2025 ᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠦᠷᠭᠦᠯᠵᠢᠯᠡᠨ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠬᠠᠷᠠᠯᠲᠠ ᠲᠣᠳᠣᠷᠬᠠᠢ
ᠨᠡᠶᠢᠲᠡᠯᠡᠭᠰᠡᠨ ᠴᠠᠭ᠄
2025/2/8
       2024 ᠣᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢ ᠳᠡᠮᠵᠢᠬᠦ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠦᠷᠭᠦᠯᠵᠢᠯᠡᠨ ᠰᠡᠷᠭᠦᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠬᠤ ᠵᠣᠭᠰᠣᠵᠤ ᠳᠠᠬᠢᠨ ᠲᠣᠭᠲᠠᠪᠤᠷᠢᠵᠢᠬᠤ ᠢᠳᠡᠪᠬᠢᠲᠡᠢ ᠪᠠᠶᠢᠳᠠᠯ ᠢᠯᠡᠷᠡᠪᠡ᠃ 2025 ᠣᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ᠃      ᠵᠦᠩ ᡁᠢ ᠰᠤᠳᠤᠯᠭᠠᠨ ᠤ ᠬᠦᠷᠢᠶᠡᠯᠡᠩ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠶᠡᠷᠦᠩᠬᠡᠢ ᠬᠢᠨᠠᠭᠴᠢ ᠴᠧᠨ ᠸᠧᠨ ᠵᠢᠩ ᠢᠯᠡᠷᠬᠡᠶᠢᠯᠡᠬᠦ ᠳᠡᠭᠡᠨ᠂ ᠶᠡᠷᠦᠩᠬᠡᠢ ᠳᠤᠨᠢ ᠠᠪᠴᠤ ᠦᠵᠡᠪᠡᠯ᠂ 2025 ᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ᠬᠠᠷᠠᠯᠲᠠ ᠲᠣᠳᠣᠷᠬᠠᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠦᠴᠦᠯᠡᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠤᠯᠠᠮ ᠨᠢᠭᠡ ᠠᠯᠬᠤᠮ ᠨᠡᠮᠡᠭᠳᠡᠬᠦ ᠪᠤᠯᠤᠮᠵᠢ ᠲᠠᠢ ᠭᠡᠵᠡᠢ᠃      ᠦᠨᠡᠨ ᠳᠡᠭᠡᠨ᠂ ᠨᠢᠳᠤᠨᠤᠨ ᠤ ᠬᠠᠩᠭᠠᠯᠭ᠎ᠠ ᠠᠴᠠ ᠬᠡᠷᠡᠭᠴᠡᠭᠡ ᠬᠦᠷᠲᠡᠯᠡᠬᠢ ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠠᠴᠠ ᠪᠣᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠬᠤ ᠵᠣᠭᠰᠣᠵᠤ ᠳᠠᠬᠢᠨ ᠲᠣᠭᠲᠠᠪᠤᠷᠢᠵᠢᠬᠤ ᠪᠠᠶᠢᠳᠠᠯ ᠢᠯᠡᠷᠬᠡᠢ ᠪᠠᠶᠢᠨ᠎ᠠ᠃      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠪᠥᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠥᠭᠵᠢᠯᠲᠡ ᠶᠢᠨ ᠵᠢᠭᠠᠯᠲᠠ ᠲᠤᠭ᠎ᠠ ᠲᠠᠢ ᠤᠶᠠᠯᠳᠤᠭᠤᠯᠤᠨ ᠦᠵᠡᠪᠡᠯ᠂ 2024 ᠣᠨ ᠤ 12 ᠳ᠋ᠤᠭᠠᠷ ᠰᠠᠷ᠎ᠠ ᠪᠣᠯᠲᠠᠯ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠥᠭᠵᠢᠯᠲᠡ ᠶᠢᠨ ᠵᠢᠭᠠᠯᠲᠠ ᠲᠤᠭ᠎ᠠ 92.78 ᠬᠦᠷᠴᠦ᠂ ᠨᠢᠭᠡᠨᠲᠡ 8 ᠰᠠᠷ᠎ᠠ ᠳᠠᠷᠠᠭᠠᠯᠠᠨ ᠳᠡᠭᠡᠭᠰᠢᠯᠡᠭᠰᠡᠨ ᠪᠠᠶᠢᠨ᠎ᠠ᠃ ᠪᠣᠷᠣᠯᠠᠭᠤᠯᠤᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠨᠢᠳᠤᠨᠤᠨ ᠤ ᠳᠥᠷᠪᠡᠳᠦᠭᠡᠷ ᠤᠯᠠᠷᠢᠯ ᠳᠤ᠂ ᠪᠥᠬᠦ ᠤᠯᠤᠰ ᠤᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 0.5%᠂ 1.0% ᠪᠠᠷ ᠨᠡᠮᠡᠭᠳᠡᠵᠦ᠂ ᠥᠩᠭᠡᠷᠡᠭᠰᠡᠨ ᠤ ᠦᠷᠭᠦᠯᠵᠢᠯᠡᠨ ᠪᠠᠭᠤᠷᠠᠵᠤ ᠪᠠᠶᠢᠭᠰᠠᠨ ᠪᠠᠶᠢᠳᠠᠯ ᠢ ᠬᠤᠪᠢᠷᠠᠭᠤᠯᠤᠭᠰᠠᠨ ᠪᠠᠶᠢᠨ᠎ᠠ᠃ ᠭᠡᠷ ᠪᠠᠶᠢᠰᠢᠩ ᠤᠨ ᠦᠨ᠎ᠡ ᠠᠴᠠ ᠦᠵᠡᠪᠡᠯ᠂ ᠨᠢᠳᠤᠨᠤᠨ ᠤ 12 ᠳ᠋ᠤᠭᠠᠷ ᠰᠠᠷ᠎ᠠ ᠳᠤ᠂ 70 ᠲᠣᠮᠣ ᠳᠤᠮᠳᠠ ᠬᠤᠲᠠ ᠶᠢᠨ ᠳᠣᠲᠣᠷ᠎ᠠ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠥᠰᠦᠭᠰᠡᠨ ᠬᠤᠲᠠ 23 ᠪᠠᠶᠢᠵᠤ᠂ 11 ᠳ᠋ᠤᠭᠡᠷ ᠰᠠᠷ᠎ᠠ ᠠᠴᠠ 6 ᠨᠡᠮᠡᠭᠳᠡᠨ᠂ ᠥᠰᠦᠭᠰᠡᠨ ᠬᠤᠲᠠ ᠶᠢᠨ ᠲᠤᠭ᠎ᠠ 2023 ᠣᠨ ᠤ 7 ᠳ᠋ᠤᠭᠠᠷ ᠰᠠᠷ᠎ᠠ ᠠᠴᠠ ᠨᠠᠰᠢᠬᠢ ᠰᠢᠨ᠎ᠡ ᠲᠡᠮᠳᠡᠭᠯᠡᠯ ᠢ ᠡᠭᠦᠳᠴᠡᠢ᠃      ᠡᠨᠡ ᠵᠢᠯ ᠂ ᠲᠥᠪ ᠤᠨ ᠲᠠᠯ᠎ᠠ ᠠᠴᠠ ᠬᠤᠲᠠ ᠶᠢᠨ ᠰᠢᠨᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠬᠤ ᠶᠢ ᠣᠯᠠᠨᠲᠠ ᠴᠢᠬᠤᠯᠠᠴᠢᠯᠠᠵᠤ ᠪᠠᠶᠢᠨ᠎ᠠ᠂ ᠡᠳ᠋ ᠤᠨ ᠵᠠᠰᠠᠭ ᠤᠨ ᠶᠠᠮᠤᠨ ᠠᠴᠠ ︽ᠬᠤᠲᠠ ᠶᠢᠨ ᠵᠠᠰᠠᠭ ᠤᠨ ᠣᠷᠳᠣᠨ ᠤ ᠦᠯᠡᠳᠡᠭᠡᠯ ᠰᠤᠯᠠ ᠪᠠᠶᠢᠭ᠎ᠠ ᠭᠠᠵᠠᠷ ᠰᠢᠷᠣᠢ ᠶᠢ ᠬᠤᠷᠢᠶᠠᠨ ᠠᠪᠴᠤ ᠬᠤᠳᠠᠯᠳᠤᠨ ᠠᠪᠬᠤ ᠶᠢ ᠳᠡᠮᠵᠢᠵᠦ᠂ ᠬᠡᠷᠡᠭᠴᠡᠭᠡ ᠱᠠᠭᠠᠷᠳᠠᠯᠭ᠎ᠠ ᠲᠠᠢ ᠭᠠᠵᠠᠷ ᠣᠷᠣᠨ ᠢ ᠴᠤ ᠭᠠᠵᠠᠷ ᠰᠢᠷᠣᠢ ᠶᠢᠨ ᠨᠥᠭᠡᠴᠡ ᠶᠢ ᠰᠢᠨ᠎ᠡ ᠪᠠᠷ ᠨᠡᠮᠡᠭᠳᠡᠭᠦᠯᠵᠦ ᠪᠣᠯᠣᠨ᠎ᠠ︾ ᠭᠡᠵᠦ ᠲᠣᠳᠣᠷᠬᠠᠢ ᠢᠯᠡᠷᠬᠡᠶᠢᠯᠡᠪᠡ᠃ ᠣᠷᠣᠨ ᠨᠤᠲᠤᠭ ᠤᠨ ᠲᠠᠰ ᠳᠠᠪᠬᠤᠷᠭ᠎ᠠ ᠶᠢᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠶᠢᠨ ᠡᠷᠴᠢᠮ ᠢ ᠴᠢᠩᠭᠠᠷᠠᠭᠤᠯᠬᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠠᠳᠠᠯ ᠦᠢᠯᠡᠰ ᠴᠣᠭᠴᠠᠯᠠᠬᠤ ᠪᠠᠷᠢᠮᠵᠢᠶ᠎ᠠ ᠵᠢᠴᠢ ᠠᠳᠠᠯ ᠦᠢᠯᠡᠰ ᠴᠣᠭᠴᠠᠯᠠᠬᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠬᠤ ᠵᠡᠷᠭᠡ ᠲᠠᠯ᠎ᠠ ᠪᠠᠷ᠂ 50 ᠭᠠᠷᠤᠢ ᠵᠦᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠳᠡᠮᠵᠢᠬᠦ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠳᠡᠯᠡᠵᠡᠢ᠂ 1 ᠳ᠋ᠤᠭᠡᠷ ᠰᠠᠷ᠎ᠠ ᠶᠢᠨ ᠲᠤᠭ᠎ᠠ ᠪᠠᠷᠢᠮᠲᠠ ᠠᠴᠠ ᠦᠵᠡᠪᠡᠯ᠂ ᠭᠤᠣᠯ ᠪᠣᠯᠬᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠦᠷᠭᠦᠯᠵᠢᠯᠡᠨ ᠰᠠᠶᠢᠵᠢᠷᠠᠪᠠ᠃      CRIC ︵ᠺᠧ ᠡᠯ ᠷᠦᠢ ᠰᠤᠳᠤᠯᠭᠠᠨ ᠤ ᠲᠥᠪ︶ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2025 ᠣᠨ ᠤ 1 ᠳ᠋ᠤᠭᠡᠷ ᠰᠠᠷ᠎ᠠ ᠳᠤ᠂ ᠪᠥᠬᠦ ᠤᠯᠤᠰ ᠤᠨ 30 ᠭᠤᠣᠯᠳᠠᠯᠭ᠎ᠠ ᠲᠠᠢ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠠᠷᠠᠯᠵᠢᠶ᠎ᠠ ᠪᠦᠲᠦᠭᠰᠡᠨ ᠲᠠᠯᠠᠪᠠᠶ 927 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠂ ᠬᠡᠳᠦᠶᠢᠪᠡᠷ ᠰᠢᠨ᠎ᠡ ᠵᠢᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠨᠥᠯᠥᠭᠡᠯᠡᠯ ᠢᠶᠠᠷ ᠲᠦᠷᠦᠭᠦᠸ ᠰᠠᠷ᠎ᠠ ᠶᠢᠨ ᠬᠢ ᠠᠴᠠ ᠡᠳᠦᠢ ᠲᠡᠳᠦᠢ ᠪᠠᠭᠤᠷᠠᠭᠰᠠᠨ ᠪᠣᠯᠪᠠᠴᠤ᠂ ᠠᠳᠠᠯᠢ ᠬᠤᠭᠤᠴᠠᠭᠠᠨ ᠤ ᠬᠢ ᠠᠴᠠ ᠦᠵᠡᠪᠡᠯ᠂ ᠨᠢᠭᠡᠨᠲᠡ ᠰᠥᠭᠡᠷᠭᠦ ᠪᠠᠶᠢᠭᠰᠠᠨ ᠠᠴᠠ ᠪᠠᠨ ᠡᠶᠡᠷᠬᠦ ᠪᠤᠯᠤᠭᠰᠠᠨ ᠪᠥᠭᠡᠳ 1% ᠪᠠᠷ ᠵᠢᠭᠠᠬᠠᠨ ᠨᠡᠮᠡᠭᠳᠡᠭᠰᠡᠨ ᠮᠦᠷᠳᠡᠭᠡᠨ ᠬᠠᠷᠢᠴᠠᠯᠠᠰᠢᠭᠦᠢ ᠬᠡᠮᠵᠢᠶ᠎ᠡ ᠶᠢᠨ ᠬᠢᠷᠢ ᠲᠦᠪᠰᠢᠨ ᠨᠢ ᠨᠢᠳᠤᠨᠤᠨ ᠤ 2 ᠳ᠋ᠤᠭᠠᠷ ᠰᠠᠷ᠎ᠠ ᠶᠢᠨ ᠴᠠᠭᠠᠨ ᠰᠠᠷ᠎ᠠ ᠶᠢᠨ ᠬᠢ ᠠᠴᠠ ᠢᠯᠡᠳᠲᠡ ᠳᠠᠪᠠᠭᠰᠠᠨ ᠪᠠᠶᠢᠨ᠎ᠠ᠃ ᠵᠦᠩ ᡁᠢ ᠰᠤᠳᠤᠯᠭᠠᠨ ᠤ ᠬᠦᠷᠢᠶᠡᠯᠡᠩ ᠤᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ 1 ᠳ᠋ᠤᠭᠡᠷ ᠰᠠᠷ᠎ᠠ ᠶᠢᠨ 27 ᠤ ᠡᠳᠦᠷ ᠪᠣᠯᠲᠠᠯ᠎ᠠ᠂ ᠪᠥᠬᠦ ᠤᠯᠤᠰ ᠤᠨ 30 ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ 4 % ᠪᠠᠷ ᠨᠡᠮᠡᠭᠳᠡᠵᠦ᠂ 20 ᠬᠤᠲᠠ ᠶᠢᠨ ᠭᠠᠷ ᠳᠠᠮᠵᠢᠭᠰᠠᠨ ᠲᠠᠸᠠᠷ ᠤᠨ ᠣᠷᠣᠨ ᠰᠠᠭᠤᠴᠠ ᠶᠢᠨ ᠠᠷᠠᠯᠵᠢᠶ᠎ᠠ ᠪᠦᠲᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 19% ᠨᠡᠮᠡᠭᠳᠡᠵᠡᠢ᠃ ︽ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠬᠤ ᠵᠣᠭᠰᠣᠵᠤ ᠳᠠᠬᠢᠨ ᠲᠣᠭᠲᠠᠪᠤᠷᠢᠵᠢᠬᠤ ᠪᠠᠶᠢᠳᠠᠯ ᠢᠯᠡᠷᠡᠵᠡᠢ︾᠃ ᠨᠡᠶᠢᠰᠯᠡᠯ ᠤᠨ ᠠᠵᠤ ᠠᠬᠤᠢ ᠠᠷᠠᠯᠵᠢᠶᠠᠨ ᠤ ᠶᠡᠭᠡ ᠰᠤᠷᠭᠠᠭᠤᠯᠢ ᠶᠢᠨ ᠪᠡᠭᠡᠵᠢᠩ ᠲᠢᠶᠠᠨᠵᠢᠨ ᠾᠧᠪᠧᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠣᠣ ᠰᠢᠸ ᡂᠢ᠂ 2025 ᠣᠨ ᠳᠤ᠂ ᠡᠯ᠎ᠡ ᠭᠠᠵᠠᠷ ᠤᠨ ᠬᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠶᠢᠵᠢᠷᠠᠯᠲᠠ ᠳᠤ ᠠᠰᠢᠭᠲᠠᠢ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠶᠢᠨ ᠲᠥᠷᠥ ᠶᠢᠨ ᠪᠣᠳᠣᠯᠭ᠎ᠠ ᠨᠤᠭᠤᠳ ᠢ ᠦᠷᠭᠦᠯᠵᠢᠯᠡᠨ ᠨᠡᠶᠢᠲᠡᠯᠡᠵᠦ᠂ ᠣᠷᠣᠨ ᠰᠠᠭᠤᠴᠠ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢ ᠠᠬᠢᠭᠤᠯᠬᠤ ᠶᠢᠨ ᠬᠠᠮᠲᠤ ᠬᠤᠲᠠ ᠶᠢᠨ ᠲᠤᠮᠳᠠᠬᠢ ᠲᠣᠰᠬᠤᠨ ᠢ ᠥᠭᠡᠷᠡᠴᠢᠯᠡᠬᠦ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠬᠦ᠂ ᠦᠯᠡᠳᠡᠭᠡᠯ ᠲᠠᠸᠠᠷ ᠤᠨ ᠭᠡᠷ ᠪᠠᠶᠢᠰᠢᠩ ᠪᠠ ᠭᠠᠵᠠᠷ ᠰᠢᠷᠣᠢ ᠶᠢ ᠴᠢᠯᠦᠭᠡᠲᠡᠢ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠲᠡᠩᠴᠡᠭᠦᠷᠢᠲᠡᠢ ᠪᠣᠯᠭᠠᠨ᠎ᠠ ᠭᠡᠵᠡᠢ᠃      ᠴᠧᠨ ᠸᠧᠨ ᠵᠢᠩ᠂ 2025 ᠣᠨ ᠳᠤ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠲᠦᠯᠬᠢᠨ ᠠᠬᠢᠭᠤᠯᠬᠤ ᠪᠣᠯ ᠣᠬᠤᠷ ᠬᠤᠭᠤᠴᠠᠭᠠᠨ ᠤ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠤᠷᠲᠤᠪᠲᠤᠷ ᠪᠠ ᠣᠷᠳᠣ ᠬᠤᠭᠤᠴᠠᠭᠠᠨ ᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠡᠷᠡᠭᠴᠡᠭᠡ ᠶᠢ ᠠᠬᠢᠭᠤᠯᠬᠤ᠂ ᠬᠠᠩᠭᠠᠯᠭ᠎ᠠ ᠶᠢ ᠰᠢᠯᠢᠳᠡᠭᠵᠢᠭᠦᠯᠬᠦ ᠬᠤᠶᠠᠷ ᠲᠠᠯ᠎ᠠ ᠪᠠᠷ ᠭᠤᠣᠯᠯᠠᠭᠤᠯᠤᠨ ᠥᠷᠨᠢᠭᠦᠯᠬᠦ ᠪᠣᠯᠣᠮᠵᠢ ᠲᠠᠢ᠃ ᠡᠭᠦᠨ ᠳᠤ᠂ ᠬᠡᠷᠡᠭᠴᠡᠭᠡ ᠶᠢ ᠠᠬᠢᠭᠤᠯᠬᠤ ᠲᠠᠯ᠎ᠠ ᠪᠠᠷ᠂ ᠨᠢᠭᠡᠳᠦᠭᠡᠷ ᠲᠡᠰ ᠤᠨ ᠬᠤᠲᠠ ᠶᠢᠨ ᠬᠢᠵᠠᠭᠠᠷᠯᠠᠬᠤ ᠴᠢᠨᠠᠷᠲᠠᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ᠂ ᠬᠤᠲᠠ ᠶᠢᠨ ᠲᠡᠭᠦᠷᠭᠡ ᠪᠤᠶᠤ ᠲᠣᠮᠣ ᠬᠡᠯᠪᠡᠷᠢ ᠶᠢᠨ ᠭᠡᠷ ᠪᠠᠶᠢᠰᠢᠩ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠬᠤ ᠪᠤᠯᠤᠮᠵᠢ ᠲᠠᠢ ᠪᠠᠶᠢᠨ᠎ᠠ᠂ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠠᠷᠠᠯᠵᠢᠶᠠᠨ ᠤ ᠭᠠᠶᠢᠯᠢ ᠰᠦᠢᠳᠬᠡᠯ ᠢ ᠪᠠᠭᠤᠷᠠᠭᠤᠯᠬᠤ ᠵᠡᠷᠭᠡ ᠲᠠᠯ᠎ᠠ ᠪᠠᠷ ᠴᠤ ᠣᠷᠣᠨ ᠵᠠᠢ ᠲᠠᠢ᠃ ᠡᠭᠦᠨ ᠠᠴᠠ ᠭᠠᠳᠠᠨ᠎ᠠ᠂ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠶᠢ ᠨᠡᠮᠡᠭᠳᠡᠭᠦᠯᠬᠦ ᠵᠡᠷᠭᠡ ᠵᠣᠷᠢᠭᠵᠢᠭᠤᠯᠬᠤ ᠴᠢᠨᠠᠷᠲᠠᠢ ᠲᠥᠷᠥ ᠶᠢᠨ ᠪᠣᠳᠣᠯᠭ᠎ᠠ ᠶᠢ ᠴᠤ ᠨᠠᠩ ᠣᠯᠠᠨ ᠬᠤᠲᠠ ᠳᠤ ᠨᠠᠶᠢᠳᠠᠪᠤᠷᠢᠵᠢᠭᠤᠯᠬᠤ ᠪᠣᠯᠣᠮᠵᠢ ᠲᠠᠢ ᠪᠠᠶᠢᠨ᠎ᠠ ᠭᠡᠵᠦ ᠦᠵᠡᠵᠦ ᠪᠠᠶᠢᠨ᠎ᠠ᠃ ᠢᠷᠡᠯᠲᠡ᠄ ᠲᠡᠮᠳᠡᠭᠲᠦ ᠶᠢᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1