ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠄ ᠨᠢᠳᠤᠨᠤᠨ ᠤ 5 ᠳ᠋ᠤᠭᠠᠷ ᠰᠠᠷ᠎ᠠ ᠶᠢᠨ | 17 ᠤ ᠡᠳᠦᠷ᠂ ᠤᠯᠤᠰ ᠠᠴᠠ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠤᠭᠤᠮᠳᠠ ᠰᠢᠪᠳᠤᠯᠬᠤ ᠠᠵᠢᠯ ᠢ | ᠪᠠᠶᠢᠷᠢᠯᠠᠭᠤᠯᠤᠨ ᠥᠷᠨᠢᠭᠦᠯᠪᠡ᠂ ᠣᠳᠣᠬᠠᠨ ᠤ ᠠᠬᠢᠴᠠ ᠪᠠ ᠦᠷ᠎ᠡ ᠪᠦᠲᠦᠮᠵᠢ ᠨᠢ ᠬᠢᠷᠢ ᠵᠡᠷᠭᠡ ᠪᠣᠶ︖ | ᠬᠠᠷᠢᠭᠤᠯᠲᠠ᠄ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠤᠭᠤᠮᠳᠠ ᠰᠢᠪᠳᠤᠯᠬᠤ ᠠᠵᠢᠯ ᠢ | ᠥᠷᠨᠢᠭᠦᠯᠦᠭᠰᠡᠨ ᠠᠴᠠ ᠨᠠᠰᠢ᠂ ᠡᠯ᠎ᠡ ᠭᠠᠵᠠᠷ ᠤᠨ ᠬᠢᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ | ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠪᠠᠷ ᠳᠠᠮᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥᠯ | ᠵᠦᠢᠯ ᠤᠨ ᠪᠦᠲᠦᠭᠡᠨ ᠪᠠᠶᠢᠭᠤᠯᠵᠦ ᠲᠤᠰᠢᠶᠠᠨ ᠦᠭᠬᠦ ᠶᠢ ᠪᠠᠳᠤᠯᠠᠵᠠᠢ᠃ 2024 ᠣᠨ ᠤ ᠵᠢᠯ ᠤᠨ ᠡᠴᠦᠰ | ᠪᠣᠯᠲᠠᠯ᠎ᠠ᠂ ᠪᠥᠬᠦ ᠤᠯᠤᠰ ᠤᠨ ︽ᠴᠠᠭᠠᠨ ᠨᠡᠷᠡᠰ ︾ ᠤᠨ ᠲᠦᠷᠦᠯ ᠵᠦᠢᠯ ᠤᠨ ᠵᠢᠭᠡᠯᠡᠯᠭᠡ ᠶᠢ ᠬᠢᠨᠠᠨ ᠵᠦᠪᠰᠢᠶᠡᠷᠡᠵᠦ | ᠪᠠᠲᠤᠯᠠᠭᠰᠠᠨ ᠵᠣᠭᠤᠰ ᠤᠨ ᠲᠤᠭ᠎ᠠ 5 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠠᠲᠤᠯᠠᠭᠠᠲᠤ ᠲᠤᠰᠢᠶᠠᠬᠤ | ᠭᠡᠷ ᠪᠠᠶᠢᠰᠢᠩ ᠤᠨ ᠪᠤᠭᠤᠮᠳᠠ ᠰᠢᠪᠳᠤᠯᠬᠤ ᠠᠵᠢᠯ ᠳᠤ 373 ᠲᠦᠮᠡᠨ ᠢᠵᠢ ᠣᠷᠣᠨ ᠰᠠᠭᠤᠴᠠ ᠶᠢ ᠲᠤᠰᠢᠶᠠᠨ | ᠥᠭᠬᠦ ᠶᠢ ᠪᠡᠶᠡᠯᠡᠭᠦᠯᠵᠦ᠂ ᠣᠨ ᠤ ᠲᠣᠭᠲᠠᠭᠰᠠᠨ ᠬᠠᠷᠠᠯᠲᠠ ᠪᠠᠨ ᠤᠷᠤᠭᠰᠢᠲᠠᠢ ᠪᠡᠶᠡᠯᠡᠭᠦᠯᠪᠡ᠃ ᠠᠳᠤᠯᠠᠭᠠᠳᠤ | ᠲᠤᠰᠢᠶᠠᠬᠤ ᠭᠡᠷ ᠪᠠᠶᠢᠰᠢᠩ ᠤᠨᠠᠵᠢᠯ ᠢ ᠡᠮᠬᠢ ᠵᠢᠷᠤᠮ ᠲᠠᠢ ᠪᠠᠷ ᠠᠬᠢᠭᠤᠯᠤᠭᠰᠠᠨ ᠢᠶᠠᠷ᠂ ᠭᠡᠷ ᠪᠠᠶᠢᠰᠢᠩ ᠬᠤᠳᠠᠯᠳᠤᠨ | ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠢᠲᠡᠭᠡᠯ ᠢ | ᠨᠡᠮᠡᠭᠳᠡᠭᠦᠯᠦᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ | ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠄ ᠸᠠᠨ ᠺᠧ ᠲᠥᠷᠥᠯ ᠵᠦᠢᠯ ᠤᠨ | ᠲᠠᠸᠠᠷ ᠤᠨ ᠣᠷᠣᠨ ᠰᠠᠭᠤᠴᠠ ᠶᠢ ᠲᠤᠰᠢᠶᠠᠭᠰᠠᠨ ᠪᠠᠶᠢᠳᠠᠯ ᠨᠢ ᠶᠠᠮᠠᠷ ᠪᠣᠶ︖ | ᠬᠠᠷᠢᠭᠤᠯᠲᠠ᠄ ᠲᠤᠰᠬᠠᠢ ᠠᠩᠭᠢ ᠶᠢᠨ ᠡᠵᠡᠮᠰᠢᠭᠰᠡᠨ ᠪᠠᠶᠢᠳᠠᠯ ᠠᠴᠠ ᠦᠵᠡᠪᠡᠯ᠂ 2024 ᠣᠨ ᠳᠤ᠂ ᠸᠠᠨ | ᠺᠧ ᠶᠢᠨ ᠲᠤᠰᠢᠶᠠᠨ ᠦᠭᠭᠭᠦᠭᠰᠡᠨ ᠤᠷᠤᠨ ᠰᠠᠭᠤᠴᠠ 18 ᠲᠦᠮᠡᠨ ᠢᠵᠢ ᠶᠢ ᠳᠠᠪᠠᠵᠤ᠂ ᠪᠠᠳᠤᠯᠠᠭᠠᠳᠤ | ᠲᠤᠰᠢᠶᠠᠬᠤ ᠭᠡᠷ ᠪᠠᠶᠢᠰᠢᠩ ᠤᠨ ᠠᠵᠢᠯ ᠤᠨ ᠬᠠᠷᠠᠯᠲᠠ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠵᠡᠢ᠃ ᠡᠯ᠎ᠡ | ᠭᠠᠵᠠᠷ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ | ᠲᠣᠭᠲᠠᠴᠠ ᠶᠢᠨ ᠠᠵᠢᠯ ᠤᠨ ᠲᠤᠰᠬᠠᠢ ᠠᠩᠭᠢ ᠶᠢᠨ ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠣᠳᠣᠬᠠᠨ ᠳᠤ ᠸᠠᠨ | ᠺᠧ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠯᠠᠪᠳᠠᠭᠤᠨ | ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ︽ᠴᠠᠭᠠᠨ ᠨᠡᠷᠡᠰ︾ ᠤᠨ ᠳᠦᠷᠢᠮ ᠨᠢ ᠪᠡᠯᠡ | ᠲᠣᠬᠢᠷᠠᠭᠤᠯᠭ᠎ᠠ ᠳᠤ ᠬᠦᠴᠦᠲᠡᠢ ᠳᠡᠮᠵᠢᠯᠭᠡ ᠬᠠᠩᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠤᠰᠢᠶᠠᠨ ᠥᠭᠬᠦ ᠶᠢ ᠭᠦᠢᠴᠡᠳ ᠪᠠᠲᠤᠯᠠᠬᠤ ᠪᠠᠶᠢᠨ᠎ᠠ᠃ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠄ ᠨᠢᠳᠤᠨᠤᠨ ᠤ ᠪᠠᠲᠤᠯᠠᠭᠠᠲᠤ ᠲᠤᠰᠢᠶᠠᠬᠤ | ᠣᠷᠣᠨ ᠰᠠᠭᠤᠴᠠ ᠶᠢᠨ ᠪᠤᠭᠤᠮᠳᠠ ᠰᠢᠪᠳᠤᠯᠬᠤ ᠠᠵᠢᠯ ᠳᠤ ᠢᠯᠡᠳᠲᠡ ᠦᠷ᠎ᠡ ᠪᠦᠲᠦᠮᠵᠢ ᠣᠯᠣᠭᠰᠠᠨ ᠰᠠᠭᠤᠷᠢᠨ | ᠳᠡᠭᠡᠷ᠎ᠡ᠂ 2025 ᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ | ᠲᠣᠭᠲᠠᠴᠠ ᠶᠢᠨ ᠠᠵᠢᠯ ᠤᠨ ᠲᠤᠰᠬᠠᠢ ᠠᠩᠭᠢ ᠶᠠᠮᠠᠷ ᠶᠠᠮᠠᠷ ᠠᠵᠢᠯ ᠤᠨ ᠪᠠᠶᠢᠷᠢᠯᠠᠭᠤᠯᠤᠯᠲᠠ ᠬᠢᠭᠰᠡᠨ ᠪᠣᠶ︖ | ᠬᠠᠷᠢᠭᠤᠯᠲᠠ᠄ 2025 ᠣᠨ ᠳᠤ᠂ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠷᠣᠭᠤᠯᠬᠤ | ᠶᠣᠰᠣᠲᠠᠢ ᠶᠢ ᠨᠢ ᠴᠥᠮ ᠣᠷᠣᠭᠤᠯᠵᠤ᠂ ᠵᠢᠭᠡᠯᠡᠭᠦᠯᠬᠦ ᠶᠣᠰᠣᠲᠠᠢ ᠳᠤ ᠨᠢ ᠴᠥᠮ ᠵᠢᠭᠡᠯᠡᠭᠦᠯᠵᠦ᠂ ᠤᠷᠢᠳᠴᠢᠯᠠᠭᠤᠯᠵᠤ | ᠪᠤᠯᠬᠤ ᠶᠢ ᠨᠢ ᠤᠷᠢᠳᠴᠢᠯᠠᠭᠤᠯᠬᠤ︾ ᠵᠠᠷᠴᠢᠮ ᠶᠣᠰᠣᠭᠠᠷ᠂ ᠨᠥᠬᠦᠴᠡᠯ ᠳᠤ ᠨᠡᠶᠢᠴᠡᠬᠦ ᠲᠦᠷᠦᠯ ᠵᠦᠢᠯ ᠢ ᠴᠥᠮ ︽ | ᠴᠠᠭᠠᠨ ᠨᠡᠷᠡᠰ︾ ᠲᠤ ᠣᠷᠣᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠤᠰᠢᠶᠠᠨ ᠥᠭᠬᠦ ᠶᠢ ᠨᠠᠷᠢᠯᠢᠭ ᠣᠨᠣᠴᠠᠲᠠᠢ ᠪᠠᠷ ᠳᠡᠮᠵᠢᠵᠦ᠂ ᠭᠡᠷ ᠪᠠᠶᠢᠰᠢᠩ ᠬᠤᠳᠠᠯᠳᠤᠨ | ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | ᠡᠭᠦᠨ ᠤ ᠵᠡᠷᠭᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠣᠲᠣ ᠶᠠᠭ ᠡᠯ᠎ᠡ ᠭᠠᠵᠠᠷ ᠤᠨ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ | ᠬᠡᠷᠡᠭᠯᠡᠨ ᠰᠤᠯᠠ ᠪᠠᠶᠢᠭ᠎ᠠ ᠭᠠᠵᠠᠷ ᠰᠢᠷᠣᠢ ᠶᠢ ᠬᠤᠷᠢᠶᠠᠨ ᠠᠪᠬᠤ ᠪᠠ ᠬᠤᠳᠠᠯᠳᠤᠨ ᠠᠪᠬᠤ ᠡᠷᠴᠢᠮ ᠢᠶᠠᠨ | ᠴᠢᠩᠭᠠᠷᠠᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠦᠯᠡᠳᠡᠭᠡᠯ ᠲᠠᠸᠠᠷ ᠤᠨ ᠭᠡᠷ ᠪᠠᠶᠢᠰᠢᠩ ᠢ | ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠦᠷᠭᠦᠯᠵᠢᠯᠡᠨ ᠵᠣᠬᠢᠴᠠᠭᠤᠯᠵᠤ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠦ ᠵᠡᠷᠭᠡ ᠮᠥᠩᠭᠦᠨ | ᠭᠦᠢᠯᠭᠡᠭᠡᠨ ᠤ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ | ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠪᠡᠯᠡ ᠲᠣᠬᠢᠷᠠᠭᠤᠯᠭ᠎ᠠ ᠶᠢᠨ ᠲᠤᠭᠳᠠᠭᠤᠨ | ᠪᠠᠶᠢᠬᠤ ᠶᠢ ᠪᠠᠳᠤᠯᠠᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |