ᠰᠢᠲᠠᠮᠠᠬᠠᠢ ᠬᠡᠢ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠪᠣᠯᠣᠨ ᠠᠷᠠᠳ ᠤᠨ | ᠠᠮᠢᠳᠤᠷᠠᠯ ᠤᠨ ᠶᠡᠭᠡ ᠪᠣᠳᠣᠯᠭ᠎ᠠ ᠲᠠᠢ ᠬᠤᠯᠪᠣᠭᠳᠠᠨ᠎ᠠ᠃ 1 ᠳ᠋ᠤᠭᠡᠷ ᠰᠠᠷ᠎ᠠ ᠶᠢᠨ 17 ᠤ ᠡᠳᠦᠷ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠥᠬᠦ ᠤᠯᠤᠰ ᠤᠨ ᠬᠤᠲᠠ ᠶᠢᠨ ᠰᠢᠲᠠᠮᠠᠬᠠᠢ | ᠬᠡᠢ ᠶᠢᠨ ᠬᠤᠭᠤᠯᠠᠢ ᠲᠤᠤᠷ ᠤᠨ ᠠᠮᠤᠷ ᠲᠦᠪᠰᠢᠨ ᠤ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠪᠠᠶᠢᠷᠢᠯᠠᠭᠤᠯᠤᠨ | ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠳᠠᠮᠠᠬᠠᠢ ᠬᠡᠢ ᠶᠢᠨ ᠠᠮᠤᠷ | ᠲᠦᠪᠰᠢᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠮᠦᠨᠡᠬᠢ ᠨᠢᠭᠡ ᠱᠠᠲᠤᠨ ᠤ ᠠᠵᠢᠯ ᠤᠨ ᠠᠬᠢᠴᠠ ᠶᠢ | ᠳ᠋ᠦᠩᠨᠡᠵᠦ᠂ ᠲᠤᠰᠬᠠᠢ ᠵᠠᠰᠠᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ | ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠵᠤ᠂ ᠬᠠᠭᠤᠴᠢᠷᠠᠭᠰᠠᠨ ᠰᠢᠲᠠᠮᠠᠬᠠᠢ | ᠬᠡᠢ ᠶᠢᠨ ᠬᠤᠭᠤᠯᠠᠢ ᠲᠤᠤᠷ ᠤᠨ ᠰᠢᠨᠡᠴᠢᠯᠡᠨ ᠥᠭᠡᠷᠡᠴᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ ᠨᠢᠭᠡ ᠳᠤ᠂ ᠡᠭᠦᠷᠭᠡ ᠪᠠᠨ ᠲᠣᠳᠣᠷᠬᠠᠶᠢᠯᠠᠨ᠎ᠠ᠃ ᠡᠨᠡ ᠵᠢᠯ ᠨᠢᠭᠡᠨᠲᠡ | ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠰᠢᠲᠠᠮᠠᠬᠠᠢ ᠬᠡᠢ ᠶᠢᠨ ᠬᠠᠭᠤᠴᠢᠷᠠᠭᠰᠠᠨ ᠬᠤᠭᠤᠯᠠᠢ ᠲᠤᠤᠷ ᠤᠨ | ᠰᠢᠨᠡᠴᠢᠯᠡᠨ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ | ᠡᠯ᠎ᠡ ᠭᠠᠵᠠᠷ ᠤᠨ ᠬᠢᠨ ᠰᠢᠨᠡᠴᠢᠯᠡᠨ ᠥᠭᠡᠷᠡᠴᠢᠯᠡᠬᠦ ᠡᠲᠡᠭᠡᠳ ᠤᠨ ᠬᠡᠪᠴᠢᠶ᠎ᠡ ᠶᠢ ᠲᠣᠳᠣᠷᠬᠠᠶᠢᠯᠠᠵᠤ᠂ ᠰᠢᠨᠡᠴᠢᠯᠡᠨ | ᠥᠭᠡᠷᠡᠴᠢᠯᠡᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠨ᠂ ᠰᠢᠲᠠᠮᠠᠬᠠᠢ ᠬᠡᠢ ᠶᠢᠨ ᠬᠤᠭᠤᠯᠠᠢ ᠲᠤᠤᠷ ᠪᠠ | ᠪᠡᠯᠡᠳᠬᠡᠮᠵᠢ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠨᠤᠲᠤᠭ ᠤᠨ | ᠬᠤᠲᠠ ᠶᠢᠨ ᠰᠢᠲᠠᠮᠠᠬᠠᠢ ᠬᠡᠢ ᠶᠢᠨ ᠬᠠᠭᠤᠴᠢᠷᠠᠭᠰᠠᠨ ᠬᠤᠭᠤᠯᠠᠢ ᠲᠤᠤᠷ ᠢ ᠰᠢᠨᠡᠴᠢᠯᠡᠨ ᠥᠭᠡᠷᠡᠴᠢᠯᠡᠬᠦ ᠲᠥᠰᠥᠯ ᠢ | ᠨᠠᠶᠢᠷᠠᠭᠤᠯᠤᠨ ᠵᠣᠬᠢᠶᠠᠬᠤ ᠬᠡᠷᠡᠭᠲᠡᠢ᠃ ᠬᠤᠶᠠᠷ ᠲᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠲᠦᠷᠭᠡᠳᠬᠡᠨ᠎ᠡ᠃ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰᠬᠠᠢ ᠮᠡᠷᠭᠡᠵᠢᠯ ᠪᠠ ᠬᠠᠮᠢᠶᠠᠷᠤᠯᠲᠠ ᠶᠢᠨ | ᠪᠦᠯᠬᠦᠮ ᠪᠠᠶᠢᠭᠤᠯᠤᠨ᠂ ᠰᠢᠨᠡᠴᠢᠯᠡᠨ ᠥᠭᠡᠷᠡᠴᠢᠯᠡᠬᠦ ᠲᠥᠷᠥᠯ ᠵᠦᠢᠯ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢ | ᠰᠠᠶᠢᠲᠤᠷ ᠠᠳᠬᠤᠨ᠎ᠠ᠃ ᠭᠤᠷᠪᠠ ᠳᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ᠲᠤᠰᠬᠠᠢ ᠡᠵᠡᠩᠨᠡᠯᠲᠡ ᠶᠢᠨ ᠨᠢᠭᠡᠴᠢ ᠶᠢᠨ ᠪᠡᠯᠡ ᠤᠷᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠡᠯᠡ | ᠮᠥᠩᠭᠦ ᠶᠢ ᠵᠦᠢ ᠵᠣᠬᠢᠰᠲᠠᠢ ᠬᠠᠮᠲᠤᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠤᠨ᠂ ᠡᠳ᠋ ᠤᠨ ᠵᠠᠰᠠᠭ ᠤᠨ ᠪᠡᠯᠡ | ᠮᠥᠩᠭᠦ᠂ ᠪᠡᠯᠡ ᠲᠣᠬᠢᠷᠠᠭᠤᠯᠭ᠎ᠠ ᠶᠢᠨ ᠪᠠᠲᠤᠯᠠᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠭᠠᠶᠢᠯᠢ ᠰᠦᠢᠳᠬᠡᠯ ᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠦᠨ᠎ᠡ ᠬᠠᠩᠰᠢ ᠶᠢᠨ | ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠮᠡᠷᠭᠡᠵᠢᠯ ᠤᠨ ᠪᠠᠷᠢᠮᠵᠢᠶ᠎ᠠ ᠶᠢᠨ ᠲᠤᠯᠭᠠᠭᠤᠷᠢᠯᠠᠯ ᠢ | ᠴᠢᠩᠭᠠᠳᠬᠠᠨ᠂ ᠵᠠᠬ᠎ᠠ ᠳᠡᠯᠭᠡᠭᠦᠷ ᠤᠨ ᠵᠠᠰᠠᠯᠲᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠪᠠᠷ | ᠵᠠᠰᠠᠬᠤ ᠪᠠ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ | ︽ᠥᠨᠳᠥᠷ ᠳᠠᠷᠤᠯᠲᠠᠲᠤ ᠬᠤᠷᠢᠭ᠎ᠠ ᠱᠤᠭᠤᠮ︾ ᠢ ᠲᠣᠳᠣᠷᠬᠠᠶᠢᠯᠠᠵᠤ᠂ ᠭᠤᠷᠪᠠᠳᠠᠭᠢ ᠡᠲᠡᠭᠡᠳ ᠤᠨ | ᠰᠢᠲᠠᠮᠠᠬᠠᠢ ᠬᠡᠢ ᠶᠢᠨ ᠬᠤᠭᠤᠯᠠᠢ ᠲᠤᠤᠷ ᠢ ᠡᠪᠳᠡᠭᠰᠡᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠨᠢᠭᠡ ᠳᠤ᠂ | ᠰᠢᠲᠠᠮᠠᠬᠠᠢ ᠬᠡᠢ ᠶᠢᠨ ᠬᠤᠭᠤᠯᠠᠢ ᠲᠤᠤᠷ ᠤᠨ ᠡᠷᠬᠢᠨ ᠲᠣᠭᠤᠷᠢᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠠᠮᠢᠶ᠎ᠠ ᠪᠦᠬᠦᠢ ᠨᠢᠭᠡᠴᠢ᠂ ᠰᠢᠲᠠᠮᠠᠬᠠᠢ ᠬᠡᠢ ᠡᠵᠡᠩᠨᠡᠬᠦ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠰᠢᠲᠠᠮᠠᠬᠠᠢ ᠬᠡᠢ ᠶᠢᠨ ᠬᠤᠭᠤᠯᠠᠢ | ᠲᠤᠤᠷ ᠤᠨ ᠡᠷᠬᠢᠨ ᠲᠣᠭᠤᠷᠢᠨ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠳᠡᠭᠡᠨ | ᠬᠤᠭᠤᠯᠠᠢ ᠲᠤᠤᠷ ᠢ ᠬᠠᠮᠠᠭᠠᠯᠠᠬᠤ ᠲᠥᠰᠥᠯ ᠲᠣᠭᠲᠠᠭᠠᠭᠰᠠᠨ ᠦᠭᠡᠢ᠂ ᠬᠠᠮᠠᠭᠠᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ᠂ ᠲᠠᠷᠤᠢ ᠲᠦᠷᠭᠡᠨ ᠦᠭᠡᠷᠡᠴᠢᠯᠡᠨ ᠰᠠᠶᠢᠵᠢᠷᠠᠭᠤᠯᠵᠦ᠂ ᠠᠳᠡᠯ ᠭᠠᠷᠬᠤ | ᠠᠴᠠ ᠵᠠᠶᠢᠯᠠᠰᠬᠢᠬᠦ ᠬᠡᠷᠡᠭᠲᠡᠢ︔ ᠬᠠᠮᠠᠭᠠᠯᠠᠯᠲᠠ ᠶᠢᠨ ᠲᠥᠰᠥᠯ ᠲᠣᠭᠲᠠᠭᠠᠭᠰᠠᠨ ᠦᠭᠡᠢ᠂ ᠬᠠᠮᠠᠭᠠᠯᠠᠯᠲᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠰᠢᠲᠠᠮᠠᠬᠠᠢ ᠬᠡᠢ ᠶᠢᠨ ᠠᠳᠡᠯ ᠭᠠᠷᠤᠭᠰᠠᠨ ᠪᠠᠶᠢᠪᠠᠯ᠂ | ᠬᠠᠮᠢᠶ᠎ᠠ ᠪᠦᠬᠦᠢ ᠨᠢᠭᠡᠴᠢ ᠪᠣᠯᠣᠨ ᠬᠤᠪᠢ ᠬᠥᠮᠥᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃ | ᠬᠤᠶᠠᠷ ᠲᠤ᠂ ᠬᠤᠭᠤᠯᠠᠢ ᠲᠤᠤᠷ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠲᠤᠬᠠᠢ ᠶᠢᠨ | ᠲᠠᠯᠠᠪᠤᠷ ᠲᠤ ᠪᠠᠶᠢᠳᠠᠯ ᠢᠶᠠᠨ ᠲᠤᠰᠢᠶᠠᠵᠤ ᠵᠥᠪᠳᠡᠯᠴᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ | ᠬᠠᠮᠠᠭᠠᠯᠠᠬᠤ ᠭᠠᠷ ᠭᠦᠢᠴᠡᠳᠬᠡᠯ ᠢ ᠭᠦᠢᠴᠡᠳᠬᠡᠬᠦ ᠶᠢ ᠴᠢᠩᠭᠠᠳᠬᠠᠵᠤ᠂ ᠢᠯᠡ ᠲᠣᠳᠣ ᠬᠠᠮᠠᠭᠠᠯᠠᠯᠲᠠ ᠶᠢᠨ | ᠢᠯᠡᠳᠬᠡᠮᠵᠢ ᠲᠡᠮᠳᠡᠭ ᠲᠠᠯᠪᠢᠵᠤ᠂ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠬᠤ᠂ ᠬᠢᠨᠠᠨ ᠬᠠᠮᠠᠭᠠᠯᠠᠬᠤ ᠪᠠ | ᠬᠠᠤᠯᠢ ᠬᠡᠷᠡᠭᠵᠢᠭᠦᠯᠬᠦ ᠶᠢ ᠪᠠᠲᠤᠯᠠᠬᠤ ᠠᠵᠢᠯ ᠢ ᠰᠠᠶᠢᠲᠤᠷ ᠬᠢᠨ᠎ᠡ᠃ | ︽ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ︾ ᠶᠢ ᠠᠬᠢᠭᠤᠯᠵᠤ᠂ ᠬᠤᠲᠠ ᠶᠢᠨ ᠠᠮᠢ ᠨᠠᠰᠤ ᠠᠮᠤᠷ ᠲᠦᠪᠰᠢᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠬᠤᠲᠠ ᠪᠠᠯᠭᠠᠰᠤ ᠶᠢᠨ ᠰᠢᠲᠠᠮᠠᠬᠠᠢ | ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠪᠠᠷ ᠮᠥᠨ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ | ᠳ᠋ᠠᠶᠢᠲ᠋ᠠ᠂ ᠵᠣᠬᠢᠶᠠᠮᠠᠯ ᠤᠶᠤᠨ ᠵᠡᠷᠭᠡ ᠰᠢᠨ᠎ᠡ ᠪᠠᠷ ᠪᠤᠢ ᠪᠣᠯᠤᠭᠰᠠᠨ ᠮᠡᠷᠭᠡᠵᠢᠯ ᠢ ᠬᠡᠷᠡᠭᠯᠡᠵᠦ᠂ ᠣᠶᠤᠨᠴᠢ | ᠮᠡᠳᠡᠷᠡᠮᠵᠢ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ ᠪᠠ ᠬᠡᠷᠡᠭᠯᠡᠬᠦ ᠲᠣᠭᠲᠠᠴᠠ ᠶᠢ | ᠪᠦᠷᠢᠨᠰᠢᠭᠦᠯᠵᠦ᠂ ᠬᠤᠭᠤᠯᠠᠢ ᠲᠤᠤᠷ ᠤᠨ ᠲᠥᠬᠦᠭᠡᠷᠦᠮᠵᠢ ᠶᠢᠨ ᠮᠡᠳᠡᠭᠡ ᠵᠠᠩᠭᠢ ᠶᠢᠨ ᠰᠠᠭᠤᠷᠢ ᠵᠢᠷᠤᠭ ᠢ ᠴᠠᠭ | ᠲᠤᠬᠠᠢ ᠳᠤᠨᠢ ᠰᠢᠨᠡᠴᠢᠯᠡᠵᠦ᠂ ᠲᠦᠭᠰᠢᠭᠦᠷᠢ ᠶᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠬᠠᠮᠢᠶᠠᠷᠤᠯᠲᠠ ᠶᠢ ︽ᠰᠠᠨᠠᠭᠠᠴᠢᠯᠠᠭ᠎ᠠ ᠠᠴᠠ ᠪᠠᠨ | ᠠᠷᠭᠠᠴᠠᠬᠤ︾ ᠠᠴᠠ ︽ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠮᠡᠳᠡᠬᠦ︾ ᠲᠡᠶᠢᠰᠢ ᠬᠤᠪᠢᠷᠠᠭᠤᠯᠬᠤ ᠶᠢ | ᠲᠦᠯᠬᠢᠨ ᠠᠬᠢᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠡᠩ ᠰᠠᠶᠢᠲᠤᠷ | ᠪᠠᠬᠢᠵᠢᠭᠦᠯᠦᠨ᠎ᠡ᠃ ᠡᠭᠦᠨ ᠳᠤ᠂ ᠰᠢᠲᠠᠮᠠᠬᠠᠢ ᠬᠡᠢ ᠶᠢᠨ ᠬᠤᠭᠤᠯᠠᠢ ᠲᠤᠤᠷ ᠢᠶᠠᠷ ᠭᠤᠣᠯᠳᠠᠯᠭ᠎ᠠ ᠪᠣᠯᠭᠠᠵᠤ᠂ ᠣᠶᠤᠨᠴᠢ | ᠲᠥᠬᠦᠭᠡᠷᠦᠮᠵᠢ ᠶᠢ ᠪᠠᠶᠢᠷᠢᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠲᠤᠤᠷ ᠤᠨ | ᠠᠵᠢᠯᠯᠠᠭᠠᠨ ᠤ ᠪᠠᠶᠢᠳᠠᠯ ᠢ ᠠᠦ᠋ᠲ᠋ᠣ᠋ ᠰᠡᠷᠡᠵᠦ ᠮᠡᠳᠡᠬᠦ ᠪᠠ ᠬᠥᠳᠡᠯᠦᠩᠭᠦᠢ ᠬᠢᠨᠠᠨ ᠬᠡᠮᠵᠢᠬᠦ ᠶᠢ ᠪᠡᠶᠡᠯᠡᠭᠦᠯᠵᠦ᠂ | ᠰᠢᠲᠠᠮᠠᠬᠠᠢ ᠬᠡᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃ | ︽ᠳᠡᠩᠰᠡᠯᠡᠨ ᠺᠠᠷᠲᠯᠠᠬᠤ︾ ᠶᠢ ᠴᠢᠩᠭᠠᠷᠠᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠨᠢᠭᠡ ᠳᠤ᠂ | ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠵᠦ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ᠂ | ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠠᠰᠠᠭᠤᠳᠠᠯ ᠢ ᠦᠨᠡᠨᠬᠦ ᠢᠯᠡᠷᠡᠭᠦᠯᠵᠦ | ᠦᠨᠡᠨᠬᠦ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠨ᠎ᠠ᠃ ᠣᠯᠠᠨ ᠲᠠᠯ᠎ᠠ ᠠᠴᠠ ᠪᠠᠶᠢᠴᠠᠭᠠᠵᠤ ᠠᠵᠤ | ᠠᠬᠤᠶᠢᠯᠠᠯ ᠤᠨ ᠬᠡᠪ ᠤᠨ ᠡᠵᠡᠩᠨᠡᠯᠲᠡ ᠶᠢ ᠬᠠᠷᠰᠢᠯᠠᠬᠤ ᠠᠴᠠ ᠵᠠᠶᠢᠯᠠᠰᠬᠢᠵᠦ᠂ ᠬᠠᠮᠢᠶ᠎ᠠ ᠪᠦᠬᠦᠢ ᠠᠵᠤ ᠠᠬᠤᠶᠢᠯᠠᠯ ᠤᠨ | ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠶᠢ | ᠰᠢᠮᠳᠠᠭᠤᠯᠬᠤ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠡᠬᠡ ᠲᠠᠩᠰᠠ ᠶᠢ ᠪᠠᠶᠢᠭᠤᠯᠤᠨ᠎ᠠ᠃ ᠠᠮᠤᠷ ᠲᠦᠪᠰᠢᠨ ᠤ ᠳᠠᠯᠳᠠ ᠬᠡᠮ ᠦᠭᠡᠢ ᠪᠤᠯ ᠰᠠᠶᠢᠲᠤᠷ | ᠲᠡᠮᠳᠡᠭᠯᠡᠬᠦ ᠬᠡᠷᠡᠭᠲᠡᠢ︔ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠪᠠᠯ᠂ ᠲᠡᠷᠡ ᠳᠠᠷᠤᠢ ᠳᠤᠨᠢ ᠴᠡᠭᠴᠡᠯᠡᠨ | ᠰᠠᠶᠢᠵᠢᠷᠠᠭᠤᠯᠵᠤ ᠪᠣᠯᠬᠤ ᠶᠢ ᠨᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠬᠡᠷᠡᠭᠲᠡᠢ | ︔ ᠪᠤᠰᠤᠳᠴᠢ ᠲᠠᠯ᠎ᠠ ᠪᠠᠷ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢᠨ ᠠᠷᠭ᠎ᠠ ᠦᠭᠡᠢ ᠪᠠᠶᠢᠪᠠᠯ᠂ ᠪᠦᠲᠦᠮᠵᠢᠲᠡᠶ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠪᠠ ᠴᠠᠭ ᠤᠨ | ᠬᠢᠵᠠᠭᠠᠷ ᠢ ᠲᠣᠭᠲᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ︽ᠠᠮᠤᠷ ᠲᠦᠪᠰᠢᠨ ᠤ ᠬᠤᠷᠢᠭ᠎ᠠ ᠱᠤᠭᠤᠮ︾ ᠢ ᠪᠠᠲᠤ ᠰᠠᠬᠢᠵᠤ᠂ ᠰᠢᠲᠠᠮᠠᠬᠠᠢ ᠬᠡᠢ ᠶᠢᠨ ᠠᠮᠤᠷ | ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠳᠤ᠂ | ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠵᠦ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ ᠰᠢᠲᠠᠮᠠᠬᠠᠢ ᠬᠡᠢ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠤᠯᠠᠮ ᠴᠢᠨᠠᠭᠰᠢᠳᠠ ᠲᠣᠳᠣᠷᠬᠠᠶᠢᠯᠠᠬᠤ ᠪᠠ | ᠨᠠᠷᠢᠯᠢᠭᠵᠢᠭᠤᠯᠤᠨ᠎ᠠ᠃ ᠬᠤᠶᠠᠷ ᠲᠤ᠂ ᠮᠡᠷᠭᠡᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ | ᠰᠢᠲᠠᠮᠠᠬᠠᠢ ᠬᠡᠢ ᠶᠢᠨ ᠬᠠᠮᠢᠶ᠎ᠠ ᠪᠦᠬᠦᠢ ᠪᠠᠷᠢᠮᠵᠢᠶ᠎ᠠ ᠵᠢᠷᠤᠮᠵᠢᠯ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ᠂ | ᠰᠢᠲᠠᠮᠠᠬᠠᠢ ᠬᠡᠢ ᠶᠢᠨ ᠪᠡᠯᠡᠳᠬᠡᠮᠵᠢ ᠶᠢᠨ ᠠᠵᠢᠯᠯᠠᠭᠠᠨ᠂ ᠬᠠᠮᠠᠭᠠᠯᠠᠯᠲᠠ ᠪᠠ ᠵᠠᠪᠳᠤᠨ ᠵᠠᠰᠠᠬᠤ ᠪᠠᠷᠢᠮᠵᠢᠶ᠎ᠠ ᠶᠢ | ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠬᠤᠭᠤᠯᠠᠢ ᠲᠤᠤᠷ ᠪᠠ ᠪᠡᠯᠡᠳᠬᠡᠮᠵᠢ ᠶᠢᠨ ᠠᠵᠢᠯᠯᠠᠭᠠᠨ ᠤ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ ᠭᠤᠷᠪᠠ ᠳᠤ᠂ ᠰᠢᠨᠵᠢᠯᠡᠭᠡ ᠮᠡᠷᠭᠡᠵᠢᠯ ᠢ ᠰᠤᠳᠤᠯᠤᠨ ᠨᠡᠭᠡᠭᠡᠬᠦ ᠶᠢ | ᠴᠢᠩᠭᠠᠳᠬᠠᠵᠤ᠂ ᠲᠡᠷᠢᠭᠦᠨ ᠤ ᠮᠡᠷᠭᠡᠵᠢᠯ᠂ ᠲᠥᠬᠦᠭᠡᠷᠦᠮᠵᠢ᠂ ᠤᠷᠠᠯᠠᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ | ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠢᠨᠠᠨ ᠬᠡᠮᠵᠢᠯᠲᠡ ᠶᠢ ᠣᠶᠤᠨᠴᠢᠯᠠᠬᠤ᠂ | ᠰᠢᠢᠳᠪᠦᠷᠢᠯᠡᠬᠦ ᠶᠢ ᠬᠤᠯᠪᠣᠯᠳᠤᠭᠤᠯᠬᠤ ᠶᠢ ᠪᠡᠶᠡᠯᠡᠭᠦᠯᠦᠨ᠎ᠡ᠃ ᠳᠥᠷᠪᠡ ᠳᠤ᠂ ᠰᠢᠲᠠᠮᠠᠬᠠᠢ ᠬᠡᠢ ᠶᠢᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠢᠲᠠᠮᠠᠬᠠᠢ ᠬᠡᠢ ᠶᠢᠨ | ᠡᠵᠡᠩᠨᠡᠯᠲᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠲᠣᠭᠲᠠᠭᠠᠯ ᠢ ᠲᠡᠭᠦᠯᠳᠡᠷᠵᠢᠭᠦᠯᠦᠨ᠂ | ᠵᠥᠪᠰᠢᠶᠡᠷᠡᠨ ᠣᠷᠣᠭᠤᠯᠬᠤ ᠨᠥᠬᠦᠴᠡᠯ ᠢ ᠴᠢᠩᠳᠠᠯᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠠᠴᠠ ᠢᠯᠭᠠᠷᠠᠭᠤᠯᠤᠨ ᠭᠠᠷᠭᠠᠬᠤ | ᠲᠣᠭᠲᠠᠴᠠ ᠶᠢ ᠪᠠᠶᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠬᠤ | ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ | ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠ | ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠳᠡᠯ ᠭᠠᠷᠬᠤ ᠶᠢ | ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |