ᠣᠶᠢᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ ᠪᠥᠬᠦ ᠤᠯᠤᠰ ᠤᠨ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠨᠳᠦᠰᠦᠨ ᠪᠠᠶᠢᠳᠠᠯ ᠢ ᠨᠡᠶᠢᠲᠡᠯᠡᠪᠡ᠂ ᠡᠭᠦᠨ ᠳᠤ | ᠪᠤᠷᠤᠯᠠᠭᠤᠯᠭ᠎ᠠ᠂ ᠪᠡᠯᠡ ᠲᠤᠬᠢᠷᠠᠭᠤᠯᠭ᠎ᠠ ᠵᠡᠷᠭᠡ ᠣᠯᠠᠨ ᠭᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠪᠠ᠂ | ᠢᠯᠠᠩᠭᠤᠶ᠎ᠠ ᠵᠢᠯ ᠤᠨ ᠡᠴᠦᠰ ᠲᠤ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠭᠡᠷ ᠪᠠᠶᠢᠰᠢᠩ᠂ ᠭᠠᠷ ᠳᠠᠮᠵᠢᠭᠰᠠᠨ | ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠴᠥᠮ ᠨᠡᠮᠡᠭᠳᠡᠭᠰᠡᠨ | ᠪᠠᠶᠢᠨ᠎ᠠ᠃ ᠥᠩᠭᠡᠷᠡᠭᠰᠡᠨ ᠵᠢᠯ ᠠᠴᠠ ᠨᠠᠰᠢ᠂ ᠨᠢᠳᠤᠨᠤᠨ ᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠬᠠᠮ ᠠᠷᠭ᠎ᠠ | ᠬᠡᠮᠵᠢᠶ᠎ᠡ ᠶᠢᠨ ᠦᠢᠯᠡᠳᠦᠯ ᠳᠣᠣᠷ᠎ᠠ᠂ ᠣᠯᠠᠨ ᠭᠠᠵᠠᠷ ᠤᠨ ᠬᠢᠨ ᠨᠢᠭᠡᠳᠦᠭᠡᠷ ᠲᠡᠰ ᠤᠨ ᠬᠤᠲᠠ ᠶᠢᠨ ᠭᠡᠷ ᠪᠠᠶᠢᠰᠢᠩ | ᠭᠠᠵᠠᠷ ᠬᠥᠷᠥᠩᠭᠡ ᠶᠢᠨ ᠠᠷᠠᠯᠵᠢᠶ᠎ᠠ ᠦᠷᠭᠦᠯᠵᠢᠯᠡᠨ ᠰᠠᠶᠢᠵᠢᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠲᠤ ᠢᠳᠡᠪᠬᠢᠲᠡᠢ ᠬᠤᠪᠢᠷᠠᠯᠲᠠ ᠭᠠᠷᠴᠠᠢ᠃ | ᠪᠡᠭᠡᠵᠢᠩ ᠬᠤᠳᠠ ᠶᠢᠨ ᠳ᠋ᠠ ᠰᠢᠩ ᠲᠣᠭᠤᠷᠢᠭ ᠤᠨ ᠨᠢᠭᠡᠨ ᠠᠰᠠᠷ ᠬᠤᠳᠠᠯᠳᠤᠬᠤ ᠭᠠᠵᠠᠷ ᠲᠤ᠂ ᠭᠡᠷ | ᠰᠣᠩᠭᠤᠬᠤ ᠪᠠᠷ ᠢᠷᠡᠭᠰᠡᠨ ᠬᠤᠳᠠ ᠶᠢᠨ ᠠᠷᠠᠳ ᠴᠥᠭᠡᠨ ᠪᠤᠰᠤ ᠪᠠᠶᠢᠵᠤ᠂ ᠬᠦᠯᠢᠶᠡᠨ ᠠᠪᠬᠤ ᠲᠣᠭᠤᠷᠢᠭ ᠪᠠᠷᠤᠭ | ᠳᠦᠭᠦᠷᠪᠡ᠃ ᠠᠰᠠᠷ ᠬᠤᠳᠠᠯᠳᠤᠬᠤ ᠭᠠᠵᠠᠷ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ | ᠵᠢᠯ ᠤᠳ ᠤᠨ ᠲᠤᠷᠰᠢᠯᠭ᠎ᠠ ᠠᠴᠠ ᠦᠵᠡᠪᠡᠯ᠂ ᠴᠠᠭᠠᠨ ᠰᠠᠷ᠎ᠠ ᠠᠴᠠ ᠡᠮᠦᠨ᠎ᠡ ᠠᠶᠢᠯᠴᠢᠯᠠᠬᠤ ᠪᠠᠷ ᠢᠷᠡᠭᠰᠡᠨ ᠵᠣᠴᠢᠨ | ᠡᠷᠦᠬᠡ ᠭᠤᠣᠯᠳᠠᠭᠤ ᠪᠠᠶᠢᠳᠠᠯ ᠢ ᠣᠶᠢᠯᠠᠭᠠᠬᠤ ᠪᠠᠷ ᠭᠤᠣᠯ ᠪᠣᠯᠭᠠᠵᠤ᠂ ᠴᠠᠭᠠᠨ ᠰᠠᠷ᠎ᠠ ᠶᠢᠨ ᠳᠠᠷᠠᠭ᠎ᠠ ᠰᠠᠶ᠋ᠢ ᠭᠡᠷ | ᠬᠤᠳᠠᠯᠳᠤᠨ ᠠᠪᠬᠤ ᠲᠥᠯᠥᠪᠯᠡᠭᠡ ᠪᠠᠨ ᠬᠢᠳᠡᠭ᠃ ᠭᠡᠪᠡᠴᠦ ᠡᠨᠡ ᠵᠢᠯ ᠴᠥᠭᠡᠨ ᠪᠤᠰᠤ ᠬᠥᠮᠥᠰ ᠰᠢᠭᠤᠳ | ᠬᠤᠳᠠᠯᠳᠤᠨ ᠠᠪᠬᠤ ᠬᠠᠨᠳᠤᠰᠢ ᠲᠠᠢ ᠪᠠᠶᠢᠨ᠎ᠠ᠃ | ᠣᠶᠢᠯᠠᠭᠠᠭᠰᠠᠨ ᠢᠶᠠᠷ᠂ ᠨᠢᠭᠡᠳᠦᠭᠡᠷ ᠳᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠵᠠᠬ᠎ᠠ | ᠳᠡᠯᠭᠡᠭᠦᠷ ᠲᠤ ᠴᠦ ᠰᠢᠨ᠎ᠡ ᠬᠤᠪᠢᠷᠠᠯᠲᠠ ᠭᠠᠷᠴᠠᠢ᠃ 1 ᠳ᠋ᠤᠭᠡᠷ ᠰᠠᠷ᠎ᠠ ᠶᠢᠨ ᠡᠮᠦᠨ᠎ᠡ ᠭᠤᠷᠪᠠᠨ ᠭᠠᠷᠠᠭ ᠲᠤ | ᠪᠡᠭᠡᠵᠢᠩ ᠤᠨ ᠭᠠᠷ ᠳᠠᠮᠵᠢᠭᠰᠠᠨ ᠣᠷᠣᠨ ᠰᠠᠭᠤᠴᠠ 11704 ᠢᠵᠢ ᠮᠠᠶᠢᠮᠠᠢ ᠪᠦᠲᠦᠵᠡᠢ᠃ ᠭᠤᠸᠠᠩᠵᠸᠦ ᠶᠢᠨ | ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠳᠤᠮᠳᠠᠴᠢ ᠦᠨ᠎ᠡ | ᠴᠦ ᠵᠠᠯᠭᠠᠭᠠᠪᠠᠷ ᠭᠤᠷᠪᠠ ᠤᠳᠠᠭ᠎ᠠ ᠥᠰᠴᠦ᠂ 3.3 ᠲᠦᠮᠡᠨ ᠲᠥᠭᠦᠷᠢᠭ ᠢ ᠳᠠᠪᠠᠵᠤ᠂ ᠨᠢᠳᠤᠨᠤᠨ ᠤ 9 ᠳ᠋ᠤᠭᠡᠷ | ᠰᠠᠷ᠎ᠠ ᠠᠴᠠ ᠨᠠᠰᠢᠬᠢ ᠲᠠᠩ ᠭᠠᠷᠠᠭ ᠤᠨ ᠰᠢᠨ᠎ᠡ ᠲᠡᠮᠳᠡᠭᠯᠡᠯ ᠢ ᠡᠭᠦᠳᠪᠡ᠃ 1 ᠳ᠋ᠤᠭᠡᠷ ᠰᠠᠷ᠎ᠠ ᠠᠴᠠ ᠨᠠᠰᠢ᠂ | ᠭᠤᠸᠠᠩᠵᠸᠦ ᠶᠢᠨ ᠶᠦᠸᠧ ᠰᠢᠸ ᠲᠣᠭᠤᠷᠢᠭ ᠤᠨ ᠨᠢᠭᠡᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ | ᠳᠡᠯᠭᠡᠭᠦᠷ ᠲᠤ᠂ ᠠᠰᠠᠭᠤᠨ ᠯᠠᠪᠯᠠᠭᠰᠠᠨ ᠬᠡᠮᠵᠢᠶ᠎ᠡ᠂ ᠠᠷᠠᠯᠵᠢᠶ᠎ᠠ ᠪᠦᠲᠦᠭᠰᠡᠨ ᠬᠡᠮᠵᠢᠶ᠎ᠡ᠂ ᠭᠡᠷ ᠪᠠᠶᠢᠰᠢᠩ ᠦᠵᠡᠭᠰᠡᠨ | ᠬᠡᠮᠵᠢᠶ᠎ᠡ ᠨᠢ ᠴᠥᠮ ᠡᠳᠦᠢ ᠲᠡᠳᠦᠢ ᠳᠡᠭᠡᠭᠰᠢᠯᠡᠵᠡᠢ᠃ | ᠠᠵᠢᠯ ᠲᠥᠷᠥᠯ ᠤᠨ ᠬᠥᠮᠥᠰ ᠤᠨ ᠬᠡᠯᠡᠬᠦ ᠪᠠᠷ᠂ ᠣᠳᠣᠬᠠᠨ ᠳᠤ ᠨᠢᠭᠡᠳᠦᠭᠡᠷ ᠲᠡᠰ ᠤᠨ ᠬᠤᠲᠠ ᠶᠢᠨ ᠵᠠᠬ᠎ᠠ | ᠳᠡᠯᠭᠡᠭᠦᠷ ᠤᠨ ᠠᠷᠠᠯᠵᠢᠶ᠎ᠠ ᠪᠦᠲᠦᠭᠰᠡᠨ ᠪᠠᠶᠢᠳᠠᠯ ᠨᠢᠳᠤᠨᠤᠨ ᠤ ᠳᠥᠷᠪᠡᠳᠦᠭᠡᠷ ᠤᠯᠠᠷᠢᠯ ᠠᠴᠠ ᠨᠠᠰᠢᠬᠢ ᠬᠠᠯᠠᠭᠤᠷᠠᠯ ᠢ | ᠪᠤᠢ ᠪᠤᠯᠭᠠᠵᠦ᠂ ᠵᠠᠬ᠎ᠠ ᠳᠡᠯᠭᠡᠭᠦᠷ ᠤᠨ ᠢᠲᠡᠭᠡᠯ ᠨᠡᠮᠡᠭᠳᠡᠨ᠂ ᠨᠢᠳᠤᠨᠤᠨ ᠤ ᠴᠠᠭᠠᠨ ᠰᠠᠷ᠎ᠠ ᠠᠴᠠ ᠡᠮᠦᠨᠡᠬᠢ ᠠᠴᠠ | ᠠᠷᠠᠯᠵᠢᠶ᠎ᠠ ᠪᠦᠲᠦᠭᠰᠡᠨ ᠪᠠᠶᠢᠳᠠᠯ ᠢᠯᠡᠳᠲᠡ ᠰᠠᠶᠢᠵᠢᠷᠠᠨ᠂ ᠪᠠᠭᠤᠷᠠᠬᠤ ᠪᠠᠨ ᠵᠣᠭᠰᠣᠵᠤ ᠳᠠᠬᠢᠨ ᠲᠣᠭᠲᠠᠪᠤᠷᠢᠵᠢᠬᠤ | ᠬᠠᠨᠳᠤᠰᠢ ᠮᠠᠰᠢ ᠢᠯᠡᠷᠬᠡᠢ ᠪᠠᠶᠢᠨ᠎ᠠ᠃ | ᠭᠤᠸᠠᠩᠳᠦᠩ ᠮᠤᠵᠢ ᠶᠢᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ | ᠲᠥᠪ ᠤᠨ ᠲᠡᠷᠢᠭᠦᠨ ᠰᠤᠳᠤᠯᠤᠭᠴᠢ ᠯᠢ ᠢᠦᠢ ᠵᠢᠶᠠ ᠬᠡᠯᠡᠬᠦ ᠳᠡᠭᠡᠨ᠄ ︽ᠡᠨᠡ ᠵᠢᠯ ᠤᠨ ᠨᠢᠭᠡᠳᠦᠭᠡᠷ ᠤᠯᠠᠷᠢᠯ ᠳᠤ᠂ | ᠤᠯᠠᠮᠵᠢᠯᠠᠯᠲᠤ ︿ᠪᠠᠭ᠎ᠠ ᠬᠠᠯᠠᠭᠤᠷᠠᠯ﹀ ᠤᠯᠠᠷᠢᠯ ᠤᠳᠠᠯ ᠦᠭᠡᠢ ᠬᠦᠷᠴᠦ ᠢᠷᠡᠬᠦ ᠪᠣᠯᠣᠨ᠎ᠠ᠂ ᠪᠠᠶᠠᠷ ᠤᠨ ᠡᠳᠦᠷ ᠤᠨ | ᠲᠠᠷᠠᠭ᠎ᠠ ᠬᠦᠮᠦᠰ ᠤᠨ ᠨᠤᠳᠤᠭ ᠲᠠᠭᠠᠨ ᠪᠤᠴᠠᠬᠤ᠂ ᠨᠢᠭᠡ ᠪᠦᠯᠦᠭ ᠬᠥᠮᠥᠰ ᠬᠤᠷᠢᠮᠯᠠᠬᠤ ᠪᠣᠯᠣᠨ᠎ᠠ᠂ ᠡᠳᠡᠭᠡᠷ | ᠱᠠᠭᠠᠷᠳᠠᠯᠭ᠎ᠠ ᠨᠢ ᠡᠨᠡ ᠵᠢᠯ ᠤᠨ ︿ᠪᠠᠭ᠎ᠠ ᠬᠠᠯᠠᠭᠤᠷᠠᠯ﹀ ᠤᠨ ᠬᠤᠭᠤᠴᠠᠭᠠᠨ ᠳᠤ ᠢᠯᠡᠳᠲᠡ ᠨᠡᠮᠡᠭᠳᠡᠭᠦᠯᠬᠦ ᠪᠣᠯᠣᠨ᠎ᠠ︾ | ᠭᠡᠵᠡᠢ᠃ | ᠠᠰᠠᠷ ᠪᠠᠶᠢᠰᠢᠩ ᠤᠨ ᠵᠠᠬ᠎ᠠ ᠳᠡᠯᠭᠡᠭᠦᠷ ᠤᠨ ᠬᠠᠯᠠᠭᠤᠷᠠᠯ ᠬᠤᠶᠠᠳᠤᠭᠠᠷ ᠭᠤᠷᠪᠠᠳᠤᠭᠠᠷ ᠳᠡᠰ ᠤᠨ ᠬᠤᠲᠠ ᠳᠤ | ᠳᠠᠮᠵᠢᠭᠳᠠᠵᠤ ᠪᠠᠶᠢᠨ᠎ᠠ | ᠨᠢᠭᠡᠳᠦᠭᠡᠷ ᠲᠡᠰ ᠤᠨ ᠬᠤᠳᠠ ᠶᠢᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ︽ᠬᠠᠯᠠᠭᠤᠷᠠᠯ︾ ᠨᠢ ᠨᠠᠩ | ᠣᠯᠠᠨ ᠬᠤᠶᠠᠳᠤᠭᠠᠷ ᠭᠤᠷᠪᠠᠳᠤᠭᠠᠷ ᠲᠡᠰ ᠤᠨ ᠬᠤᠲᠠ ᠳᠤ ᠲᠠᠰᠤᠷᠠᠯᠲᠠ ᠦᠭᠡᠢ ᠤᠯᠠᠮᠵᠢᠯᠠᠭᠳᠠᠵᠤ ᠪᠠᠶᠢᠨ᠎ᠠ᠂ | ᠢᠯᠠᠩᠭᠤᠶ᠎ᠠ ᠨᠢᠳᠤᠨᠤᠨ ᠤ 11 ᠳ᠋ᠤᠭᠡᠷ ᠰᠠᠷ᠎ᠠ ᠠᠴᠠ ᠨᠠᠰᠢ᠂ ᠰᠢᠨ᠎ᠡ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠬᠤᠶᠠᠳᠤᠭᠠᠷ ᠭᠤᠷᠪᠠᠳᠤᠭᠠᠷ ᠲᠡᠰ ᠤᠨ ᠬᠤᠲᠠ ᠶᠢᠨ | ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠨᠠᠩ ᠣᠯᠠᠨ ᠬᠤᠶᠠᠳᠤᠭᠠᠷ ᠭᠤᠷᠪᠠᠳᠤᠭᠠᠷ ᠲᠡᠰ ᠤᠨ | ᠬᠤᠲᠠ ᠶᠢᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠨᠢ ᠶᠠᠭ ᠢᠳᠡᠪᠬᠢᠲᠡᠢ ᠪᠠᠷ ᠵᠠᠬ᠎ᠠ | ᠳᠡᠯᠭᠡᠭᠦᠷ ᠲᠤ ᠣᠷᠣᠵᠤ ᠪᠠᠶᠢᠨ᠎ᠠ᠃ | 1 ᠳ᠋ᠤᠭᠡᠷ ᠰᠠᠷ᠎ᠠ ᠶᠢᠨ ᠲᠦᠷᠦᠭᠦᠦ ᠭᠤᠷᠪᠠᠨ ᠭᠠᠷᠠᠭ ᠲᠤ ᠨᠠᠨᠵᠢᠩ ᠬᠤᠳᠠ ᠨᠡᠶᠢᠲᠡ 3734 ᠢᠵᠢ ᠰᠢᠨ᠎ᠡ | ᠭᠡᠷ ᠪᠠᠶᠢᠰᠢᠩ ᠬᠤᠳᠠᠯᠳᠤᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠠᠴᠠ 4 ᠳᠠᠬᠢᠨ ᠢᠯᠡᠭᠦᠦ ᠨᠡᠮᠡᠭᠳᠡᠵᠡᠢ᠃ | ᠸᠧᠨᠵᠸᠦ ᠬᠤᠳᠠ ᠨᠡᠶᠢᠲᠡ 2351 ᠢᠵᠢ ᠠᠷᠠᠯᠵᠢᠶ᠎ᠠ ᠪᠦᠲᠦᠵᠦ᠂ ᠨᠡᠮᠡᠭᠳᠡᠯ ᠤᠨ ᠬᠡᠮᠵᠢᠶ᠎ᠡ ᠨᠢ 100% | ᠰᠢᠬᠠᠮ ᠳᠤ ᠬᠦᠷᠴᠡᠢ᠃ ᠦᠬᠠᠨ᠂ ᠵᠢᠨᠠᠨ᠂ ᠨᠢᠩᠪᠦᠸᠧ᠂ ᠯᠢᠶᠠᠨ ᠶᠦᠨ ᠭᠠᠩ ᠵᠡᠷᠭᠡ ᠬᠤᠳᠠ ᠳᠤ ᠴᠥᠮ ᠠᠳᠠᠯᠢ | ᠪᠤᠰᠤ ᠬᠡᠮᠵᠢᠶ᠎ᠡ ᠪᠠᠷ ᠨᠡᠮᠡᠭᠳᠡᠭᠰᠡᠨ ᠪᠠᠶᠢᠨ᠎ᠠ᠃ ᠯᠢᠶᠠᠨ ᠶᠦᠨ ᠭᠠᠩ ᠬᠤᠲᠠ ᠶᠢᠨ ᠲᠣᠭᠤᠷᠢᠭ ᠤᠨ ᠨᠢᠭᠡᠨ ᠠᠰᠠᠷ | ᠬᠤᠳᠠᠯᠳᠤᠬᠤ ᠳᠡᠯᠭᠡᠭᠦᠷ ᠲᠤ ᠪᠣᠷᠣᠯᠠᠭᠤᠯᠤᠭᠴᠢ ᠨᠢᠭᠡᠪᠦᠷᠢ ᠣᠯᠠᠨ ᠲᠣᠭᠠᠨ ᠤ ᠵᠣᠴᠢᠨ ᠡᠷᠦᠬᠡ ᠶᠢ ᠬᠦᠯᠢᠶᠡᠨ | ᠠᠪᠴᠤ ᠵᠣᠴᠢᠯᠠᠳᠠᠭ ᠦᠵᠡᠭᠳᠡᠯ ᠢᠯᠡᠷᠡᠵᠡᠢ᠃ ᠲᠥᠷᠥᠯ ᠵᠦᠢᠯ ᠤᠨ ᠪᠣᠷᠤᠯᠠᠭᠤᠯᠭ᠎ᠠ ᠶᠢᠨ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠣᠶᠢᠷ᠎ᠠ ᠳᠤ ᠨᠠᠷᠢᠯᠢᠭ ᠵᠠᠰᠠᠵᠦ ᠴᠢᠮᠡᠭᠯᠡᠭᠰᠡᠨ ᠲᠣᠮᠣ ᠣᠷᠣᠨ ᠰᠠᠭᠤᠴᠠ ᠶᠢᠨ ᠬᠡᠯᠪᠡᠷᠢ | ᠨᠢ ᠵᠠᠬ᠎ᠠ ᠳᠡᠯᠭᠡᠭᠦᠷ ᠤᠨ ᠬᠦᠷᠢᠶᠡᠯᠡᠯ ᠢ ᠶᠡᠬᠡᠳᠡ ᠣᠯᠵᠤ ᠪᠠᠶᠢᠨ᠎ᠠ᠃ | ᠡᠨᠡ ᠵᠢᠯ ᠠᠴᠠ ᠨᠠᠰᠢ᠂ ᠴᠥᠭᠡᠨ ᠪᠤᠰᠤ ᠭᠠᠵᠠᠷ ᠤᠨ ᠬᠢᠨ ᠭᠡᠷ ᠪᠠᠶᠢᠰᠢᠩ ᠭᠠᠵᠠᠷ ᠬᠥᠷᠥᠩᠭᠡ ᠶᠢᠨ ᠰᠢᠨ᠎ᠡ | ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠰᠠᠶᠢᠵᠢᠷᠠᠬᠤ | ᠪᠠᠶᠢᠳᠠᠯ ᠢ ᠪᠠᠬᠢᠵᠢᠭᠦᠯᠪᠡ᠃ ᠺᠦᠨᠮᠢᠩ ᠬᠤᠳᠠ ᠣᠷᠣᠨ ᠰᠠᠭᠤᠴᠠ ᠶᠢᠨ ᠬᠡᠷᠡᠭᠯᠡᠭᠡ ᠶᠢ ᠳᠡᠮᠵᠢᠬᠦ᠂ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ 7 ᠲᠠᠯ᠎ᠠ ᠶᠢ | ᠪᠠᠭᠲᠠᠭᠠᠭᠰᠠᠨ 28 ᠵᠦᠢᠯ ᠤᠨ ᠠᠷᠭ᠎ᠠ ᠬᠡᠮᠵᠢᠶ᠎ᠡ ᠭᠠᠷᠭᠠᠵᠠᠢ᠃ | ᠠᠵᠢᠯ ᠲᠥᠷᠥᠯ ᠤᠨ ᠳᠣᠲᠣᠭᠠᠳᠤ ᠶᠢᠨ ᠬᠥᠮᠥᠰ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠠᠴᠠ | ᠨᠠᠰᠢ᠂ ᠨᠢᠭᠡᠳᠦᠭᠡᠷ ᠲᠡᠰ ᠤᠨ ᠬᠤᠲᠠ ᠶᠢᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢᠨ | ᠨᠥᠯᠥᠭᠡ ᠠᠴᠠ ᠪᠣᠯᠵᠤ᠂ ᠬᠤᠶᠠᠳᠤᠭᠠᠷ ᠭᠤᠷᠪᠠᠳᠤᠭᠠᠷ ᠲᠡᠰ ᠤᠨ ᠬᠤᠲᠠ ᠶᠢᠨ ᠬᠢᠨ ᠴᠦ ᠬᠠᠩᠭᠠᠯᠭ᠎ᠠ | ᠬᠡᠷᠡᠭᠴᠡᠭᠡ ᠶᠢᠨ ᠬᠤᠶᠠᠷ ᠲᠠᠯ᠎ᠠ ᠠᠴᠠ ᠢᠳᠡᠪᠬᠢᠲᠡᠢ ᠪᠠᠷ ᠬᠦᠴᠦᠯᠡᠵᠦ᠂ ᠡᠯ᠎ᠡ ᠵᠦᠢᠯ ᠤᠨ ᠦᠯᠡᠳᠡᠭᠡᠯ ᠲᠥᠷᠥ ᠶᠢᠨ | ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠡᠷ ᠪᠠᠶᠢᠰᠢᠩ ᠤᠨ ᠵᠠᠬ᠎ᠠ | ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠬᠤ ᠪᠠᠶᠢᠳᠠᠯ ᠢ ᠪᠠᠬᠢᠵᠢᠭᠦᠯᠪᠡ ᠭᠡᠵᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠰᠤᠳᠤᠯᠭᠠᠨ ᠤ ᠭᠠᠵᠠᠷ ᠤᠨ ᠳᠡᠳ᠋ ᠰᠤᠳᠤᠯᠤᠭᠴᠢ ᠸᠠᠩ ᠷᠦᠢ ᠮᠢᠨ ᠬᠡᠯᠡᠬᠦ ᠳᠡᠭᠡᠨ᠄ ︽ᠢᠲᠡᠭᠡᠯ | ᠵᠣᠷᠢᠭ ᠢᠶᠠᠷ ᠳᠠᠶᠢᠴᠢᠯᠠᠬᠤ ᠶᠠᠪᠤᠳᠠᠯ ᠪᠤᠯ ᠬᠠᠮᠤᠭ ᠴᠢᠬᠤᠯᠠ ᠶᠠᠪᠤᠳᠠᠯ ᠪᠤᠯᠤᠨ᠎ᠠ᠂ ᠢᠯᠠᠩᠭᠤᠶ᠎ᠠ ᠨᠢᠭᠡᠳᠦᠭᠡᠷ ᠲᠡᠰ ᠤᠨ | ᠬᠤᠲᠠ ᠳᠤ ᠡᠳᠦᠢ ᠲᠡᠳᠦᠢ ᠴᠢᠨᠠᠷ ᠰᠠᠶᠢᠲᠠᠢ ᠠᠰᠠᠷ ᠪᠠᠶᠢᠰᠢᠩ ᠪᠠᠶᠢᠵᠦ ᠵᠣᠬᠢᠬᠤ ᠬᠡᠮᠵᠢᠶᠡᠨ ᠤ ᠵᠣᠭᠤᠰ ᠬᠤᠨᠵᠢᠬᠤ | ᠦᠢᠯᠡᠳᠦᠯ ᠭᠠᠷᠭᠠᠵᠤ᠂ ᠰᠠᠭᠤᠭᠠᠯᠢ ᠠᠷᠠᠳ ᠤᠨ ᠭᠡᠷ ᠪᠠᠶᠢᠰᠢᠩ ᠬᠤᠳᠠᠯᠳᠤᠨ ᠠᠪᠬᠤ ᠢᠲᠡᠭᠡᠯ ᠵᠣᠷᠢᠭ ᠢ ᠨᠡᠯᠢᠶᠡᠳ | ᠶᠡᠭᠡ ᠪᠠᠷ ᠳᠠᠶᠢᠴᠢᠯᠠᠬᠤ ᠪᠣᠯᠣᠨ᠎ᠠ︾᠃ ᠡᠭᠦᠨ ᠠᠴᠠ ᠭᠠᠳᠠᠨ᠎ᠠ ᠲᠡᠭᠦᠨ ᠳᠤ ᠪᠠᠰᠠ ᠨᠢᠭᠡᠨ ᠣᠷᠣᠨ ᠪᠦᠰᠡ ᠶᠢᠨ | ᠬᠤᠯᠪᠣᠯᠳᠤᠯ ᠤᠨ ᠦᠢᠯᠡᠳᠦᠯ ᠲᠠᠢ ᠪᠠᠶᠢᠳᠠᠭ᠂ ᠡᠨᠡ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠲᠤ ᠨᠡᠶᠢᠳᠡᠮ ᠣᠷᠣᠰᠢᠵᠤ ᠪᠠᠶᠢᠭ᠎ᠠ ᠨᠢᠭᠡᠨ ᠪᠠᠶᠢᠳᠠᠯ ᠪᠣᠯᠣᠨ᠎ᠠ︾ ᠭᠡᠵᠡᠢ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠰᠠᠶᠢᠳᠦᠷ ᠠᠰᠢᠭᠯᠠᠨ ᠣᠯᠠᠨ ᠭᠠᠵᠠᠷ ᠤᠨ ᠬᠢᠨ ᠭᠡᠷ | ᠬᠥᠷᠥᠩᠭᠡ ᠶᠢᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠦᠷᠨᠢᠭᠦᠯᠪᠡ | ᠴᠠᠭᠠᠨ ᠰᠠᠷ᠎ᠠ ᠶᠢᠨ ᠬᠤᠭᠤᠴᠠᠭᠠᠨ ᠳᠤ᠂ ᠴᠦᠩᠴᠢᠩ᠂ ᠰᠧᠴᠤᠸᠠᠨ᠂ ᠬᠤᠪᠧᠢ ᠵᠡᠷᠭᠡ ᠭᠠᠵᠠᠷ ᠤᠨ ᠬᠢᠨ | ᠭᠤᠣᠯᠳᠠᠯᠭ᠎ᠠ ᠲᠠᠢ ᠭᠡᠷ ᠪᠠᠶᠢᠰᠢᠩ ᠬᠤᠳᠠᠯᠳᠤᠨ ᠠᠪᠬᠤ ᠬᠥᠮᠥᠰ ᠤᠨ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ᠨᠤᠲᠤᠭ ᠲᠠᠭᠠᠨ ᠪᠤᠴᠠᠵᠤ ᠠᠮᠤᠭᠤᠯᠠᠩ ᠰᠠᠭᠤᠵᠤ ᠭᠡᠷ ᠪᠠᠶᠢᠰᠢᠩ ᠬᠤᠳᠠᠯᠳᠤᠨ ᠠᠪᠬᠤ᠂ ᠰᠢᠨ᠎ᠡ | ᠵᠢᠯ ᠢ ᠤᠭᠲᠤᠵᠤ ᠭᠡᠷ ᠪᠠᠶᠢᠰᠢᠩ ᠬᠤᠳᠠᠯᠳᠤᠨ ᠠᠪᠴᠤ ᠭᠡᠷ ᠪᠠᠶᠢᠰᠢᠩ ᠲᠥᠪᠬᠢᠨᠡᠭᠦᠯᠬᠦ ᠵᠡᠷᠭᠡ ᠠᠵᠢᠯᠯᠠᠭ᠎ᠠ | ᠥᠷᠨᠢᠭᠦᠯᠬᠦ ᠪᠠᠷ ᠪᠡᠯᠡᠳᠬᠡᠵᠦ᠂ ︽ᠴᠠᠭᠠᠨ ᠰᠠᠷ᠎ᠠ ᠶᠢᠨ ᠭᠡᠷ ᠪᠠᠶᠢᠰᠢᠩ ᠬᠤᠳᠠᠯᠳᠤᠨ ᠠᠪᠬᠤ ᠲᠣᠮᠣ ᠪᠡᠯᠡᠭ︾ | ᠬᠠᠩᠭᠠᠵᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠴᠢᠯᠡᠭᠰᠡᠨ | ᠠᠳᠠᠯ ᠦᠢᠯᠡᠰ ᠴᠣᠭᠴᠠᠯᠠᠬᠤ ᠬᠡᠷᠡᠭᠴᠡᠭᠡ ᠶᠢ ᠬᠠᠩᠭᠠᠵᠤ ᠪᠠᠶᠢᠨ᠎ᠠ᠃ | ᠣᠶᠢᠷ᠎ᠠ ᠳᠤ᠂ ︽ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠪᠧᠢ︾ ᠶᠢᠨ ᠴᠠᠭᠠᠨ ᠰᠠᠷ᠎ᠠ ᠶᠢᠨ | ᠨᠤᠲᠤᠭ ᠲᠠᠭᠠᠨ ᠪᠤᠴᠠᠬᠤ ᠠᠮᠤᠭᠤᠯᠠᠩ ᠣᠷᠣᠨ ᠰᠠᠭᠤᠴᠠ ᠭᠡᠷ ᠪᠠᠶᠢᠰᠢᠩ ᠬᠤᠳᠠᠯᠳᠤᠨ ᠠᠪᠬᠤ ᠠᠵᠢᠯᠯᠠᠭ᠎ᠠ ᠶᠢ | ᠬᠤᠪᠧᠢ ᠶᠢᠨ 17 ᠬᠤᠲᠠ ᠵᠧᠦ ᠳᠤ ᠵᠡᠷᠭᠡᠪᠡᠷ ᠶᠠᠪᠤᠭᠳᠠᠭᠤᠯᠪᠠ᠃ ᠲᠤᠬᠠᠢ ᠶᠢᠨ ᠭᠠᠵᠠᠷ ᠤᠨ ᠬᠢᠨ ᠴᠠᠭᠠᠨ | ᠰᠠᠷ᠎ᠠ ᠶᠢᠨ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠭᠡᠷ | ᠪᠠᠶᠢᠰᠢᠩ ᠬᠠᠩᠭᠠᠬᠤ᠂ ᠭᠡᠷ ᠪᠠᠶᠢᠰᠢᠩ ᠬᠤᠳᠠᠯᠳᠤᠨ ᠠᠪᠬᠤ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ | ᠵᠢᠴᠢ ᠣᠷᠣᠨ ᠨᠤᠲᠤᠭ ᠤᠨ ᠣᠨᠴᠠᠯᠢᠭ ᠲᠤ ᠠᠭᠤᠰᠤᠯᠴᠠᠭᠰᠠᠨ ᠰᠣᠶᠣᠯ ᠤᠨ ᠠᠵᠢᠯᠯᠠᠭ᠎ᠠ ᠪᠠᠷ ᠳᠠᠮᠵᠢᠭᠤᠯᠤᠨ᠂ | ᠨᠤᠲᠤᠭ ᠲᠠᠭᠠᠨ ᠪᠤᠴᠠᠭᠰᠠᠳ ᠤᠨ ᠭᠡᠷ ᠪᠠᠶᠢᠰᠢᠩ ᠬᠤᠳᠠᠯᠳᠤᠨ ᠠᠪᠬᠤ ᠬᠠᠯᠠᠭᠤᠨ ᠰᠡᠳᠬᠢᠯᠭᠡ ᠶᠢ ᠬᠥᠭᠵᠢᠭᠡᠬᠦ | ᠪᠣᠯᠣᠨ᠎ᠠ᠃ | ᠣᠶᠢᠯᠠᠭᠠᠭᠰᠠᠨ ᠢᠶᠠᠷ᠂ 1 ᠳ᠋ᠤᠭᠡᠷ ᠰᠠᠷ᠎ᠠ ᠶᠢᠨ 20 ᠤ ᠡᠳᠦᠷ ᠪᠣᠯᠲᠠᠯ᠎ᠠ᠂ ᠬᠤᠪᠧᠢ ᠮᠤᠵᠢ ᠳᠤ ᠨᠢᠭᠡᠨᠲᠡ | 1241 ᠲᠥᠷᠥᠯ ᠵᠦᠢᠯ᠂ 21.3 ᠲᠦᠮᠡᠨ ᠢᠵᠢ ᠭᠡᠷ ᠪᠠᠶᠢᠰᠢᠩ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠤ | ᠂ ᠠᠷᠠᠯᠵᠢᠶ᠎ᠠ ᠪᠦᠲᠦᠭᠰᠡᠨ ᠭᠡᠷ ᠪᠠᠶᠢᠰᠢᠩ 2.1 ᠲᠦᠮᠡᠨ ᠢᠵᠢ ᠪᠠᠶᠢᠵᠤ᠂ 1 ᠳ᠋ᠤᠭᠡᠷ ᠰᠠᠷ᠎ᠠ ᠠᠴᠠ ᠨᠠᠰᠢᠬᠢ | ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢ ᠠᠳᠠᠯᠢ ᠬᠤᠭᠤᠴᠠᠭᠠᠨ ᠤ | ᠬᠢ ᠠᠴᠠ 60.3% ᠪᠠᠷ ᠨᠡᠮᠡᠭᠳᠡᠭᠦᠯᠵᠡᠢ᠃ | ᠬᠤᠪᠧᠢ ᠮᠤᠵᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠨᠡᠶᠢᠭᠡᠮᠯᠢᠭ ᠤᠨ ᠳᠠᠷᠤᠭ᠎ᠠ ᠫᠠᠨ | ᠱᠢ ᠪᠢᠩ ᠬᠡᠯᠡᠬᠦ ᠳᠡᠭᠡᠨ᠄ ︽ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠ ᠭᠡᠷ ᠪᠠᠶᠢᠰᠢᠩ ᠭᠠᠵᠠᠷ ᠬᠥᠷᠥᠩᠭᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠳᠠᠭᠠᠯᠳᠤᠨ᠂ ᠨᠠᠩ ᠣᠯᠠᠨ | ᠨᠤᠲᠤᠭ ᠲᠠᠭᠠᠨ ᠪᠤᠴᠠᠭᠰᠠᠳ ᠨᠤᠲᠤᠭ ᠲᠠᠭᠠᠨ ᠠᠮᠤᠭᠤᠯᠠᠩ ᠰᠠᠭᠤᠵᠤ ᠠᠳᠠᠯ ᠦᠢᠯᠡᠰ ᠴᠣᠭᠴᠠᠯᠠᠬᠤ ᠪᠥᠭᠡᠳ ᠨᠠᠩ | ᠣᠯᠠᠨ ᠣᠷᠣᠨ ᠰᠠᠭᠤᠴᠠ ᠶᠢᠨ ᠪᠣᠳᠠᠲᠤ ᠬᠡᠷᠡᠭᠴᠡᠭᠡ ᠪᠠ ᠳᠠᠯᠳᠠ ᠬᠡᠷᠡᠭᠴᠡᠭᠡ ᠶᠢ ᠬᠥᠭᠵᠢᠭᠡᠵᠦ᠂ ᠨᠠᠩ ᠣᠯᠠᠨ | ᠣᠷᠣᠨ ᠰᠠᠭᠤᠴᠠ ᠶᠢᠨ ᠰᠣᠯᠢᠯᠴᠠᠭ᠎ᠠ ᠶᠢ ᠪᠡᠶᠡᠯᠡᠭᠦᠯᠬᠦ ᠶᠢ ᠢᠲᠡᠭᠡᠵᠦ ᠪᠠᠶᠢᠨ᠎ᠠ︾ ᠭᠡᠵᠡᠢ᠃ | ᠾᠧᠨᠠᠨ ᠤ ᠵᠧᠩᠵᠧᠦ ᠳᠤ᠂ 1 ᠳ᠋ᠤᠭᠡᠷ ᠰᠠᠷ᠎ᠠ ᠶᠢᠨ 24 ᠤ ᠡᠳᠦᠷ᠂ 2025 ᠵᠧᠩᠵᠧᠦ ᠬᠤᠲᠠ ᠶᠢᠨ | ᠴᠠᠭᠠᠨ ᠰᠠᠷ᠎ᠠ ᠥᠯᠵᠡᠶᠢᠲᠦ ᠡᠳᠦᠷ ᠤᠨ ᠬᠤᠣᠰ ᠪᠠᠶᠠᠷ ᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠡᠬᠢᠯᠡᠪᠡ᠃ ᠲᠤᠬᠠᠢ ᠶᠢᠨ ᠲᠠᠯᠠᠪᠠᠶ ᠶᠢᠨ ᠠᠭᠤᠷ ᠠᠮᠢᠰᠬᠤᠯ ᠮᠠᠰᠢ ᠬᠥᠷ | ᠬᠥᠭᠵᠢᠶᠡᠨ ᠲᠠᠢ ᠪᠠᠶᠢᠵᠤ᠂ ᠴᠥᠭᠡᠨ ᠪᠤᠰᠤ ᠬᠤᠲᠠ ᠶᠢᠨ ᠠᠷᠠᠳ ᠢᠷᠡᠵᠦ ᠭᠡᠷ ᠬᠥᠷᠥᠩᠭᠡ ᠶᠢᠨ ᠮᠡᠳᠡᠭᠡ ᠵᠠᠩᠭᠢ ᠶᠢ | ᠣᠶᠢᠯᠠᠭᠠᠪᠠ᠃ | ᠡᠭᠦᠨ ᠠᠴᠠ ᠡᠮᠦᠨ᠎ᠡ ᠵᠧᠩᠵᠧᠦ ᠬᠤᠲᠠ ᠶᠢᠨ ᠣᠷᠣᠨ ᠰᠠᠭᠤᠴᠠ ᠪᠣᠯᠣᠨ ᠭᠡᠷ ᠪᠠᠶᠢᠰᠢᠩ ᠭᠠᠵᠠᠷ ᠬᠥᠷᠥᠩᠭᠡ | ᠶᠢᠨ ᠨᠡᠶᠢᠭᠡᠮᠯᠢᠭ ᠠᠴᠠ ᠰᠠᠨᠠᠭᠠᠴᠢᠯᠠᠭ᠎ᠠ ᠨᠡᠶᠢᠲᠡᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠳ ︽ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ︾ ᠤᠨ ᠠᠰᠠᠷ ᠤᠨ ᠪᠣᠷᠤᠯᠠᠭᠤᠯᠭ᠎ᠠ ᠶᠢᠨ | ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠪᠣᠷᠤᠯᠠᠭᠤᠯᠭ᠎ᠠ ᠶᠢ ᠠᠬᠢᠭᠤᠯᠬᠤ ᠡᠯ᠎ᠡ | ᠵᠦᠢᠯ ᠤᠨ ᠠᠵᠢᠯᠯᠠᠭ᠎ᠠ ᠥᠷᠨᠢᠭᠦᠯᠬᠦ ᠬᠡᠷᠡᠭᠲᠡᠢ ᠭᠡᠵᠦ ᠱᠠᠭᠠᠷᠳᠠᠵᠠᠢ᠃ | ᠠᠨᠾᠦ᠋ᠢ ᠮᠤᠵᠢ ᠶᠢᠨ ᠾᠧᠹᠧᠢ ᠳᠤ᠂ ᠲᠤᠬᠠᠢ ᠶᠢᠨ ᠭᠠᠵᠠᠷ ᠤᠨ ᠬᠢᠨ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠬᠥᠮᠥᠰ ᠤᠨ ᠦᠢᠯᠡᠰ ᠪᠣᠰᠬᠠᠬᠤ ᠠᠵᠠ ᠲᠣᠬᠢᠶᠠᠯ ᠢ ᠠᠮᠵᠢᠵᠤ᠂ | ᠴᠠᠭᠠᠨ ᠰᠠᠷ᠎ᠠ ᠶᠢᠨ ᠬᠤᠭᠤᠴᠠᠭᠠᠨ ᠳᠤ ᠭᠡᠷ ᠪᠠᠶᠢᠰᠢᠩ ᠬᠤᠳᠠᠯᠳᠤᠬᠤ ᠭᠠᠵᠠᠷ ᠨᠢ ︽ᠰᠢᠨ᠎ᠡ ᠵᠢᠯ ᠢ ᠤᠭᠲᠤᠵᠤ ᠭᠡᠷ | ᠪᠠᠶᠢᠰᠢᠩ ᠬᠤᠳᠠᠯᠳᠤᠨ ᠠᠪᠴᠤ ᠨᠤᠲᠤᠭᠰᠢᠬᠤ︾ ᠠᠵᠢᠯᠯᠠᠭ᠎ᠠ ᠶᠢ ᠡᠬᠢᠯᠡᠭᠦᠯᠵᠦ᠂ ᠣᠳᠣᠬᠠᠨ ᠳᠤ 45 ᠭᠡᠷ | ᠪᠠᠶᠢᠰᠢᠩ ᠬᠤᠳᠠᠯᠳᠤᠨ ᠠᠪᠬᠤ ᠠᠵᠤ ᠠᠬᠤᠶᠢᠯᠠᠯ ᠤᠨ 77 ᠨᠢ ᠠᠰᠠᠷ ᠬᠤᠳᠠᠯᠳᠤᠨ ᠠᠪᠬᠤ ᠳᠤ ᠣᠷᠣᠯᠴᠠᠵᠤ᠂ | ᠬᠠᠷᠠᠭᠠᠯᠵᠠᠯ ᠦᠵᠡᠭᠦᠯᠬᠦ ᠡᠷᠴᠢᠮ ᠨᠢ ᠡᠩ ᠤᠨ ᠪᠠᠶᠢᠳᠠᠯ ᠠᠴᠠ ᠬᠤᠯᠠ ᠳᠠᠪᠠᠭᠰᠠᠨ ᠪᠠᠶᠢᠨ᠎ᠠ᠃ | ᠰᠧᠴᠤᠸᠠᠨ ᠤ ᠴᠧᠩᠳᠦ᠋ ᠳᠤ᠂ ︽ᠠᠮᠦᠭᠤᠯᠠᠩᠳᠦ ᠴᠧᠩᠳᠦ᠋ · 2025 ᠣᠨ ᠤ ᠰᠢᠨ᠎ᠡ ᠵᠢᠯ ᠢ ᠪᠡᠯᠭᠡᠯᠡᠶ᠎ᠡ︾ | ᠭᠡᠷ ᠪᠠᠶᠢᠰᠢᠩ ᠬᠤᠳᠠᠯᠳᠤᠨ ᠠᠪᠴᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠭᠡᠷ ᠪᠠᠶᠢᠰᠢᠩ | ᠭᠠᠵᠠᠷ ᠬᠥᠷᠥᠩᠭᠡ᠂ ᠮᠠᠰᠢᠨ ᠲᠡᠷᠭᠡ᠂ ᠭᠡᠷ ᠤᠨ ᠬᠡᠷᠡᠭᠰᠡᠯ ᠭᠡᠷ ᠤᠨ ᠴᠠᠬᠢᠯᠭᠠᠨ ᠬᠡᠷᠡᠭᠰᠡᠯ ᠵᠡᠷᠭᠡ 35 ᠲᠦᠷᠦᠯ | ᠲᠡᠮᠳᠡᠭ ᠢ ᠬᠠᠮᠤᠷᠴᠤ᠂ ᠬᠡᠷᠡᠭᠴᠡᠭᠡ ᠱᠠᠭᠠᠷᠳᠠᠯᠭ᠎ᠠ ᠲᠠᠢ ᠬᠡᠷᠡᠭᠯᠡᠭᠴᠢᠳ ᠲᠤ ᠨᠢᠭᠡ ᠦᠷᠳᠡᠭᠡᠯᠢᠭ ᠬᠡᠷᠡᠭᠯᠡᠭᠡᠨ ᠤ | ᠣᠶᠢᠯᠠᠭᠠᠯᠲᠠ ᠶᠢ ᠣᠯᠭᠤᠵᠠᠢ᠃ ᠴᠦᠩᠴᠢᠩ ᠳᠤ᠂ ᠲᠤᠬᠠᠢ ᠶᠢᠨ ᠭᠠᠵᠠᠷ ᠤᠨ ᠬᠢᠨ ᠰᠢᠨ᠎ᠡ ᠵᠢᠯ ᠤᠨ ᠭᠡᠷ ᠪᠠᠶᠢᠰᠢᠩ | ᠬᠤᠳᠠᠯᠳᠤᠨ ᠠᠪᠴᠤ ᠭᠡᠷ ᠪᠠᠶᠢᠰᠢᠩ ᠲᠥᠪᠬᠢᠨᠡᠭᠦᠯᠬᠦ ᠰᠦᠯᠵᠢᠶᠡᠨ ᠳᠡᠭᠡᠷᠡᠬᠢ ᠠᠵᠢᠯᠯᠠᠭ᠎ᠠ ᠥᠷᠨᠢᠭᠦᠯᠵᠦ᠂ | ᠬᠤᠲᠠ ᠶᠢᠨ ᠠᠷᠠᠳ ᠤᠨ ᠭᠡᠷ ᠪᠠᠶᠢᠰᠢᠩ ᠦᠵᠡᠬᠦ ᠳᠤ ᠲᠥᠬᠦᠮ ᠦᠵᠡᠭᠦᠯᠪᠡ᠂ ᠵᠢᠱᠢᠯᠲᠡ ᠪᠠᠷ 28 ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠠᠵᠤ ᠠᠬᠤᠶᠢᠯᠠᠯ ᠵᠢᠴᠢ 2 ᠨᠠᠷᠠᠲᠤ ᠲᠡᠮᠳᠡᠭᠲᠦ ᠵᠠᠭᠤᠴᠢ | ᠪᠠᠶᠢᠭᠤᠯᠤᠮᠵᠢ ᠦᠵᠡᠭᠦᠯᠦᠯᠭᠡ ᠳᠤ ᠣᠷᠣᠯᠴᠠᠬᠤ ᠪᠣᠯᠣᠨ᠎ᠠ᠃ | ᠡᠭᠦᠨ ᠠᠴᠠ ᠭᠠᠳᠠᠨ᠎ᠠ᠂ ᠵᠢᠶᠠᠩᠰᠤ ᠶᠢᠨ ᠰᠦ᠋ ᠴᠢᠶᠠᠨ᠂ ᠬᠤᠪᠧᠢ ᠶᠢᠨ ᠵᠢᠩᠵᠧᠦ ᠪᠣᠯᠣᠨ ᠲᠢᠶᠠᠨ ᠮᠧᠨ | ᠵᠡᠷᠭᠡ ᠭᠠᠵᠠᠷ ᠤᠨ ᠬᠢᠨ ᠡᠯ᠎ᠡ ᠲᠥᠷᠥᠯ ᠤᠨ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠣᠯᠭᠤᠬᠤ ᠵᠡᠷᠭᠡ | ᠬᠡᠯᠪᠡᠷᠢ ᠪᠠᠷ ᠳᠠᠮᠵᠢᠭᠤᠯᠤᠨ ᠬᠤᠲᠠ ᠶᠢᠨ ᠠᠷᠠᠳ ᠤᠨ ᠭᠡᠷ ᠪᠠᠶᠢᠰᠢᠩ ᠬᠤᠳᠠᠯᠳᠤᠨ ᠠᠪᠬᠤ ᠶᠢ ᠳᠡᠮᠵᠢᠵᠦ ᠪᠠᠶᠢᠨ᠎ᠠ᠃ | | ᠢᠷᠡᠯᠲᠡ᠄ ᠲᠥᠪ ᠲᠧᠯᠸᠢᠰ ᠤᠨ ᠰᠦᠯᠵᠢᠶ᠎ᠡ |