ᠪᠦᠭᠦᠳᠡᠭᠡᠷ  ᠢᠶᠠᠨ ᠵᠦᠪᠯᠡᠵᠦ ᠠᠷᠭ᠎ᠠ ᠤᠬᠠᠭᠠᠨ ᠢᠶᠠᠨ ᠲᠦᠪᠯᠡᠷᠡᠭᠦᠯᠦᠨ ᠲᠤᠳᠠᠭᠳᠠᠯ ᠢ ᠨᠥᠬᠦᠪᠦᠷᠢᠯᠡᠵᠦ ᠰᠢᠨ᠎ᠡ ᠶᠢ ᠡᠭᠦᠳᠦᠨ ᠡᠨᠧᠷᠬᠢ ᠣᠯᠭᠤᠵᠤ ᠣᠷᠣᠨ ᠪᠦᠰᠡ ᠶᠢ  ᠴᠤᠭᠴᠠᠯᠠᠶ᠎ᠠ — ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠳᠠ ᠶᠢᠨ ᠰᠢᠨᠡᠴᠢᠯᠡᠯᠲᠡ ᠶᠢᠨ ᠠᠬᠢᠴᠠ ᠶᠢ ᠲᠦᠷᠭᠡᠳᠭᠡᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2025/2/7
       ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠤᠳᠠᠭᠳᠠᠯ ᠢᠶᠠᠨ ᠨᠥᠬᠦᠪᠦᠷᠢᠯᠡᠵᠦ᠂ ᠬᠥᠭᠵᠢᠯᠲᠡ ᠶᠢ ᠡᠷᠢᠯᠬᠡᠯᠡᠶ᠎ᠡ︕ ᠮᠠᠨ ᠤ ᠤᠯᠤᠰ ᠤᠨ ᠬᠤᠳᠠ ᠶᠢᠨ ᠰᠢᠨᠡᠴᠢᠯᠡᠯᠲᠡ ᠦᠷᠭᠦᠯᠵᠢᠯᠡᠬᠦ ᠬᠥᠭᠵᠢᠯᠲᠡ ᠶᠢᠨ ᠰᠢᠨ᠎ᠡ ᠱᠠᠲᠤᠨ ᠳᠤ ᠣᠷᠣᠪᠠ᠃ ︽ᠬᠤᠳᠠ ᠶᠢᠨ ᠡᠪᠡᠳᠴᠢᠨ︾ ᠢ ᠵᠠᠰᠠᠬᠤ ᠠᠴᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠬᠦᠷᠲᠡᠯ᠎ᠡ᠂ ᠬᠡᠦᠬᠡᠳ ᠤᠨ ᠨᠥᠬᠦᠷᠰᠡᠭ ᠣᠷᠣᠨ ᠪᠦᠰᠡ ᠶᠢ ᠪᠠᠶᠢᠭᠤᠯᠬᠤ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠬᠦᠷᠲᠡᠯ᠎ᠡ᠂ ᠭᠠᠵᠠᠷ ᠳᠣᠣᠷᠠᠬᠢ ᠬᠤᠭᠤᠯᠠᠢ ᠲᠤᠤᠷ ᠬᠤᠩᠭᠢᠯ ᠢ ᠪᠠᠶᠢᠭᠤᠯᠵᠤ ᠥᠭᠡᠷᠡᠴᠢᠯᠡᠬᠦ ᠠᠴᠠ ᠴᠡᠴᠡᠷᠯᠢᠭ ᠤᠨ ᠨᠤᠭᠤᠭᠠᠷᠠᠭᠤᠯᠤᠯᠳᠠ ᠶᠢ ᠨᠡᠭᠡᠭᠡᠨ ᠬᠠᠮᠲᠤᠪᠠᠷ ᠡᠳ᠋ᠯᠡᠬᠦ ᠬᠦᠷᠲᠡᠯ᠎ᠡ ᠁ ᠡᠯ᠎ᠡ ᠭᠠᠵᠠᠷ ᠤᠨ ᠬᠢᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠳᠠ ᠶᠢᠨ ᠰᠢᠨᠡᠴᠢᠯᠡᠯᠲᠡ ᠶᠢ ᠬᠡᠷᠡᠭᠵᠢᠭᠦᠯᠵᠦ ᠂ ᠬᠤᠳᠠ ᠶᠢᠨ ᠳᠦᠷᠰᠦ ᠪᠠᠶᠢᠳᠠᠯ ᠪᠣᠯᠣᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ ᠪᠠᠶᠢᠨ᠎ᠠ᠃      ᠬᠤᠳᠠ ᠶᠢᠨ ᠰᠢᠨᠡᠴᠢᠯᠡᠯᠲᠡ ᠶᠢᠨ ᠠᠵᠢᠯ ᠤᠨ ᠬᠡᠮᠵᠢᠶ᠎ᠡ ᠶᠡᠭᠡ ᠬᠡᠪᠴᠢᠶ᠎ᠡ ᠪᠠᠷ ᠥᠷᠭᠡᠨ᠂ ᠡᠯ᠎ᠡ ᠲᠠᠯ᠎ᠠ ᠳᠤ ᠬᠤᠯᠪᠣᠭᠳᠠᠵᠤ ᠪᠠᠶᠢᠭ᠎ᠠ ᠪᠣᠯᠬᠤᠷ ᠬᠡᠷᠬᠢᠨ ᠭᠠᠷᠳᠠᠵᠤ ᠬᠢᠬᠦ ᠪᠤᠢ︖      ᠱᠠᠨᠳᠦ᠋ᠩ ᠤᠨ ᠴᠢᠩᠳᠣᠣ ᠬᠤᠳᠠ ᠶᠢᠨ ᠬᠠᠭᠤᠴᠢᠨ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠵᠠᠩ ᠨᠠᠰᠤᠲᠠᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠲᠠᠭᠯᠠᠬᠤ ᠲᠠᠭᠠᠨ᠄ ︽ᠤᠳᠠᠭ‌‍᠎ᠠ᠎ᠠ ᠪᠦᠷᠢ ᠭᠡᠷ ᠲᠡᠭᠡᠨ ᠬᠠᠷᠢᠬᠤ ᠪᠣᠯᠭᠠᠨ ᠲᠡᠷᠭᠡᠨ ᠵᠣᠭᠰᠣᠭᠠᠯ ᠡᠷᠢᠬᠦ ᠳᠤ ᠬᠡᠳᠦ ᠤᠳᠠᠭ᠎ᠠ ᠡᠷᠭᠢᠳᠡᠭ᠂ ᠬᠡᠦᠬᠡᠳ ᠤᠳ ᠮᠠᠨᠤᠰ ᠢ ᠡᠷᠭᠢᠵᠦ ᠦᠵᠡᠬᠦ ᠳᠤ ᠴᠦ ᠲᠡᠷᠭᠡ ᠵᠣᠭᠰᠤᠭᠠᠬᠤ ᠳᠤ ᠬᠦᠴᠢᠷ ᠪᠠᠶᠢᠳᠠᠭ᠂ ᠢᠯᠠᠩᠭᠤᠶ᠎ᠠ ᠰᠤᠷᠭᠠᠭᠤᠯᠢ ᠡᠬᠢᠯᠡᠬᠦ ᠪᠠ ᠵᠤᠭᠠᠴᠠᠯ ᠤᠨ ᠬᠥᠭᠵᠢᠶᠡᠨ ᠲᠠᠢ ᠤᠯᠠᠷᠢᠯ ᠳᠤ ᠵᠠᠮ ᠤᠨ ᠲᠦᠭᠵᠢᠷᠡᠯ ᠢ ᠪᠤᠢ ᠪᠤᠯᠭᠠᠳᠠᠭ︾ ᠭᠡᠵᠡᠢ᠃       ᠪᠡᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠪᠣᠯ ᠬᠤᠳᠠ ᠶᠢᠨ ᠰᠢᠨᠡᠴᠢᠯᠡᠯᠳᠡ ᠦᠭᠡᠷᠡᠴᠢᠯᠡᠯᠳᠡ ᠶᠢᠨ ᠭᠤᠣᠯᠳᠠᠯᠭ᠎ᠠ ᠪᠣᠯᠣᠨ᠎ᠠ᠃ ᠴᠢᠩᠳᠣᠣ ᠬᠤᠳᠠ ᠶᠢᠨ ᠬᠢᠨ ᠪᠦᠬᠦ ᠬᠤᠳᠠ ᠶᠢᠨ 1300 ᠭᠠᠷᠤᠢ ᠨᠡᠶᠢᠭᠡᠮ ᠲᠣᠭᠤᠷᠢᠭ ᠲᠤ ᠲᠠᠷᠬᠠᠭᠠᠭᠰᠠᠨ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠳᠤ᠂ ᠲᠡᠷᠭᠡ ᠵᠣᠭᠰᠤᠭᠠᠬᠤ ᠳᠤ ᠬᠦᠴᠢᠷᠲᠡᠢ᠂ ᠠᠷᠠᠳ ᠲᠤ ᠲᠦᠬᠦᠮ ᠦᠵᠡᠭᠦᠯᠬᠦ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠲᠡᠭᠦᠯᠳᠡᠷ ᠪᠤᠰᠤ᠂ ᠤᠰᠤᠲᠤᠯ ᠤᠰᠤ ᠬᠤᠷᠠᠮᠳᠤᠬᠤ ᠂ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠤᠷ ᠬᠦᠷᠦᠯᠴᠡᠬᠦ ᠦᠭᠡᠢ ᠵᠡᠷᠭᠡ ᠪᠣᠯ ᠤᠯᠠᠨ ᠲᠦᠮᠡᠨ ᠤ ᠲᠥᠪᠯᠡᠷᠡᠭᠦᠯᠦᠨ ᠲᠤᠰᠬᠠᠭᠰᠠᠨ ᠠᠰᠠᠭᠤᠳᠠᠯ ᠪᠣᠯᠣᠨ᠎ᠠ᠃ ᠤᠯᠠᠨ ᠲᠦᠮᠡᠨ ᠤ ᠪᠠᠴᠢᠮ ᠲᠤᠯᠭᠠᠮ᠎ᠠ ᠬᠦᠰᠡᠯ ᠡᠷᠡᠮᠡᠯᠵᠡᠯ ᠳᠤ ᠬᠠᠷᠢᠭᠤ ᠦᠭᠬᠦ ᠶᠢᠨ ᠲᠦᠯᠦᠭᠡ᠂ ᠴᠢᠩᠳᠣᠣ 2024 ᠣᠨ ᠳᠤ 122 ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠵᠦ᠂ ᠵᠢᠷᠤᠮᠵᠢᠭᠰᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ 40 ᠪᠠᠶᠢᠭᠤᠯᠵᠤ᠂ 26 ᠵᠠᠮ ᠤᠨ ᠬᠤᠲᠣᠭᠤᠷ ᠭᠠᠵᠠᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠤᠳᠠ ᠶᠢᠨ ᠨᠡᠶᠢᠭᠡᠮ ᠲᠣᠭᠤᠷᠢᠭ ᠤᠨ ︽8 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃      ᠤᠷᠢᠳ ᠢᠶᠠᠷ ᠪᠡᠶ᠎ᠡ ᠶᠢᠨ ᠪᠠᠶᠢᠴᠠᠭᠠᠯᠲᠠ ᠬᠢᠵᠦ᠂ ᠳᠠᠷᠠᠭ᠎ᠠ ᠨᠢ ᠰᠢᠨᠡᠴᠢᠯᠡᠨ᠎ᠡ᠂ ᠪᠡᠶ᠎ᠡ ᠶᠢᠨ ᠪᠠᠶᠢᠴᠠᠭᠠᠯᠲᠠ ᠬᠢᠬᠦ ᠦᠭᠡᠢ ᠪᠤᠯ ᠰᠢᠨᠡᠴᠢᠯᠡᠵᠦ ᠪᠤᠯᠬᠤ ᠦᠭᠡᠢ ᠵᠠᠷᠴᠢᠮ ᠪᠤᠯ ᠬᠤᠲᠠ ᠶᠢᠨ ᠪᠡᠶ᠎ᠡ ᠶᠢᠨ ᠪᠠᠶᠢᠴᠠᠭᠠᠯᠲᠠ ᠬᠢᠬᠦ ᠪᠠ ᠬᠤᠲᠠ ᠶᠢᠨ ᠰᠢᠨᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠲᠣᠭᠲᠠᠴᠠ ᠮᠦᠨ᠃ 2024 ᠣᠨ ᠳᠤ᠂ 297 ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠲᠤᠳᠠᠭᠳᠠᠯ ᠢ ᠪᠥᠬᠦ ᠲᠠᠯ᠎ᠠ ᠪᠠᠷ ᠡᠷᠢᠵᠦ᠂ ᠬᠠᠷᠠᠯᠲᠠ ᠶᠢᠨ ᠤᠳᠤᠷᠢᠳᠤᠮᠵᠢ ᠪᠠ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠨ ᠬᠤᠲᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠪᠠ᠃       ︽ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠵᠦ᠂ ᠬᠤᠲᠠ ᠶᠢᠨ ᠬᠥᠭᠵᠢᠯᠲᠡ ᠶᠢᠨ ᠵᠠᠭᠪᠤᠷ ᠤᠨ ᠬᠡᠯᠪᠡᠷᠢ  ᠶᠢᠨ ᠬᠤᠪᠢᠷᠠᠭᠤᠯᠤᠯᠲᠠ ᠶᠢ ᠠᠬᠢᠭᠤᠯᠬᠤ ᠳᠤ ᠤᠯᠠᠮᠵᠢᠯᠠᠯᠲᠤ ᠠᠷᠭ᠎ᠠ ᠵᠠᠮ ᠪᠣᠯᠣᠨ ᠬᠡᠪᠰᠢᠮᠡᠯ ᠰᠡᠳᠬᠢᠬᠦᠢ ᠠᠴᠠ ᠰᠠᠯᠬᠤ ᠬᠡᠷᠡᠭᠳᠡᠢ᠂ ᠳᠤᠮᠳᠠᠳᠤ ᠤᠯᠤᠰ ᠤᠨ ᠬᠤᠳᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠤᠳᠠ ᠶᠢᠨ ᠰᠢᠨᠡᠴᠢᠯᠡᠯᠲᠡ ᠶᠢᠨ ᠬᠤᠪᠢᠶᠠᠷᠢ ᠬᠦᠷᠢᠶᠡᠯᠡᠩ ᠤᠨ ᠳᠠᠷᠤᠭ᠎ᠠ ᠹᠠᠨ ᠰᠧ ᠪᠢᠨ᠂ ᠮᠠᠨ ᠤ ᠤᠯᠤᠰ ᠤᠨ ᠬᠤᠳᠠ ᠦᠯᠡᠳᠡᠭᠡᠯ ᠬᠥᠭᠵᠢᠯᠲᠡ ᠶᠢᠨ ᠱᠠᠲᠤᠨ ᠳᠤ ᠣᠷᠣᠵᠤ᠂ ᠬᠤᠳᠠ ᠶᠢᠨ ᠰᠢᠨᠡᠴᠢᠯᠡᠯᠲᠡ ᠪᠠᠷ ᠲᠠᠮᠵᠢᠨ ᠣᠳᠣᠬᠠᠨ ᠤ ᠪᠠ ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠳᠤ ᠦᠯᠦ ᠵᠣᠬᠢᠴᠠᠬᠤ ᠴᠢᠳᠠᠮᠵᠢ᠂ ᠡᠵᠡᠩᠨᠡᠯᠲᠡ ᠶᠢᠨ ᠬᠡᠯᠪᠡᠷᠢ᠂ ᠵᠥᠭᠡᠯᠡᠨ ᠵᠠᠰᠠᠯᠲᠠ ᠶᠢᠨ ᠲᠣᠭᠲᠠᠴᠠ ᠵᠡᠷᠭᠡ ᠲᠠᠯ᠎ᠠ ᠪᠠᠷ ᠦᠷᠭᠦᠯᠵᠢᠯᠡᠨ ᠰᠠᠶᠢᠵᠢᠷᠠᠭᠤᠯᠤᠨ ᠳᠡᠭᠡᠭᠰᠢᠯᠡᠭᠦᠯᠬᠦ ᠴᠢᠬᠤᠯᠠᠲᠠᠢ ᠭᠡᠵᠦ ᠬᠡᠯᠡᠪᠡ᠃       ᠬᠤᠲᠠ ᠶᠢᠨ ᠰᠢᠨᠡᠴᠢᠯᠡᠯᠲᠡ ᠨᠢ ᠬᠤᠲᠠ ᠶᠢᠨ ᠲᠥᠯᠦᠪᠵᠢᠭᠦᠯᠭᠡ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠵᠡᠮᠵᠢ ᠴᠡᠴᠡᠷᠯᠢᠭ᠂ ᠬᠤᠲᠠ ᠶᠢᠨ ᠶᠠᠪᠤᠳᠠᠯ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠵᠤ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠣᠯᠠᠨ ᠪᠠᠶᠢᠳᠠᠭ᠂ ᠬᠡᠷᠬᠢᠨ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠶᠢᠵᠢᠭᠤᠯᠬᠤ ᠪᠣᠶ︖      ᠬᠤᠳᠠ ᠶᠢᠨ ᠰᠢᠨᠡᠴᠢᠯᠡᠯᠲᠡ ᠨᠢ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠢ᠂ ᠰᠢᠰᠲ᠋ᠧᠮᠲᠦ ᠴᠢᠨᠠᠷᠲᠠᠢ ᠪᠠ ᠤᠷᠳᠤ ᠬᠤᠭᠤᠴᠠᠭᠠᠨ ᠤ ᠴᠢᠨᠠᠷᠲᠠᠢ ᠠᠵᠢᠯ ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠤᠯᠠᠨ ᠡᠰᠢᠴᠢᠯᠡᠨ ᠣᠷᠣᠯᠴᠠᠬᠤ ᠶᠢ ᠴᠢᠬᠤᠯᠠᠴᠢᠯᠠᠬᠤ ᠬᠡᠷᠡᠭᠲᠡᠢ ᠭᠡᠳᠡᠭ ᠢ ᠡᠯ᠎ᠡ ᠭᠠᠵᠠᠷ ᠤᠨ ᠦᠢᠯᠡᠳᠦᠯᠭᠡ ᠬᠠᠷᠠᠭᠤᠯᠵᠤ ᠪᠠᠶᠢᠨ᠎ᠠ᠃      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠳᠤᠮᠳᠠ᠂ ᠡᠯ᠎ᠡ ᠭᠠᠵᠠᠷ ᠤᠨ ᠬᠢᠨ ᠰᠠᠭᠤᠭᠠᠯᠢ ᠠᠷᠠᠳ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠰᠠᠭᠤᠭᠠᠯᠢ ᠠᠷᠠᠳ ᠤᠨ ᠠᠯᠪᠠᠨ ᠵᠢᠷᠤᠮ ᠤᠨ ᠬᠢᠨᠠᠯᠲᠠ ᠲᠠᠯᠪᠢᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠬᠦᠰᠡᠯ ᠡᠷᠡᠮᠡᠯᠵᠡᠯ ᠤᠨ ᠨᠠᠷᠢᠨ ᠲᠠᠩᠰᠠ︾ ᠶᠢ ᠪᠡᠶ᠎ᠡ ᠪᠠᠷ ᠢᠶᠠᠨ ᠲᠣᠭᠲᠠᠭᠠᠵᠤ ᠪᠠᠶᠢᠨ᠎ᠠ︔ ᠤᠯᠤᠰ ᠤᠨ ᠦᠮᠴᠢᠯᠡᠯᠳᠦ ᠠᠵᠤ ᠠᠬᠤᠶᠢᠯᠠᠯ ᠲᠥᠪ ᠤᠨ ᠠᠵᠤ ᠠᠬᠤᠶᠢᠯᠠᠯ ᠨᠢ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠠᠵᠤ ᠦᠢᠯᠡᠳᠪᠦᠷᠢ ᠶᠢᠨ ᠲᠣᠭᠤᠷᠢᠭ ᠵᠡᠷᠭᠡ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠲᠠᠯ᠎ᠠ ᠪᠣᠯᠤᠭᠰᠠᠨ ᠤ ᠬᠤᠪᠢ ᠳᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠳᠤ ᠠᠯᠬᠤᠮ ᠢᠶᠠᠷ ᠤᠷᠤᠯᠴᠠᠵᠠᠢ᠃ ᠴᠦᠩᠴᠢᠩ᠂ ᠸᠧᠢ ᠬᠠᠢ ᠵᠡᠷᠭᠡ ᠭᠠᠵᠠᠷ ᠤᠨ ᠬᠢᠨ ︽ᠭᠤᠷᠪᠠᠨ ᠪᠠᠭᠰᠢ ᠶᠢ ᠨᠡᠶᠢᠭᠡᠮ ᠲᠣᠭᠤᠷᠢᠭ ᠲᠤ ᠣᠷᠣᠭᠤᠯᠬᠤ︾᠂ ︽ᠵᠡᠭᠡᠯᠢ ᠶᠢᠨ ᠳᠠᠷᠤᠭ᠎ᠠ ᠶᠢᠨ ᠳᠦᠷᠢᠮ︾᠂ ︽ᠬᠤᠷᠰᠢᠭᠴᠢ︾ ᠵᠡᠷᠭᠡ ᠬᠡᠷᠡᠭ ᠵᠥᠪᠳᠡᠯᠴᠡᠬᠦ ᠲᠣᠭᠲᠠᠴᠠ ᠶᠢ ᠪᠠᠶᠢᠭᠤᠯᠪᠠ ᠁ ᠤᠯᠠᠨ ᠡᠰᠢᠴᠢᠯᠡᠨ ᠣᠷᠣᠯᠴᠠᠬᠤ  ᠨᠢ ᠵᠥᠷᠢᠴᠡᠯ ᠢ ᠨᠠᠮᠳᠠᠭᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠦᠲᠦᠮᠵᠢᠲᠡᠢ ᠠᠷᠭ᠎ᠠ ᠵᠠᠮ ᠪᠣᠯᠵᠠᠢ᠃      ᠬᠤᠳᠠ ᠶᠢᠨ ᠰᠢᠨᠡᠴᠢᠯᠡᠯᠲᠡ ᠪᠣᠯ ᠰᠡᠳᠬᠢᠴᠡ ᠶᠢᠨ ᠰᠢᠨᠡᠴᠢᠯᠡᠯᠲᠡ ᠪᠣᠯᠬᠤ ᠪᠠᠷ ᠪᠠᠷᠠᠬᠤ ᠦᠭᠡᠢ ᠪᠠᠰᠠ ᠴᠤ ᠲᠣᠭᠲᠠᠴᠠ ᠶᠢᠨ ᠰᠢᠨᠡᠴᠢᠯᠡᠯᠲᠡ ᠪᠣᠯᠬᠤ ᠶᠤᠮ᠃ ᠵᠢᠶᠠᠩᠰᠢ ᠶᠢᠨ ᠨᠠᠨᠴᠠᠩ ᠳᠤ᠂ ᠯᠧᠢ ᠬᠥᠩ ᠤᠤ ᠰᠣᠶᠣᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠯᠡᠩ ᠤᠤᠯ ᠨᠢ ᠰᠤᠯᠠ ᠲᠠᠯᠪᠢᠭᠳᠠᠵᠤ ᠪᠠᠶᠢᠭᠰᠠᠨ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠪᠠᠶᠢᠵᠤ᠂ ᠭᠠᠵᠠᠷ ᠰᠢᠷᠣᠢ ᠶᠢ ᠲᠣᠰᠣ ᠨᠡᠮᠡᠬᠦ ᠥᠷᠲᠡᠭᠡᠨ ᠤ ᠬᠡᠷᠡᠭᠯᠡᠬᠦ ᠭᠠᠵᠠᠷ ᠲᠤ ᠬᠤᠪᠢᠶᠠᠷᠢᠯᠠᠨ ᠥᠭᠴᠡᠢ᠃ ᠡᠨᠡ ᠬᠦ ᠰᠤᠯᠠ ᠪᠠᠶᠢᠭ᠎ᠠ ᠣᠷᠣᠨ ᠵᠠᠢ ᠶᠢ ᠠᠮᠢᠳᠤᠯᠢᠭ ᠢᠶᠠᠷ ᠠᠰᠢᠭᠯᠠᠬᠤ ᠶᠢᠨ ᠲᠥᠯᠥᠭᠡ᠂ ᠵᠢᠶᠠᠩᠰᠢ ᠮᠤᠵᠢ ᠲᠡᠭᠦᠨ ᠢ ᠬᠤᠲᠠ ᠪᠠᠯᠭᠠᠰᠤᠨ ᠤ ᠳᠣᠣᠷ᠎ᠠ ᠠᠰᠢᠭᠯᠠᠮᠵᠢ ᠲᠠᠢ ᠭᠠᠵᠠᠷ ᠢ ᠳᠠᠬᠢᠨ ᠨᠡᠭᠡᠭᠡᠨ ᠠᠰᠢᠭᠯᠠᠬᠤ ᠲᠤᠷᠰᠢᠯᠲᠠ ᠶᠢᠨ ᠴᠡᠭ ᠲᠤ ᠵᠢᠭᠰᠠᠭᠠᠨ ᠣᠷᠣᠭᠤᠯᠵᠤ᠂ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ ᠪᠠᠷ ᠪᠠᠷᠢᠯᠭ᠎ᠠ ᠶᠢᠨ ᠬᠡᠷᠡᠭᠯᠡᠭᠡᠨ ᠤ ᠴᠢᠳᠠᠮᠵᠢ ᠶᠢ ᠬᠤᠪᠢᠷᠠᠭᠤᠯᠤᠭᠰᠠᠨ ᠪᠠᠶᠢᠨ᠎ᠠ᠃ ᠲᠠᠷᠠᠭ᠎ᠠ ᠨᠢ ᠮᠤᠵᠢ ᠶᠢᠨ ᠬᠠᠷᠢᠶ᠎ᠠ ᠤᠯᠤᠰ ᠤᠨ ᠦᠮᠴᠢᠯᠡᠯᠳᠦ ᠺᠣᠮᠫᠠᠨᠢ ᠱᠠᠩᠬᠠᠢ ᠶᠢᠨ ᠨᠢᠭᠡᠨ ᠪᠦᠯᠦᠭᠯᠡᠯᠳᠦ ᠺᠤᠮᠫᠠᠨᠢ ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 3 ᠳ᠋ᠦᠩᠰᠢᠭᠤᠷ ᠲᠥᠭᠦᠷᠢᠭ ᠲᠤ ᠬᠦᠷᠴᠦ᠂ ᠤᠯᠠᠮᠵᠢᠯᠠᠯᠲᠤ ᠲᠦᠷᠭᠡᠨ ᠤ ᠵᠠᠮ ᠤᠨ ᠦᠢᠯᠡᠴᠢᠯᠡᠭᠡᠨ ᠤ ᠲᠣᠭᠤᠷᠢᠭ ᠢ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠪᠣᠯᠭᠠᠨ ᠥᠭᠡᠷᠡᠴᠢᠯᠡᠨ ᠲᠡᠰ ᠳᠡᠪᠰᠢᠭᠦᠯᠵᠡᠢ᠃      ᠵᠠᠰᠠᠭ ᠤᠨ ᠣᠷᠳᠣᠨ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠨ᠂ ᠰᠡᠳᠬᠢᠮᠵᠢ ᠪᠠᠨ ᠲᠠᠰᠤᠷᠠᠯᠲᠠ ᠦᠭᠡᠢ ᠰᠢᠨ᠎ᠡ ᠪᠠᠷ ᠡᠭᠦᠳᠴᠦ ᠦᠯᠡᠳᠡᠭᠡᠯ ᠡᠬᠢ ᠪᠠᠶᠠᠯᠢᠭ ᠢ ᠰᠢᠯᠢᠳᠡᠭᠵᠢᠭᠦᠯᠦᠨ᠎ᠡ᠃ ᠵᠠᠷᠢᠮ ᠭᠠᠵᠠᠷ ᠣᠷᠣᠨ ᠤ ᠬᠢᠨ ᠦᠯᠡᠳᠡᠭᠡᠯ ᠬᠡᠷᠡᠭᠯᠡᠬᠦ ᠭᠠᠵᠠᠷ ᠢ ᠨᠡᠶᠢᠯᠡᠭᠦᠯᠦᠨ ᠠᠰᠢᠭᠯᠠᠬᠤ ᠶᠢ ᠵᠥᠪᠰᠢᠶᠡᠷᠡᠵᠦ᠂ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠯᠡᠳᠡᠭᠡᠯ ᠡᠬᠢ ᠪᠠᠶᠠᠯᠢᠭ ᠢ ᠲᠠᠬᠢᠨ ᠠᠰᠢᠭᠯᠠᠬᠤ ᠬᠠᠷᠰᠢ ᠰᠠᠭᠠᠳ ᠢ ᠠᠷᠢᠯᠭᠠᠪᠠ᠃ ᠵᠠᠷᠢᠮ ᠭᠠᠵᠠᠷ ᠤᠨ ᠬᠢᠨ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾᠂ ᠬᠡᠰᠡᠭ ᠪᠤᠰᠠᠭ ᠢᠶᠠᠷ ᠬᠡᠷᠡᠭᠯᠡᠬᠦ ᠭᠠᠵᠠᠷ ᠢ ᠡᠮᠬᠢᠯᠡᠨ ᠴᠡᠭᠴᠡᠯᠡᠬᠦ ᠵᠡᠷᠭᠡ ᠪᠠᠷ ᠳᠠᠮᠵᠢᠭᠤᠯᠤᠨ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠵᠤ᠂ ᠳᠣᠣᠷ᠎ᠠ ᠠᠰᠢᠭᠯᠠᠮᠵᠢ ᠲᠠᠢ ᠭᠠᠵᠠᠷ ᠢ ᠲᠠᠬᠢᠨ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠵᠤ ᠪᠠᠶᠢᠨ᠎ᠠ᠃ ᠬᠡᠰᠡᠭ ᠭᠠᠵᠠᠷ ᠣᠷᠣᠨ ᠤ ᠬᠢᠨ ᠲᠥᠰᠥᠯ ᠲᠠᠢ ᠪᠠᠷ ᠰᠢᠯᠵᠢᠭᠦᠯᠦᠨ ᠬᠤᠳᠠᠯᠳᠤᠬᠤ᠂ ᠬᠡᠯᠡᠯᠴᠡᠭᠡᠷ ᠢᠶᠠᠷ ᠰᠢᠯᠵᠢᠭᠦᠯᠦᠨ ᠬᠤᠳᠠᠯᠳᠤᠬᠤ᠂ ᠬᠠᠷᠢᠮᠠᠬᠠᠢ ᠴᠢᠨᠠᠷᠲᠠᠢ ᠬᠤᠭᠤᠴᠠᠭ᠎ᠠ ᠵᠡᠷᠭᠡ ᠭᠠᠵᠠᠷ ᠰᠢᠷᠣᠢ ᠬᠠᠩᠭᠠᠬᠤ ᠨᠠᠩ ᠠᠮᠢᠳᠤᠯᠢᠭ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠪᠡ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠡᠯ᠎ᠡ ᠭᠠᠵᠠᠷ ᠤᠨ ᠬᠢᠨ ᠭᠠᠵᠠᠷ ᠰᠢᠷᠣᠢ᠂ ᠲᠥᠯᠦᠪᠵᠢᠭᠦᠯᠭᠡ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠲᠡ 1000 ᠭᠠᠷᠤᠢ ᠨᠡᠶᠢᠲᠡᠯᠡᠵᠦ᠂ ᠮᠡᠷᠭᠡᠵᠢᠯ ᠤᠨ ᠪᠠᠷᠢᠮᠵᠢᠶ᠎ᠠ᠂ ᠠᠵᠢᠯᠯᠠᠭᠠᠨ ᠤ ᠵᠦᠭᠯᠡᠭᠦᠷ ᠢ 260 ᠭᠠᠷᠤᠢ ᠨᠡᠶᠢᠲᠡᠯᠡᠵᠦ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠪᠡ ᠭᠡᠵᠡᠢ᠃      ᠰᠣᠶᠣᠯ ᠪᠣᠯ ᠬᠤᠲᠠ ᠶᠢᠨ ᠠᠮᠢᠨ ᠰᠦᠨᠡᠰᠦ ᠮᠥᠨ᠃ ᠣᠶᠢᠷ᠎ᠠ ᠶᠢᠨ ᠵᠢᠯ ᠠᠴᠠ᠂ ᠡᠯ᠎ᠡ ᠭᠠᠵᠠᠷ ᠤᠨ ᠬᠢᠨ ᠪᠦᠲᠦᠭᠡᠯᠴᠢ ᠴᠢᠨᠠᠷᠲᠠᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠪᠠᠷ ᠳᠠᠮᠵᠢᠭᠤᠯᠵᠤ᠂ ᠬᠤᠳᠠ ᠶᠢᠨ ᠰᠢᠨᠡᠴᠢᠯᠡᠯᠲᠡ ᠶᠢᠨ ᠳᠤᠮᠳᠠ ᠬᠤᠳᠠ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠥᠪᠡᠷᠮᠢᠴᠡ ᠣᠨᠴᠠᠯᠢᠭ ᠲᠠᠢ ᠲᠡᠦᠬᠡ ᠶᠢᠨ ᠳᠦᠷᠰᠦ ᠪᠠᠶᠢᠳᠠᠯ ᠢ ᠬᠠᠳᠠᠭᠠᠯᠠᠵᠤ᠂ ᠲᠡᠦᠬᠡ ᠪᠣᠯᠣᠨ ᠤᠳᠤ ᠦᠶ᠎ᠡ ᠶᠢᠨ ᠣᠷᠣᠨ ᠵᠠᠢ ᠶᠢᠨ ᠬᠤᠯᠪᠣᠭᠠᠰᠤ ᠶᠢ ᠲᠠᠬᠢᠨ ᠴᠣᠭᠴᠠᠯᠠᠭᠰᠠᠨ ᠪᠠᠶᠢᠨ᠎ᠠ᠃       ᠪᠡᠭᠡᠵᠢᠩ ᠤᠨ ᠱᠢ ᠵᠢᠩ ᠱᠠᠨ ᠲᠣᠭᠤᠷᠢᠭ ᠤᠨ ᠨᠡᠶᠢᠰᠯᠡᠯ ᠤᠨ ᠪᠣᠯᠣᠳ ᠲᠡᠮᠦᠷ ᠤᠨ ᠺᠣᠮᠫᠠᠨᠢ ᠶᠢᠨ ᠬᠦᠷᠢᠶᠡᠯᠡᠩ ᠤᠨ ᠰᠢᠨᠡᠴᠢᠯᠡᠯᠳᠡ ᠦᠭᠡᠷᠡᠴᠢᠯᠡᠯᠳᠡ ᠶᠢᠨ ᠶᠠᠪᠤᠴᠠ ᠳᠤ᠂ ᠠᠵᠤ ᠦᠢᠯᠡᠳᠪᠦᠷᠢ ᠶᠢᠨ ᠦᠯᠡᠳᠡᠭᠳᠡᠯ ᠢ ᠰᠡᠯᠪᠢᠨ ᠵᠠᠰᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠠᠭᠤᠰᠤᠯᠴᠠᠭᠰᠠᠨ ᠨᠡᠶᠢᠰᠯᠡᠯ ᠬᠤᠳᠠ ᠶᠢᠨ ᠰᠢᠨ᠎ᠡ ᠭᠠᠵᠠᠷ ᠤᠨ ᠲᠡᠮᠳᠡᠭ ᠢ ᠡᠭᠦᠳᠪᠡ︔ ︽ᠠᠵᠤ ᠦᠢᠯᠡᠳᠪᠦᠷᠢ ᠶᠢᠨ ᠵᠢᠪᠡᠷᠡᠬᠦ ᠪᠦᠰᠡ︾ ᠠᠴᠠ ︽ᠠᠮᠢᠳᠤᠷᠠᠯ ᠤᠨ ᠦᠵᠡᠰᠭᠦᠯᠡᠩᠳᠦ ᠲᠠᠯᠠᠪᠠᠢ︾ ᠬᠦᠷᠲᠡᠯ᠎ᠡ᠂ ᠬᠤᠪᠧᠢ ᠶᠢᠨ ᠬᠤᠸᠠᠩ ᠱᠢ ᠦᠢᠯᠡᠳᠪᠦᠷᠢ ᠠᠭᠤᠷᠬᠠᠢ ᠶᠢᠨ ᠬᠠᠭᠤᠴᠢᠨ ᠬᠤᠳᠠ ᠶᠢ ᠰᠢᠨ᠎ᠡ ᠪᠠᠷ ᠲᠥᠯᠥᠪᠵᠢᠭᠦᠯᠵᠦ᠂ ᠣᠶᠢᠷ᠎ᠠ ᠦᠶ᠎ᠡ ᠶᠢᠨ ᠠᠵᠤ ᠦᠢᠯᠡᠳᠪᠦᠷᠢ ᠶᠢᠨ ᠪᠠᠷᠢᠯᠭ᠎ᠠ ᠶᠢᠨ ᠬᠡᠪ ᠨᠠᠮᠪᠠ ᠪᠠᠷ ᠬᠦᠭ ᠠᠶᠠᠰ ᠪᠣᠯᠭᠠᠵᠤ᠂ ᠬᠡᠰᠡᠭ ᠣᠷᠣᠨ ᠤ ᠲᠡᠦᠬᠡ ᠶᠢᠨ ᠳᠤᠷᠠᠰᠤᠮᠵᠢ ᠶᠢ ᠦᠯᠡᠳᠡᠭᠡᠭᠰᠡᠨ ᠰᠠᠭᠤᠷᠢᠨ ᠳᠡᠭᠡᠷ᠎ᠡ ᠡᠷᠬᠢᠨ ᠲᠣᠭᠤᠷᠢᠨ ᠤ ᠪᠠᠷᠢᠯᠭ᠎ᠠ ᠳᠤ ᠥᠭᠡᠷᠡᠴᠢᠯᠡᠯᠲᠡ ᠬᠢᠵᠦ᠂ ᠬᠡᠰᠡᠭ ᠣᠷᠣᠨ ᠳᠤ ᠰᠢᠨ᠎ᠡ ᠠᠮᠢᠵᠢᠷᠠᠯ ᠤᠨ ᠬᠦᠴᠦᠨ ᠣᠯᠭᠤᠪᠠ︔ ︽ᠦᠯᠡᠳᠡᠭᠡᠬᠦ ᠥᠭᠡᠷᠡᠴᠢᠯᠡᠬᠦ ᠨᠤᠷᠠᠭᠠᠬᠤ︾ ᠶᠢ ᠵᠡᠷᠭᠡᠪᠡᠷ ᠴᠢᠬᠤᠯᠠᠴᠢᠯᠠᠵᠤ᠂ ᠵᠧᠵᠢᠶᠠᠩ ᠤᠨ ᠬᠤᠵᠸᠦ ᠶᠢᠨ ᠰᠢᠶᠣᠣ ᠰᠢ ᠵᠡᠭᠡᠯᠢ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ ᠲᠤ ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ ᠰᠡᠯᠪᠢᠨ ᠵᠠᠰᠠᠯᠲᠠ ᠬᠢᠵᠦ᠂ ︽ᠭᠤᠣᠯ — ᠭᠡᠷ — ᠵᠠᠮ︾ ᠤᠨ ᠤᠯᠠᠮᠵᠢᠯᠠᠯᠲᠤ ᠲᠦᠷᠢ ᠲᠦᠷᠬᠦ ᠶᠢ ᠦᠯᠡᠳᠡᠭᠡᠵᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠩᠭᠠᠭᠰᠠᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠲᠣ ᠪᠣᠯᠲᠠᠯ᠎ᠠ᠂ ᠪᠥᠬᠦ ᠤᠯᠤᠰ ᠲᠤ ᠨᠢᠭᠡᠨᠲᠡ 6 ᠲᠦᠮᠡ ᠭᠠᠷᠤᠢ ᠬᠤᠲᠠ ᠶᠢᠨ ᠰᠢᠨᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠲᠡᠦᠬᠡ ᠶᠢᠨ ᠪᠠᠷᠢᠯᠭ᠎ᠠ ᠶᠢ ᠠᠮᠢᠳᠤᠯᠢᠭ ᠢᠶᠠᠷ ᠠᠰᠢᠭᠯᠠᠭᠰᠠᠨ ᠪᠠᠶᠢᠨ᠎ᠠ᠃      ᠨᠢᠭᠡ ᠲᠠᠯ᠎ᠠ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠨᠦᠬᠦᠭᠡ ᠲᠠᠯ᠎ᠠ ᠨᠢ ᠬᠤᠳᠠ ᠶᠢᠨ ᠬᠥᠭᠵᠢᠯᠲᠡ ᠲᠠᠢ ᠬᠤᠯᠪᠤᠭᠳᠠᠨ᠎ᠠ᠂ 2025 ᠣᠨ ᠳᠤ ᠮᠠᠨ ᠤ ᠤᠯᠤᠰ ᠬᠤᠳᠠ ᠶᠢᠨ ᠰᠢᠨᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ᠨᠢᠭᠡ ᠪᠦᠯᠦᠭ ᠬᠤᠳᠠ ᠶᠢᠨ ᠰᠢᠨᠡᠴᠢᠯᠡᠯᠲᠡ ᠶᠢᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠲᠤᠳᠠᠭᠳᠠᠯ ᠢ ᠨᠥᠬᠦᠪᠦᠷᠢᠯᠡᠵᠦ᠂ ᠬᠤᠳᠠ ᠶᠢᠨ ᠲᠦᠷᠢ ᠲᠦᠷᠬᠦ ᠶᠢ ᠳᠡᠭᠡᠭᠰᠢᠯᠡᠭᠦᠯᠵᠦ ᠂ ᠬᠤᠳᠠ ᠶᠢᠨ ᠰᠢᠨᠡᠴᠢᠯᠡᠯᠲᠡ ᠶᠢᠨ ᠳᠤᠮᠳᠠ ᠵᠡᠭᠡᠯᠢ ᠭᠤᠳᠤᠮᠵᠢ ᠭᠤᠶᠤ ᠰᠠᠶᠢᠬᠠᠨ᠂ ᠬᠤᠳᠠ ᠶᠢᠨ ᠬᠤᠪᠢᠷᠠᠯᠲᠠ ᠶᠢ ᠪᠡᠶᠡᠯᠡᠭᠦᠯᠬᠦ ᠨᠢ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠪᠣᠯᠣᠨ᠎ᠠ᠃ ᠢᠷᠡᠯᠲᠡ᠄ ᠰᠢᠨᠬᠤᠸᠠ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1