ᠶᠦᠨ ᠵᠦᠩ ᠵᠠᠮ ᠤᠨ ᠲᠣᠮᠢᠯᠠᠭᠰᠠᠨ ᠰᠠᠯᠪᠤᠷᠢ᠄ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠶᠢ ᠭᠦᠨᠵᠡᠭᠡᠢ ᠥᠷᠨᠢᠭᠦᠯᠵᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2025/2/28
      ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠬᠢᠨ ᠬᠠᠮᠠᠭᠠᠯᠠᠵᠤ᠂ ᠠᠷᠠᠳ ᠨᠡᠶᠢᠲᠡ ᠶᠢᠨ ᠮᠡᠬᠡᠯᠡᠯ ᠢ ᠰᠡᠷᠭᠡᠶᠢᠯᠡᠬᠦ ︽ᠡᠭᠡᠯᠢᠯᠡᠭᠡ ᠶᠢᠨ ᠴᠢᠳᠠᠪᠤᠷᠢ︾ ᠶᠢ ᠳᠡᠭᠡᠭᠰᠢᠯᠡᠭᠦᠯᠬᠦ ᠶᠢᠨ ᠲᠥᠯᠥᠭᠡ᠂ 2 ᠳ᠋ᠤᠭᠠᠷ ᠰᠠᠷ᠎ᠠ ᠶᠢᠨ 27 ᠤ ᠡᠳᠦᠷ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠮᠡᠬᠡᠯᠡᠯ ᠤᠨ ᠰᠢᠨ᠎ᠡ ᠠᠷᠭ᠎ᠠ ᠪᠠᠷᠢᠯ ᠢᠶᠠᠷ ᠮᠡᠬᠡᠯᠡᠯ ᠤᠨ ᠪᠠᠭᠠᠵᠢ ᠬᠡᠷᠡᠭᠯᠡᠭᠦᠷ ᠪᠤᠯᠭᠠᠬᠤ ᠦᠭᠡᠢ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠡᠷᠡᠭ ᠤᠨ ᠵᠢᠱᠢᠶ᠎ᠡ ᠶᠢ ᠵᠠᠳᠠᠯᠬᠤ᠂ ᠵᠢᠭᠠᠨ ᠰᠤᠷᠭᠠᠬᠤ᠂  ᠤᠬᠠᠭᠤᠯᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠡᠬᠡᠯᠡᠯ ᠢ ᠡᠰᠡᠷᠭᠦᠴᠡᠬᠦ ᠮᠡᠳᠡᠯᠭᠡ ᠶᠢ ︽ᠨᠢᠳᠦᠨ ᠳᠤ ᠦᠵᠡᠭᠳᠡᠵᠦ᠂ ᠰᠣᠨᠣᠰᠴᠤ ᠲᠥᠬᠦᠭᠡᠷᠡᠬᠦ᠂ ᠴᠡᠭᠡᠵᠢᠯᠡᠵᠦ ᠳᠡᠶᠢᠯᠬᠦ︾ ᠪᠣᠯᠭᠠᠨ᠎ᠠ᠃
     ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠨᠠᠷ ᠣᠶᠢᠷ᠎ᠠ ᠶᠢᠨ ᠬᠤᠭᠤᠴᠠᠭᠠᠨ ᠳᠤ ᠣᠯᠠᠨ ᠭᠠᠷᠤᠭᠰᠠᠨ ᠠᠰᠢᠭ ᠣᠯᠬᠤ᠂ ᠵᠣᠴᠢᠳ ᠤᠨ ᠦᠢᠯᠡᠴᠢᠯᠡᠭᠡ ᠪᠠᠷ ᠣᠪᠯᠠᠬᠤ᠂ ᠬᠤᠳᠠᠯ ᠬᠠᠭᠤᠷᠮᠠᠭ ᠢᠶᠠᠷ ᠪᠡᠯᠡ ᠣᠷᠣᠭᠤᠯᠬᠤ ᠵᠡᠷᠭᠡ 5 ᠲᠥᠷᠥᠯ ᠤᠨ ᠨᠡᠶᠢᠲᠡᠯᠢᠭ ᠮᠡᠬᠡᠯᠡᠯ ᠤᠨ ᠬᠡᠷᠡᠭ ᠲᠤ ᠭᠦᠨᠵᠡᠭᠡᠢ ᠵᠠᠳᠠᠯᠤᠯᠲᠠ ᠬᠢᠵᠦ᠂ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠮᠡᠬᠡᠯᠡᠭᠴᠢ ᠶᠢᠨ ᠬᠡᠷᠡᠭ ᠬᠢᠬᠦ ᠶᠠᠪᠤᠴᠠ ᠶᠢ ᠰᠡᠷᠭᠦᠭᠡᠬᠦ᠂ ᠲᠤᠬᠠᠢ ᠶᠢᠨ ᠲᠠᠯᠠᠪᠤᠷ ᠲᠤ ︽ᠶᠠᠷᠢᠶᠠᠨ ᠤ ᠮᠡᠷᠭᠡᠵᠢᠯ︾ ︽ᠵᠦᠴᠦᠭᠡ ᠶᠢᠨ ᠳᠡᠪᠲᠡᠷ ᠤᠨ ᠴᠥᠷᠬᠡᠯᠡᠭᠡ︾ ᠵᠡᠷᠭᠡ ᠮᠡᠬᠡᠯᠡᠯ ᠤᠨ ᠠᠷᠭ᠎ᠠ ᠪᠠᠷᠢᠯ ᠢ ᠵᠠᠳᠠᠯᠤᠭᠰᠠᠨ ᠪᠠᠶᠢᠨ᠎ᠠ᠃ ᠣᠨᠴᠠᠭᠠᠶᠢᠯᠠᠨ ᠲᠣᠭᠲᠠᠭᠠᠭᠰᠠᠨ ︽ᠠᠷᠠᠳ ᠨᠡᠶᠢᠲᠡ ᠶᠢᠨ ᠮᠡᠬᠡᠯᠡᠨ ᠬᠢᠬᠠᠬᠤ ᠶᠢ ᠡᠰᠡᠷᠭᠦᠴᠡᠬᠦ ᠵᠦᠭᠯᠡᠭᠦᠷ︾ ᠤᠨ ᠭᠠᠷ ᠳᠡᠪᠲᠡᠷ ᠨᠢ ︽ᠮᠡᠬᠡᠯᠡᠨ ᠬᠢᠬᠠᠬᠤ ᠶᠢ ᠰᠡᠷᠭᠡᠶᠢᠯᠡᠬᠦ ᠭᠤᠷᠪᠠᠨ ᠦᠰᠦᠭᠲᠦ ᠨᠣᠮ︾᠂ ︽ᠮᠥᠩᠭᠦ ᠲᠥᠯᠥᠬᠦ ᠶᠢ ᠪᠠᠴᠢᠮ ᠵᠣᠭᠰᠤᠭᠠᠬᠤ ᠴᠤᠪᠤᠷᠠᠯ ᠵᠢᠷᠤᠭ︾ ᠵᠡᠷᠭᠡ ᠪᠣᠳᠠᠲᠤ ᠬᠡᠷᠡᠭᠯᠡᠭᠡᠨ ᠤ ᠠᠭᠤᠯᠭ᠎ᠠ ᠶᠢ ᠵᠢᠷᠤᠭ ᠥᠰᠥᠭ ᠤᠨ ᠬᠡᠯᠪᠡᠷᠢ ᠪᠠᠷ ᠬᠤᠷᠢᠶᠠᠩᠭᠤᠶᠢᠯᠠᠵᠤ᠂ ᠵᠠᠭᠤ ᠭᠠᠷᠤᠢ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠂ ᠡᠭᠦᠨ ᠠᠴᠠ ᠭᠠᠳᠠᠨ᠎ᠠ᠂ ᠠᠷᠠᠳ ᠤᠨ ᠴᠠᠭᠳᠠᠭ᠎ᠠ ᠪᠠᠰᠠ ᠣᠯᠠᠨ ᠲᠦᠮᠡᠨ ᠢ ᠵᠢᠭᠠᠨ ᠵᠢᠯᠤᠭᠤᠳᠴᠤ ᠪᠠᠶᠢᠭᠠᠳ ᠲᠤᠬᠠᠢ ᠶᠢᠨ ᠲᠠᠯᠠᠪᠤᠷ ᠲᠤᠨᠢ ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠥᠪ ᠤᠨ APP ᠶᠢ ᠤᠭᠰᠠᠷᠠᠭᠤᠯᠤᠭᠰᠠᠨ ᠪᠠᠶᠢᠨ᠎ᠠ᠃
    ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠪᠠᠷᠢᠯ ᠲᠠᠰᠤᠷᠠᠯᠲᠠ ᠦᠭᠡᠢ ᠰᠢᠨᠡᠳᠴᠦ᠂ ᠰᠡᠷᠭᠡᠶᠢᠯᠡᠬᠦ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠲᠠᠷᠠᠭᠠᠴᠢ ᠶᠢᠨ ᠠᠯᠬᠤᠮ ᠳᠤ᠂ ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠵᠡᠷᠭᠡ ᠳᠤ ᠠᠷᠠᠳ ᠤᠨ ᠴᠠᠭᠳᠠᠭ᠎ᠠ ᠥᠷᠭᠡᠨ ᠣᠯᠠᠨ ᠰᠠᠭᠤᠭᠠᠯᠢ ᠠᠷᠠᠳ ᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠢᠬᠠᠨ ᠮᠡᠬᠡᠯᠡᠬᠦ ᠶᠢ ᠡᠰᠡᠷᠭᠦᠴᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠲᠤ ᠪᠠᠬᠢ ᠪᠠᠶᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠵᠠᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1