠨ ᠵᠠᠮ ᠢ ᠪᠦᠲᠦᠭᠡᠨ ᠪᠠᠶᠢᠭᠤᠯᠤᠨ᠎ᠠ︔ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠲᠣᠭᠤᠷᠢᠭ᠂ ᠦᠢᠯᠡᠳᠪᠦᠷᠢ ᠶᠢᠨ ᠲᠣᠭᠤᠷᠢᠭ ᠪᠣᠯᠣᠨ ᠬᠤᠳᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠠᠬᠢᠭᠤᠯᠵᠤ᠂ ᠭᠠᠵᠠᠷ ᠳᠣᠣᠷᠠᠬᠢ ᠬᠤᠭᠤᠯᠠᠢ ᠲᠣᠣᠷ ᠬᠤᠭᠤᠯᠠᠢ ᠬᠤᠩᠭᠢᠯ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ᠎ᠠ ᠁ ᠬᠤᠳᠠ ᠶᠢᠨ ᠰᠢᠨᠡᠴᠢᠯᠡᠯᠲᠡ ᠲᠠᠢ ᠤᠶᠠᠯᠳᠤᠭᠤᠯᠤᠨ ᠳᠥᠭᠦᠮ ᠳᠥᠲᠡ ᠪᠥᠭᠡᠳ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠠᠮᠢᠳᠤᠷᠠᠯ ᠢ ᠨᠡᠩ ᠲᠠᠭᠠᠯᠠᠮᠵᠢᠲᠠᠢ᠂ ᠨᠡᠩ ᠠᠮᠦᠭᠤᠯᠠᠩ ᠪᠤᠯᠭᠠᠨ᠎ᠠ᠃       ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠳᠤ ᠠᠪᠴᠤ ᠬᠡᠯᠡᠪᠡᠯ᠂ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠪᠣᠯ ᠥᠷᠢᠰᠦᠯᠳᠦᠭᠡᠨ ᠮᠦᠷᠳᠡᠭᠡᠨ ᠠᠵᠠ ᠲᠣᠬᠢᠶᠠᠯ ᠮᠥᠨ᠃ ︽ᠰᠠᠶᠢᠨ ᠭᠡᠷ ᠪᠠᠶᠢᠰᠢᠩ︾ ᠨᠢ ᠴᠢᠳᠠᠮᠵᠢ᠂ ᠶᠠᠰᠤ ᠴᠢᠨᠠᠷ᠂ ᠪᠡᠶᠡᠴᠢᠯᠡᠨ ᠣᠶᠢᠯᠠᠭᠠᠬᠤ ᠵᠡᠷᠭᠡ ᠲᠠᠯ᠎ᠠ ᠪᠠᠷ ᠬᠢ ᠥᠨᠳᠥᠷ ᠱᠠᠭᠠᠷᠳᠠᠯᠭ᠎ᠠ ᠳᠤ᠂ ᠣᠷᠣᠨ ᠰᠠᠭᠤᠴᠠ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠬᠤᠷᠳᠤᠴᠠ ᠪᠠ ᠬᠡᠪᠴᠢᠶ᠎ᠡ ᠶᠢ ᠬᠥᠭᠡᠭᠡᠴᠡᠯᠳᠦᠵᠦ ᠪᠠᠶᠢᠭᠰᠠᠨ ᠠᠴᠠ ᠪᠠᠨ ᠴᠢᠨᠠᠷ ᠴᠢᠨᠰᠠᠭ᠎ᠠ᠂ ᠦᠢᠯᠡᠴᠢᠯᠡᠭᠡ ᠪᠠ ᠦᠷ᠎ᠡ ᠠᠰᠢᠭ ᠢ ᠬᠥᠭᠡᠭᠡᠴᠡᠯᠳᠦᠬᠦ ᠳᠠᠰᠢ ᠰᠢᠯᠵᠢᠵᠦ᠂ ᠥᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠨᠡ ᠨᠢ ᠠᠵᠢᠯ ᠲᠥᠷᠥᠯ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠲᠠᠰᠤᠷᠠᠯᠲᠠ ᠦᠭᠡᠢ ᠰᠢᠨ᠎ᠡ ᠶᠢ ᠡᠭᠦᠳᠬᠦ ᠳᠤ ᠠᠰᠢᠭᠲᠠᠢ ᠶᠤᠮ᠃ ᠢᠷᠡᠯᠲᠡ᠄ ᠰᠢᠨᠬᠤᠸᠠ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1