2 ᠳ᠋ᠤᠭᠠᠷ ᠰᠠᠷ᠎ᠠ ᠶᠢᠨ 5 ᠤ ᠡᠳᠦᠷ᠂ ᠬᠥᠬᠡᠭᠴᠢᠨ ᠮᠣᠭᠠᠢ ᠵᠢᠯ ᠤᠨ ᠠᠩᠬᠠᠨ ᠤ ᠠᠵᠢᠯᠯᠠᠬᠤ ᠡᠳᠦᠷ᠂ | ᠬᠥᠬᠡᠬᠤᠲᠠ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠠᠬᠢᠭᠤᠯᠬᠤ᠂ ᠨᠢᠭᠡᠳᠦᠭᠡᠷ ᠤᠯᠠᠷᠢᠯ ᠤᠨ | ︽ᠰᠠᠶᠢᠨ ᠡᠬᠢᠯᠡᠯᠲᠡ︾ ᠶᠢ ᠪᠠᠲᠤᠯᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠬᠤᠷᠠᠯᠳᠤᠭᠤᠯᠵᠤ᠂ | ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ | ᠬᠦᠴᠦ ᠪᠠᠨ ᠬᠠᠮᠲᠤᠳᠬᠠᠵᠤ᠂ ᠳᠠᠷᠤᠢ ᠲᠦᠷᠭᠡᠨ ᠬᠥᠳᠡᠯᠦᠯᠴᠡᠵᠦ᠂ ᠠᠵᠢᠯᠯᠠᠨ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠤᠤ ᠭᠠᠩ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠠᠢ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ︽ | ᠵᠢᠷᠭᠤᠭᠠᠨ ᠠᠵᠢᠯᠯᠠᠭ᠎ᠠ︾ ᠶᠢ ᠲᠦᠯᠬᠢᠨ ᠠᠬᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠦ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠼᠦᠢ ᠵᠧᠨ ᠦ᠋᠂ ᠬᠤᠲᠠ ᠶᠢᠨ ᠳᠥᠷᠪᠡᠨ ᠶᠡᠭᠡ ᠪᠠᠭ ᠤᠨ | ᠤᠳᠤᠷᠢᠳᠬᠤ ᠨᠥᠬᠦᠳ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ | ᠣᠷᠣᠯᠴᠠᠪᠠ᠃ | ᠪᠤᠤ ᠭᠠᠩ᠂ ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠢᠳᠤᠨᠤᠨ ᠤ ︽ᠵᠢᠷᠭᠤᠭᠠᠨ ᠢᠨᠵᠧᠨᠧᠷᠢᠩ︾ ᠤᠨ ᠳᠠᠷᠠᠭᠠᠬᠢ ᠪᠠᠰᠠ ᠨᠢᠭᠡᠨ ᠴᠢᠬᠤᠯᠠ ᠶᠡᠭᠡ ᠪᠠᠶᠢᠷᠢᠯᠠᠭᠤᠯᠤᠯᠲᠠ | ᠪᠣᠯᠣᠨ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠨᠡ ᠵᠢᠯ ᠤᠨ ᠳᠠᠷᠤᠮᠠᠯᠯᠠᠨ ᠲᠠᠷᠬᠠᠭᠠᠭᠰᠠᠨ | ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠶᠣᠰᠣᠭᠠᠷ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ | ᠠᠵᠢᠯᠯᠠᠭ᠎ᠠ ᠪᠠᠷ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ ᠴᠢᠩᠭᠠᠳᠬᠠᠵᠤ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠬᠡᠷᠡᠭᠴᠡᠭᠡ ᠳᠤ ᠬᠠᠨᠳᠤᠭᠤᠯᠤᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ | ᠴᠢᠷᠦᠯᠲᠡ ᠶᠢᠨ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠵᠦ᠂ ᠲᠦᠷᠦᠯ ᠵᠦᠢᠯ ᠤᠨ ᠲᠦᠷᠭᠡᠨ | ᠪᠦᠲᠦᠭᠡᠨ ᠪᠠᠶᠢᠭᠤᠯᠤᠯᠲᠠ ᠲᠦᠷᠭᠡᠨ ᠠᠰᠢᠭᠯᠠᠯᠲᠠ ᠳᠤ ᠣᠷᠣᠬᠤ ᠶᠢ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠡᠨ | ᠰᠡᠳᠬᠢᠯ ᠠᠴᠠ ᠪᠠᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠲᠦᠰᠢᠭ ᠲᠤᠯᠭᠠᠭᠤᠷᠢ᠂ ᠴᠢᠳᠠᠪᠤᠷᠢ | ᠣᠯᠭᠤᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠨ᠎ᠠ︔ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠪᠠᠷ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ | ᠨᠡᠶᠢᠭᠡᠮ ᠤᠨ ᠲᠣᠭᠲᠠᠭᠤᠨ ᠪᠠᠶᠢᠳᠠᠯ ᠤᠨ ᠰᠠᠭᠤᠷᠢ ᠶᠢ ᠪᠠᠲᠤᠳᠬᠠᠨ᠂ ᠠᠷᠭ᠎ᠠ ᠪᠦᠬᠦᠨ ᠢ ᠰᠦᠪᠡᠭᠴᠢᠯᠡᠨ ᠠᠵᠢᠯᠴᠢᠨ | ᠬᠡᠷᠡᠭᠯᠡᠬᠦ ᠬᠡᠷᠡᠭᠴᠡᠭᠡ ᠶᠢ ᠥᠷᠭᠡᠳᠬᠡᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠪᠠᠷ ᠳᠠᠮᠵᠢᠭᠤᠯᠤᠨ ᠤᠯᠠᠨ | ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠡᠷᠡᠭᠯᠡᠭᠡᠨ ᠤ ᠨᠡᠮᠡᠭᠳᠡᠯ ᠢ ᠲᠠᠶᠢᠴᠢᠯᠠᠨ᠎ᠠ︔ ᠤᠰᠤ ᠠᠷᠪᠢᠯᠠᠬᠤ | ᠠᠵᠢᠯᠯᠠᠭ᠎ᠠ ᠪᠠᠷ ᠦᠷᠭᠦᠯᠵᠢᠯᠡᠬᠦ ᠬᠥᠭᠵᠢᠯᠲᠡ ᠶᠢ ᠪᠠᠲᠤᠯᠠᠵᠤ᠂ ᠬᠤᠳᠠ ᠬᠥᠳᠡᠭᠡ ᠲᠣᠰᠬᠤᠨ᠂ ᠠᠵᠤ ᠦᠢᠯᠡᠳᠪᠦᠷᠢ | ᠲᠠᠷᠢᠶᠠᠯᠠᠩ᠂ ᠦᠢᠯᠡᠳᠪᠦᠷᠢᠯᠡᠯ ᠠᠮᠢᠳᠤᠷᠠᠯ ᠤᠨ ᠪᠦᠬᠦ ᠲᠠᠯ᠎ᠠ ᠪᠠᠷ ᠤᠰᠤ ᠠᠷᠪᠢᠯᠠᠬᠤ ᠶᠢ ᠠᠬᠢᠭᠤᠯᠵᠤ᠂ ᠬᠤᠳᠠ ᠶᠢᠨ | ᠣᠷᠣᠰᠢᠨ ᠲᠣᠭᠲᠠᠨᠢᠬᠤ ᠪᠠ ᠬᠥᠭᠵᠢᠬᠦ ︽ᠠᠮᠢᠨ ᠰᠤᠳᠠᠰᠤ︾ ᠶᠢ ᠰᠠᠬᠢᠨ ᠬᠠᠮᠠᠭᠠᠯᠠᠨ᠎ᠠ︔ ᠣᠷᠣᠨ ᠪᠦᠰᠡ ᠶᠢᠨ | ᠬᠠᠮᠲᠤᠷᠠᠯᠴᠠᠭ᠎ᠠ ᠪᠠᠷ ᠠᠵᠢᠯᠯᠠᠭ᠎ᠠ ᠪᠠᠨ ᠭᠦᠨᠵᠡᠭᠡᠶᠢᠷᠡᠭᠦᠯᠬᠦ ᠪᠠᠷ ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢ | ᠥᠷᠭᠡᠳᠬᠡᠵᠦ᠂ ᠣᠷᠣᠨ ᠤ ᠲᠥᠪ ᠬᠤᠳᠠ ᠶᠢᠨ ᠬᠦᠷᠢᠶ᠎ᠡ ᠶᠢ ᠦᠨᠡᠨ ᠪᠣᠳᠠᠲᠠᠢ ᠪᠠᠷ ᠬᠦᠴᠦᠷᠬᠡᠭᠵᠢᠭᠦᠯᠵᠦ᠂ ︽ | ᠨᠠᠶᠢᠵᠢ ᠶᠢᠨ ᠬᠦᠷᠢᠶ᠎ᠡ︾ ᠶᠢ ᠦᠢᠯᠡᠳᠪᠦᠷᠢᠯᠡᠯ ᠤᠨ ᠬᠦᠴᠦᠨ ᠲᠠᠢ ᠪᠣᠯᠭᠠᠬᠤ ᠬᠡᠷᠡᠭᠲᠡᠢ︔ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ | ᠭᠡᠬᠦ ᠡᠨᠡᠬᠦ ︽ᠪᠠᠶᠠᠨ ᠠᠭᠤᠷᠬᠠᠢ︾ ᠶᠢ ᠭᠦᠨ ᠠᠭᠤᠳᠠᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ ︽ᠵᠢᠷᠭᠤᠭᠠᠨ ᠠᠵᠢᠯᠯᠠᠭ᠎ᠠ︾ ᠨᠢ ᠬᠠᠷᠢᠯᠴᠠᠨ ᠬᠤᠯᠪᠣᠯᠳᠤᠵᠤ᠂ | ᠬᠠᠷᠢᠯᠴᠠᠨ ᠠᠬᠢᠭᠤᠯᠵᠤ᠂ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠬᠤᠲᠠ ᠶᠢᠨ ᠱᠠᠲᠤᠨ ᠤ ᠲᠠᠰ | ᠳᠠᠪᠬᠤᠷᠭ᠎ᠠ ᠳᠤ ᠪᠠᠶᠢᠭᠤᠯᠤᠭᠰᠠᠨ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠲᠤᠰᠬᠠᠢ ᠠᠩᠭᠢ ᠶᠢᠨ | ᠲᠣᠬᠢᠷᠠᠭᠤᠯᠤᠯᠲᠠ ᠶᠢ ᠴᠢᠩᠭᠠᠳᠬᠠᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠬᠤᠰᠢᠭᠤ ᠰᠢᠶᠠᠨ | ᠲᠣᠭᠤᠷᠢᠭ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡᠯᠡᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠬᠤ ᠬᠡᠷᠡᠭᠲᠡᠢ᠃ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠣᠳᠠᠲᠤ | ᠠᠮᠵᠢᠯᠲᠠ ᠪᠠᠷ ᠪᠠᠭᠠᠲᠤᠷ ᠢ ᠦᠨᠡᠯᠡᠵᠦ᠂ ᠪᠣᠳᠠᠲᠤ ᠠᠮᠵᠢᠯᠲᠠ ᠪᠠᠷ ᠱᠠᠩᠨᠠᠵᠤ ᠰᠢᠢᠳᠭᠡᠬᠦ ᠶᠢ ᠲᠣᠭᠲᠠᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠪᠤᠤ ᠭᠠᠩ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠰᠠᠯᠬᠢᠨ ᠤ ᠵᠦᠭᠯᠡᠭᠦᠷ ᠪᠣᠯᠣᠨ᠎ᠠ᠂ | ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠪᠠᠷ ᠪᠦᠬᠦ ᠵᠢᠯ ᠤᠨ ᠲᠣᠭᠲᠠᠭᠤᠨ᠂ ᠪᠦᠬᠦ ᠵᠢᠯ ᠤᠨ | ᠤᠷᠤᠭᠰᠢᠯᠠᠯᠲᠠ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠨᠢᠭᠡ ᠳᠤ᠂ ᠠᠵᠤ ᠦᠢᠯᠡᠳᠪᠦᠷᠢ ᠶᠢ | ᠲᠣᠭᠲᠠᠭᠤᠨ ᠪᠠᠶᠢᠯᠭᠠᠵᠤ᠂ ᠠᠵᠤ ᠦᠢᠯᠡᠰ ᠤᠨ ᠪᠦᠰᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ | ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠥᠭᠡᠮᠨᠡᠷᠡᠯ ᠢ ᠬᠤᠯᠪᠣᠯᠳᠤᠭᠤᠯᠤᠨ | ᠬᠡᠯᠬᠢᠶ᠎ᠡ ᠪᠣᠯᠭᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠡᠪᠴᠢᠶᠡᠵᠢᠭᠦᠯᠬᠦ ᠬᠠᠨᠳᠤᠰᠢ ᠶᠢᠨ | ᠲᠠᠯ᠎ᠠ ᠪᠠᠷ ᠰᠢᠪᠲᠤᠯᠤᠯᠲᠠ ᠲᠠᠢ ᠪᠣᠯᠭᠠᠬᠤ ᠶᠢ ᠲᠦᠷᠭᠡᠳᠬᠡᠬᠦ ᠬᠡᠷᠡᠭᠲᠡᠢ᠃ ᠬᠤᠶᠠᠷ ᠲᠤ᠂ ᠪᠡᠯᠡ ᠣᠷᠣᠭᠤᠯᠤᠯᠲᠠ ᠶᠢ | ᠪᠠᠬᠢᠵᠢᠭᠦᠯᠬᠦ ᠳᠤ ᠲᠦᠷᠦᠭᠦᠯᠡᠨ ᠬᠢᠵᠦ᠂ ᠡᠯ᠎ᠡ ᠵᠦᠢᠯ ᠤᠨ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ | ᠵᠦᠢᠯ ᠢ ᠡᠬᠢᠯᠡᠭᠦᠯᠪᠡᠯ ᠵᠣᠬᠢᠬᠤ ᠶᠢ ᠨᠢ ᠪᠦᠬᠦᠨ ᠢ ᠡᠬᠢᠯᠡᠭᠦᠯᠬᠦ ᠡᠷᠲᠡ ᠡᠬᠢᠯᠡᠭᠦᠯᠬᠦ ᠶᠢ ᠠᠬᠢᠭᠤᠯᠵᠤ᠂ ᠨᠡᠩ ᠤᠯᠠᠨ | ᠪᠣᠳᠠᠲᠤ ᠶᠠᠭᠤᠮ᠎ᠠ ᠶᠢᠨ ᠠᠵᠢᠯ ᠤᠨ ᠬᠡᠮᠵᠢᠶ᠎ᠡ ᠶᠢ ᠪᠤᠢ ᠪᠣᠯᠭᠠᠵᠤ᠂ ᠨᠢᠭᠡᠳᠬᠡᠪᠡᠯ ᠵᠣᠬᠢᠬᠤ ᠶᠢ ᠨᠢ ᠪᠦᠬᠦᠨ ᠢ | ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠬᠡᠷᠡᠭᠯᠡᠭᠡ ᠶᠢ ᠲᠠᠶᠢᠴᠢᠯᠠᠵᠤ᠂ ᠲᠣᠭᠠᠴᠢᠯᠠᠭᠰᠠᠨ ᠬᠡᠷᠡᠭᠯᠡᠭᠡ᠂ | ᠪᠣᠬᠢᠷᠲᠤᠯ ᠦᠭᠡᠢ ᠬᠡᠷᠡᠭᠯᠡᠭᠡ᠂ ᠡᠷᠡᠭᠦᠯᠵᠢᠯ ᠤᠨ ᠬᠡᠷᠡᠭᠯᠡᠭᠡ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ ᠶᠡᠬᠡᠪᠡᠷ | ᠬᠥᠭᠵᠢᠭᠦᠯᠵᠦ᠂ ︽ᠬᠤᠶᠠᠷ ᠰᠢᠨ᠎ᠡ︾ ᠶᠢᠨ ᠳᠡᠮᠵᠢᠯᠭᠡ ᠶᠢᠨ ᠪᠡᠯᠡ ᠮᠥᠩᠭᠦ ᠪᠠᠷ ᠮᠠᠰᠢᠨ ᠲᠡᠷᠭᠡ᠂ ᠭᠡᠷ ᠤᠨ | ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠲᠠᠸᠠᠷ ᠤᠨ ᠬᠡᠷᠡᠭᠯᠡᠭᠡ ᠶᠢ ᠲᠠᠶᠢᠴᠢᠯᠠᠵᠦ᠂ ᠤᠳᠤᠨ ᠲᠡᠰ ᠤᠨ | ᠪᠠᠭᠤᠳᠠᠯ᠂ ᠲᠣᠮᠣ ᠬᠡᠯᠪᠡᠷᠢ ᠶᠢᠨ ᠬᠡᠯᠬᠢᠶ᠎ᠡ ᠬᠡᠳᠦ ᠳᠡᠯᠭᠡᠭᠦᠷ ᠵᠡᠷᠭᠡ ᠡᠯ᠎ᠡ ᠲᠦᠷᠦᠯ ᠤᠨ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠎ᠠ᠃ ᠳᠥᠷᠪᠡ ᠳᠤ᠂ ᠡᠳ᠋ ᠤᠨ ᠵᠠᠰᠠᠭ ᠵᠦᠢ | ᠵᠣᠬᠢᠰᠲᠠᠢ ᠪᠠᠶᠢᠵᠤ᠂ ᠣᠷᠣᠯᠭ᠎ᠠ ᠶᠢᠨ ᠢᠷᠡᠯᠲᠡ ᠶᠢ ᠨᠠᠷᠢᠨ ᠬᠢᠨᠠᠮᠠᠭᠠᠢ ᠲᠥᠯᠥᠪᠯᠡᠵᠦ᠂ ᠣᠷᠣᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠬᠡᠢ ᠬᠤᠭᠤᠰᠤᠨ ᠢᠶᠠᠷ ᠨᠡᠮᠡᠭᠳᠡᠭᠦᠯᠬᠦ ᠶᠢ ᠴᠢᠩᠭ᠎ᠠ ᠰᠡᠷᠭᠡᠶᠢᠯᠡᠵᠦ᠂ ᠲᠤᠭ᠎ᠠ ᠬᠡᠮᠵᠢᠶ᠎ᠡ ᠪᠠ ᠶᠠᠰᠤ | ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠪᠤ ᠳᠤ᠂ ᠭᠠᠳᠠᠭᠠᠳᠤ ᠠᠷᠠᠯᠵᠢᠶ᠎ᠠ ᠶᠢ | ᠨᠡᠮᠡᠭᠳᠡᠭᠦᠯᠵᠦ᠂ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠠᠭᠠᠷ ᠤᠨ ᠭᠠᠷᠠᠮ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠬᠡᠮᠵᠢᠶ᠎ᠡ ᠪᠣᠯᠣᠨ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠬᠡᠮᠵᠢᠶ᠎ᠡ ᠶᠢ ᠬᠦᠴᠦᠯᠡᠨ ᠨᠡᠮᠡᠭᠳᠡᠭᠦᠯᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠵᠦ᠂ ᠴᠢᠯᠦᠭᠡᠲᠦ ᠠᠷᠠᠯᠵᠢᠶᠠᠨ ᠤ ᠣᠷᠣᠨ ᠤ ᠳᠦᠷᠢᠮ ᠤᠨ | ᠰᠢᠨ᠎ᠡ ᠶᠢ ᠡᠭᠦᠳᠬᠦ᠂ ᠲᠦᠷᠦ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠤᠷᠢᠳᠴᠢᠯᠠᠨ ᠰᠦᠪᠡᠭᠴᠢᠯᠡᠨ᠎ᠡ ᠭᠡᠵᠦ | ᠵᠢᠭᠠᠨ ᠭᠠᠷᠭᠠᠪᠠ᠃ | ᠪᠤᠤ ᠭᠠᠩ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠬᠥᠮᠥᠨ ᠳᠤ ᠪᠤᠢ᠃ | ᠡᠯ᠎ᠡ ᠱᠠᠲᠤᠨ ᠤ ᠤᠳᠤᠷᠢᠳᠬᠤ ᠺᠠᠳ᠋ᠷ ᠴᠢᠳᠠᠪᠤᠷᠢ ᠪᠠᠨ ᠳᠡᠭᠡᠭᠰᠢᠯᠡᠭᠦᠯᠬᠦ ᠪᠠᠨ ᠴᠢᠩᠭᠠᠳᠬᠠᠵᠤ᠂ ᠠᠵᠤ ᠠᠬᠤᠢ ᠶᠢ | ᠰᠤᠷᠤᠯᠴᠠᠬᠤ᠂ ᠠᠵᠤ ᠠᠬᠤᠢ ᠶᠢ ᠣᠶᠢᠯᠠᠭᠠᠬᠤ᠂ ᠠᠵᠤ ᠠᠬᠤᠢ ᠶᠢ ᠠᠳᠬᠤᠬᠤ ᠶᠢ ᠲᠦᠷᠦᠭᠦᠯᠡᠨ ᠭᠦᠢᠴᠡᠳᠬᠡᠵᠦ᠂ | ᠲᠣᠭᠲᠠᠭᠰᠠᠨ ᠶᠠᠪᠤᠳᠠᠯ ᠢᠶᠠᠨ ᠲᠡᠷᠡ ᠳᠠᠷᠤᠢ ᠳᠤᠨᠢ ᠬᠡᠯᠡᠵᠦ ᠲᠡᠷᠡ ᠳᠠᠷᠤᠢ ᠳᠤᠨᠢ ᠬᠢᠵᠦ᠂ ᠴᠠᠭ ᠮᠥᠴᠡ ᠶᠢ ᠠᠮᠵᠢᠨ | ᠠᠵᠢᠯᠯᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ ᠪᠠᠶᠢᠭᠤᠯᠬᠤ ᠲᠡᠦᠬᠡᠲᠦ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠤᠪᠢᠶᠠᠷᠢ | ᠬᠤᠷᠠᠯ ᠤᠨ ᠲᠠᠯᠠᠪᠠᠢ ᠲᠣᠬᠢᠷᠠᠭᠤᠯᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ | |