ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ | ᠠᠮᠤᠷ ᠲᠦᠪᠰᠢᠨ᠂ ᠡᠶ᠎ᠡ ᠵᠣᠬᠢᠴᠠᠩᠭᠤᠢ᠂ ᠡᠮᠬᠢ ᠳᠢᠭᠯᠢᠮ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ | ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠠᠴᠠ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠭᠲᠠ | ᠪᠠᠶᠢᠷᠢᠯᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠰᠤᠷᠤᠯᠭ᠎ᠠ ᠡᠬᠢᠯᠡᠬᠦ ᠠᠵᠢᠯ︾ ᠤᠨ | ᠤᠷᠤᠭᠰᠢᠳᠠᠢ ᠶᠠᠪᠤᠭᠳᠠᠬᠤ ᠶᠢ ᠬᠠᠮᠠᠭᠠᠯᠠᠬᠤ ᠠᠵᠢᠯ ᠢ ᠡᠬᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠢ ︽ᠬᠠᠮᠠᠭᠠᠯᠠᠬᠤ︾ ᠪᠠᠷ ᠪᠦᠬᠦ ᠬᠦᠴᠦᠨ ᠢᠶᠠᠷ ᠢᠶᠠᠨ ᠬᠠᠷᠢᠶᠠᠲᠤ ᠣᠷᠣᠨ ᠤ ᠰᠤᠷᠤᠭᠴᠢᠳ ᠲᠤ ᠠᠮᠤᠷ | ᠠᠮᠤᠭᠤᠯᠠᠩ ᠬᠥᠬᠡ ᠣᠭᠲᠠᠷᠭᠤᠢ ᠶᠢ ᠴᠣᠭᠴᠠᠯᠠᠵᠤ ᠥᠭᠴᠡᠢ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠪᠡ | | | | | | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠠᠶᠤᠯ | ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠣᠯ ᠵᠠᠩᠭᠢᠯᠠᠭ᠎ᠠ ᠪᠣᠯᠣᠨ᠎ᠠ᠃ ᠰᠤᠷᠭᠠᠭᠤᠯᠢ ᠡᠬᠢᠯᠡᠬᠦ ᠶᠢ ᠤᠭᠲᠤᠬᠤ ᠶᠢᠨ | ᠲᠥᠯᠥᠭᠡ᠂ ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠶᠢᠨ ᠬᠢᠨ ᠤᠷᠢᠳᠴᠢᠯᠠᠨ ᠪᠠᠶᠢᠷᠢᠯᠠᠭᠤᠯᠤᠯᠲᠠ ᠬᠢᠵᠦ᠂ | ᠠᠵᠢᠯ ᠤᠨ ᠲᠥᠰᠥᠯ ᠢᠶᠠᠨ ᠨᠠᠷᠢᠨ ᠲᠣᠳᠣᠷᠬᠠᠢ ᠲᠣᠭᠲᠠᠭᠠᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠡᠯ᠎ᠡ ᠵᠦᠢᠯ ᠤᠨ ᠠᠮᠤᠷ ᠢ ᠬᠠᠮᠠᠭᠠᠯᠠᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ᠂ ᠡᠯ᠎ᠡ ᠵᠦᠢᠯ ᠤᠨ ᠠᠮᠤᠷ ᠲᠦᠪᠰᠢᠨ ᠤ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠬᠠᠷᠢᠶᠠᠲᠤ ᠣᠷᠣᠨ ᠤ ᠰᠤᠷᠭᠠᠭᠤᠯᠢ ᠯᠤᠭ᠎ᠠ ᠢᠳᠡᠪᠬᠢᠲᠡᠢ ᠪᠠᠷ ᠵᠣᠯᠭᠠᠭᠤᠯᠵᠤ᠂ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ᠂ ᠰᠤᠷᠭᠠᠭᠤᠯᠢ ᠶᠢᠨ ᠰᠤᠷᠤᠯᠭ᠎ᠠ ᠡᠬᠢᠯᠡᠬᠦ ᠴᠠᠭ᠂ ᠪᠠᠭᠰᠢ ᠰᠣᠷᠣᠭᠴᠢ ᠶᠢᠨ ᠲᠤᠭ᠎ᠠ᠂ | ᠠᠮᠤᠷ ᠢ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠶᠢᠯᠠᠭᠠᠵᠤ᠂ | ᠴᠠᠭᠳᠠᠭᠠᠨ ᠤ ᠬᠦᠴᠦᠨ ᠢ ᠪᠠᠶᠢᠷᠢᠯᠠᠭᠤᠯᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ ᠢ ᠪᠠᠬᠢᠵᠢᠭᠦᠯᠪᠡ | | | | | ᠰᠤᠷᠭᠠᠭᠤᠯᠢ ᠡᠬᠢᠯᠡᠭᠰᠡᠨ ᠲᠤᠬᠠᠢ ᠶᠢᠨ ᠡᠳᠦᠷ᠂ ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠴᠠᠭᠳᠠᠭᠠᠨ ᠤ | ᠬᠦᠴᠦᠨ ᠢᠶᠠᠨ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠡᠷᠬᠢᠨ ᠲᠣᠭᠤᠷᠢᠨ ᠳᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯᠯᠠᠭ᠎ᠠ ᠥᠷᠨᠢᠭᠦᠯᠵᠦ᠂ | ᠵᠠᠮ ᠬᠠᠷᠢᠯᠴᠠᠭ᠎ᠠ ᠶᠢ ᠵᠢᠯᠣᠭᠤᠳᠤᠨ᠂ ᠡᠮᠬᠢ ᠵᠢᠷᠤᠮ ᠢ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ | ᠲᠣᠭᠤᠷᠢᠨ ᠤ ᠠᠮᠤᠷ ᠲᠦᠪᠰᠢᠨ ᠤ ᠡᠮᠬᠢ ᠳᠢᠭᠯᠢᠮ ᠤᠨ ᠰᠠᠶᠢᠨ ᠪᠠᠶᠢᠬᠤ ᠶᠢ ᠦᠨᠡᠨ ᠬᠦ ᠪᠠᠲᠤᠯᠠᠪᠠ᠃ ᠥᠷᠯᠥᠭᠡ | ᠡᠷᠲᠡ᠂ ᠠᠷᠠᠳ ᠤᠨ ᠴᠠᠭᠳᠠᠭ᠎ᠠ ᠴᠤᠭ ᠵᠢᠪᠬᠤᠭ᠎ᠠ ᠪᠠᠳᠠᠷᠠᠩᠭᠤᠢ᠂ ᠬᠠᠯᠠᠭᠤᠨ ᠳᠤᠯᠠᠭᠠᠨ ᠢᠨᠢᠶᠡᠮᠰᠦᠭᠯᠡᠯ ᠢᠶᠠᠷ | ᠰᠤᠷᠭᠠᠭᠤᠯᠢ ᠳᠠᠭᠠᠨ ᠪᠤᠴᠠᠭᠰᠠᠨ ᠪᠠᠭᠰᠢ ᠰᠣᠷᠣᠭᠴᠢ ᠨᠢᠭᠡᠪᠦᠷᠢ ᠶᠢ ᠤᠭᠲᠤᠵᠠᠢ᠃ ᠰᠤᠷᠭᠠᠭᠤᠯᠢ ᠲᠠᠷᠬᠠᠬᠤ | ᠦᠶ᠎ᠡ ᠳᠤ᠂ ᠠᠷᠠᠳ ᠤᠨ ᠴᠠᠭᠳᠠᠭ᠎ᠠ ᠨᠠᠷ ᠬᠡᠦᠬᠡᠳ ᠤᠳ ᠢ ᠬᠠᠮᠠᠭᠠᠯᠠᠨ ᠠᠮᠤᠷ ᠲᠦᠪᠰᠢᠨ ᠢᠶᠠᠷ ᠰᠤᠷᠭᠠᠭᠤᠯᠢ ᠠᠴᠠ | ᠰᠠᠯᠭᠠᠵᠤ᠂ ᠬᠠᠮᠤᠭ ᠰᠡᠭᠦᠯᠴᠢ ᠶᠢᠨ ᠨᠢᠭᠡ ᠰᠣᠷᠣᠭᠴᠢ ᠶᠢ ᠰᠤᠷᠭᠠᠭᠤᠯᠢ ᠶᠢᠨ ᠬᠦᠷᠢᠶᠡᠨ ᠠᠴᠠ ᠭᠠᠷᠭᠠᠬᠤ ᠪᠣᠯᠲᠠᠯ᠎ᠠ | ᠬᠦᠷᠭᠡᠵᠡᠢ᠃ ᠡᠭᠦᠨ ᠤ ᠵᠡᠷᠭᠡ ᠳᠤ᠂ ᠠᠷᠠᠳ ᠤᠨ ᠴᠠᠭᠳᠠᠭ᠎ᠠ ᠪᠠᠰᠠ ᠰᠡᠵᠢᠭᠯᠡᠯᠲᠡᠢ ᠬᠥᠮᠥᠰ᠂ ᠲᠡᠷᠭᠡ ᠬᠥᠰᠬᠡ ᠶᠢ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ | ᠢᠯᠡᠷᠡᠭᠦᠯᠦᠨ ᠠᠷᠢᠯᠭᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨᠬᠦ ᠪᠠᠲᠤᠯᠠᠨ᠂ ᠭᠡᠷ ᠤᠨ ᠠᠬᠠᠮᠠᠳ | ᠂ ᠨᠡᠶᠢᠭᠡᠮ ᠢ ᠠᠮᠦᠷ ᠲᠦᠪᠰᠢᠨ ᠢ ᠪᠠᠳᠤᠯᠠᠪᠠ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠬᠠᠷᠢᠭᠤᠴᠠᠯᠭ᠎ᠠ ᠶᠢᠨ ᠨᠡᠭᠡᠯᠡᠭᠡᠢ︾ ᠶᠢ ᠴᠢᠩᠭᠠᠯᠠᠪᠠ | | | | | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠠᠶᠢᠱᠠᠨ ᠠᠭᠤᠯᠠ ᠠᠴᠠ ᠬᠦᠨᠳᠦ ᠪᠠᠶᠢᠵᠤ᠂ ᠭᠡᠮ | ᠰᠣᠭᠤᠭ ᠢ ᠵᠢᠭᠰᠠᠭᠠᠨ ᠪᠠᠶᠢᠴᠠᠭᠠᠬᠤ ᠶᠢ ᠣᠮᠲᠣᠭᠠᠶᠢᠯᠠᠵᠤ ᠪᠣᠯᠣᠰᠢ ᠦᠭᠡᠢ ᠶᠤᠮ᠃ ᠫᠢᠩ ᠠᠨ ᠵᠠᠮ ᠤᠨ | ᠲᠣᠮᠢᠯᠠᠭᠰᠠᠨ ᠰᠠᠯᠪᠤᠷᠢ ᠨᠢ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ | ᠲᠣᠣᠷ ᠲᠠᠲᠠᠬᠤ ᠮᠠᠶ᠋ᠢᠭ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠵᠦ᠂ ᠰᠤᠷᠭᠠᠭᠤᠯᠢ ᠶᠢᠨ | ᠬᠦᠷᠢᠶᠡᠨ ᠤ ᠠᠮᠤᠷ ᠢ ᠬᠠᠮᠠᠭᠠᠯᠠᠬᠤ ᠬᠦᠴᠦᠨ ᠤ ᠲᠣᠬᠢᠷᠠᠭᠤᠯᠤᠯᠲᠠ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠵᠡᠷᠭᠡ | ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠢ ᠵᠠᠷᠯᠢᠭᠳᠠᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ | ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠳᠤᠯᠠᠵᠠᠢ᠃ ᠠᠷᠠᠳ ᠤᠨ ᠴᠠᠭᠳᠠᠭ᠎ᠠ ᠰᠤᠷᠭᠠᠭᠤᠯᠢ ᠶᠢᠨ | ᠬᠦᠷᠢᠶᠡᠨ ᠤ ᠥᠨᠴᠥᠭ ᠪᠤᠯᠤᠩ ᠪᠣᠯᠭᠠᠨ ᠳᠤ ᠭᠦᠨᠵᠡᠭᠡᠶᠢᠷᠡᠵᠦ᠂ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ | ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠬᠢᠨᠠᠨ ᠡᠵᠡᠮᠳᠡᠬᠦ ᠲᠥᠬᠦᠭᠡᠷᠦᠮᠵᠢ ᠨᠢ ᠬᠡᠪ ᠤᠨ ᠶᠣᠰᠣᠭᠠᠷ | ᠠᠵᠢᠯᠯᠠᠵᠤ ᠪᠠᠶᠢᠬᠤ ᠡᠰᠡᠬᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠠᠮᠤᠷ ᠲᠦᠪᠰᠢᠨ ᠤ ᠳᠠᠯᠳᠠ | ᠬᠡᠮ ᠣᠷᠣᠰᠢᠵᠤ ᠪᠠᠶᠢᠬᠤ ᠡᠰᠡᠬᠦ ᠵᠡᠷᠭᠡ ᠶᠢ ᠨᠠᠷᠢᠨ ᠪᠠᠶᠢᠴᠠᠭᠠᠨ ᠦᠵᠡᠭᠰᠡᠨ ᠪᠥᠭᠡᠳ ᠪᠠᠶᠢᠴᠠᠭᠠᠯᠲᠠ ᠶᠢᠨ ᠳᠤᠮᠳᠠ | ᠣᠯᠵᠤ ᠮᠡᠳᠡᠭᠰᠡᠨ ᠠᠰᠠᠭᠤᠳᠠᠯ ᠢ ᠨᠢᠭᠡᠳ ᠨᠢᠭᠡ ᠪᠠᠷ ᠲᠡᠮᠳᠡᠭᠯᠡᠵᠦ᠂ ᠰᠤᠷᠭᠠᠭᠤᠯᠢ ᠶᠢ ᠰᠢᠪᠠᠳᠠᠨ ᠲᠡᠷᠡ ᠳᠠᠷᠤᠢ ᠳᠤᠨᠢ | ᠴᠡᠭᠴᠡᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠥᠴᠥᠬᠡᠨ ᠴᠦ ᠠᠯᠳᠠᠰᠢ | ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ | ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ | ᠲᠦᠪᠰᠢᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠠᠷᠢᠶᠠᠲᠤ ᠣᠷᠣᠨ ᠤ | ᠰᠤᠷᠤᠭᠴᠢᠳ ᠤᠨ ᠠᠮᠤᠷ ᠲᠦᠪᠰᠢᠨ ᠢ ᠬᠠᠮᠠᠭᠠᠯᠠᠵᠤ᠂ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠤ | ᠬᠠᠮᠤᠭ ᠤᠨ ᠭᠤᠶᠤ ᠰᠠᠭᠤᠷᠢ ᠥᠩᠭᠡ ᠪᠣᠯᠭᠠᠨ᠎ᠠ︕ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |