︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ | ᠪᠦᠲᠦᠭᠡᠬᠦ﹀ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 10 ᠰᠠᠯᠠᠭ᠎ᠠ ᠮᠥᠴᠢᠷ ᠬᠠᠮᠲᠤᠷᠠᠨ ︽ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ ︿ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ﹀ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠨ᠎ᠠ︶ ᠢ ᠨᠡᠶᠢᠲᠡᠯᠡᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠭᠡᠷ ᠪᠠᠶᠢᠰᠢᠩ ᠬᠤᠳᠠᠯᠳᠤᠨ ᠠᠪᠬᠤ᠂ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ︽ᠨᠢᠭᠡ ᠶᠠᠪᠤᠳᠠᠯ︾ ᠢ ᠥᠨᠳᠥᠷ ᠪᠦᠲᠦᠮᠵᠢᠲᠡᠶ ᠪᠠᠷ | ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠢ | ᠳᠡᠭᠡᠭᠰᠢᠯᠡᠭᠦᠯᠦᠨ᠎ᠡ᠃ ︽ᠰᠠᠨᠠᠯ︾ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠠᠵᠢᠯ ᠤᠨ ᠰᠠᠭᠤᠷᠢ ᠲᠠᠢ ᠭᠠᠵᠠᠷ ᠣᠷᠣᠨ ᠢ ᠣᠷᠣᠨ ᠨᠤᠲᠤᠭ ᠤᠨ ᠪᠣᠳᠠᠲᠤ ᠪᠠᠶᠢᠳᠠᠯ | ᠲᠠᠢ ᠪᠠᠨ ᠤᠶᠠᠯᠳᠤᠭᠤᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ | ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠭᠡᠷ ᠬᠤᠳᠠᠯᠳᠤᠨ ᠠᠪᠬᠤ᠂ ᠨᠡᠶᠢᠲᠡ ᠶᠢᠨ ᠲᠦᠷᠢᠶᠡᠰᠦᠨ ᠭᠡᠷ | ᠭᠤᠶᠤᠴᠢᠯᠠᠬᠤ ︽ᠨᠢᠭᠡ ᠶᠠᠪᠤᠳᠠᠯ︾ ᠵᠡᠷᠭᠡ ᠤᠴᠢᠷ ᠶᠠᠪᠤᠳᠠᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ | ᠵᠤᠷᠢᠭᠵᠢᠭᠤᠯᠵᠤ᠂ ᠣᠯᠠᠨ ᠲᠦᠮᠡᠨ ᠤ ︽ᠬᠠᠨᠤᠮᠵᠢ ᠶᠢᠨ ᠬᠡᠮᠵᠢᠶ᠎ᠡ︾ ︽ᠬᠦᠷᠲᠡᠮᠵᠢ ᠶᠢᠨ ᠲᠥᠷᠥᠭᠳᠡᠯ︾ ᠢᠶᠠᠷ | ᠨᠢᠭᠡᠳᠦᠭᠡᠷ ᠦᠨᠡᠯᠡᠬᠦ ᠪᠠᠷᠢᠮᠵᠢᠶ᠎ᠠ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠢ ᠣᠯᠠᠨ ᠡᠰᠢᠵᠢᠭᠦᠯᠬᠦ᠂ | ᠴᠤᠪᠤᠷᠠᠯ ᠢ ᠬᠠᠮᠤᠭ ᠰᠢᠯᠢᠳᠡᠭᠵᠢᠭᠦᠯᠬᠦ᠂ ᠮᠠᠲ᠋ᠧᠷᠢᠶᠠᠯ ᠢ ᠬᠠᠮᠤᠭ ᠲᠦᠭᠦᠮᠴᠢᠯᠡᠬᠦ᠂ ᠥᠪᠡᠷ ᠤᠨ ᠥᠷᠲᠡᠭ ᠢ ᠬᠠᠮᠤᠭ | ᠪᠠᠭ᠎ᠠ ᠪᠣᠯᠭᠠᠬᠤ ᠶᠢ ᠴᠢᠷᠮᠠᠶᠢᠨ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ | ᠬᠠᠮᠵᠢᠯᠴᠠᠨ ᠬᠦᠴᠦᠯᠡᠵᠦ᠂ ᠰᠢᠰᠲ᠋ᠧᠮ ᠲᠠᠢ ᠪᠠᠷ ᠥᠭᠡᠷᠡᠴᠢᠯᠡᠯᠲᠡ ᠬᠢᠨ᠎ᠡ᠃ ᠨᠢᠭᠡ ᠳᠤ᠂ ᠲᠥᠪᠯᠡᠷᠡᠭᠦᠯᠦᠨ | ᠰᠢᠢᠳᠪᠦᠷᠢᠯᠡᠬᠦ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠰᠠᠨᠠᠯ︾ ᠳᠤ᠂ ᠡᠯ᠎ᠡ | ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ | ᠣᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠡᠭᠦᠳᠡᠨ ᠠᠴᠠ ᠡᠭᠦᠰᠴᠦ᠂ ᠪᠠᠶᠢᠴᠠᠭᠠᠨ ᠰᠤᠳᠤᠯᠤᠯᠲᠠ ᠪᠠᠨ | ᠴᠢᠩᠭᠠᠳᠬᠠᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ | ᠣᠷᠣᠨ ᠰᠠᠭᠤᠴᠠ ᠶᠢᠨ ᠵᠢᠭᠡᠯᠡᠯᠭᠡ ᠪᠠᠷ ᠭᠡᠷ ᠪᠠᠶᠢᠰᠢᠩ ᠬᠤᠳᠠᠯᠳᠤᠨ ᠠᠪᠬᠤ᠂ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠭᠤᠶᠤᠴᠢᠯᠠᠬᠤ ︽ᠨᠢᠭᠡ ᠶᠠᠪᠤᠳᠠᠯ︾ ᠵᠡᠷᠭᠡ ᠤᠴᠢᠷ ᠶᠠᠪᠤᠳᠠᠯ ᠢ ᠭᠦᠢᠴᠡᠳᠬᠡᠬᠦ ᠶᠠᠪᠤᠴᠠ᠂ ᠮᠡᠳᠡᠭᠦᠯᠬᠦ | ᠮᠠᠲ᠋ᠧᠷᠢᠶᠠᠯ᠂ ᠭᠦᠢᠴᠡᠳᠬᠡᠬᠦ ᠰᠢᠰᠲ᠋ᠧᠮ ᠵᠡᠷᠭᠡ ᠣᠳᠣᠬᠢ ᠪᠠᠶᠢᠳᠠᠯ ᠢ ᠲᠦᠷᠦᠭᠦᠯᠡᠨ ᠡᠮᠬᠢᠯᠡᠬᠦ ᠬᠡᠷᠡᠭᠲᠡᠢ᠃ ᠣᠲᠣ ᠶᠢᠨ | ᠪᠠᠶᠢᠭ᠎ᠠ ︽ᠨᠢᠭᠡ ᠶᠠᠪᠤᠳᠠᠯ︾ ᠤᠨ ᠠᠵᠢᠯ ᠤᠨ ᠰᠠᠭᠤᠷᠢ ᠳᠤ ᠲᠦᠰᠢᠭᠯᠡᠨ᠂ ᠣᠶᠢᠷᠠᠯᠴᠠᠭ᠎ᠠ ᠵᠦᠢᠯᠡᠰ ᠢ ᠨᠡᠶᠢᠯᠡᠭᠦᠯᠵᠦ | ᠂ ᠲᠥᠪᠯᠡᠷᠡᠭᠦᠯᠦᠨ ᠭᠦᠢᠴᠡᠳᠬᠡᠨ᠎ᠡ᠃ ᠬᠤᠶᠠᠷ ᠲᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ | ᠰᠢᠰᠲ᠋ᠧᠮ ᠲᠠᠢ ᠵᠣᠯᠭᠠᠭᠤᠯᠬᠤ ᠶᠢ ᠪᠡᠶᠡᠯᠡᠭᠦᠯᠦᠨ᠎ᠡ᠃ ︽ᠰᠠᠨᠠᠯ︾ ᠳᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠨᠢᠭᠡ ᠢᠵᠢ ᠮᠠᠲ᠋ᠧᠷᠢᠶᠠᠯ ᠢ ᠨᠢᠭᠡ ᠯᠡ ᠤᠳᠠᠭ᠎ᠠ ᠳᠤ ᠲᠤᠰᠢᠶᠠᠬᠤ︾ | ᠶᠢ ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ᠂ ᠠᠵᠢᠯ ᠶᠠᠪᠤᠳᠠᠯ ᠭᠦᠢᠴᠡᠳᠬᠡᠬᠦ ᠵᠢᠷᠤᠮ ᠪᠠ | ᠮᠡᠳᠡᠭᠦᠯᠬᠦ ᠮᠠᠲ᠋ᠧᠷᠢᠶᠠᠯ ᠢ ᠴᠣᠮᠬᠠᠳᠬᠠᠨ᠎ᠠ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ | ᠦᠢᠯᠡᠴᠢᠯᠡᠭᠡ ᠵᠡᠷᠭᠡ ᠲᠠᠪᠴᠠᠩ ᠳᠤ ᠲᠦᠰᠢᠭᠯᠡᠨ᠂ ᠨᠢᠭᠡ ᠯᠡ ᠤᠳᠠᠭ᠎ᠠ ᠳᠤ ᠲᠠᠭᠯᠠᠨ ᠮᠡᠳᠡᠭᠦᠯᠬᠦ ᠪᠠᠷ ᠭᠤᠶᠤᠴᠢᠯᠠᠬᠤ | ᠂ ᠠᠷᠤ ᠲᠠᠪᠴᠠᠩ ᠢ ᠠᠦ᠋ᠲ᠋ᠣ᠋ ᠡᠷᠭᠢᠯᠳᠦᠭᠦᠯᠬᠦ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ᠂ ᠦᠷ᠎ᠡ ᠳ᠋ᠦᠩ ᠢ ᠠᠶᠠᠨᠳᠠᠭᠠᠨ | ᠪᠣᠶ ᠪᠣᠯᠭᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ ᠭᠤᠷᠪᠠ ᠳᠤ᠂ | ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠰᠠᠯᠠᠭ᠎ᠠ ᠮᠥᠴᠢᠷ ᠣᠷᠣᠨ ᠪᠦᠰᠡ ᠶᠢᠨ | ᠬᠤᠭᠤᠷᠤᠨᠳᠤᠬᠢ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠨ᠎ᠡ᠃ ︽ᠰᠠᠨᠠᠯ︾ ᠳᠤ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠰ ᠳᠠᠪᠬᠤᠷᠭ᠎ᠠ ᠶᠢ ᠦᠷᠭᠦᠯᠵᠢᠯᠡᠨ | ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠭᠡᠷ ᠪᠠᠶᠢᠰᠢᠩ ᠬᠤᠳᠠᠯᠳᠤᠨ ᠠᠪᠤᠭᠴᠢ ᠶᠢᠨ ᠭᠡᠷ | ᠪᠠᠶᠢᠰᠢᠩ ᠤᠨ ᠠᠷᠠᠯᠵᠢᠶ᠎ᠠ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠭᠡᠷ᠎ᠡ ᠶᠢᠨ ᠳᠠᠩᠰᠠᠯᠠᠯᠲᠠ᠂ | ᠬᠤᠪᠢ ᠬᠥᠮᠥᠨ ᠤ ᠪᠡᠶ᠎ᠡ ᠶᠢᠨ ᠭᠠᠷᠤᠯ ᠵᠡᠷᠭᠡ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠬᠤᠯᠪᠣᠭᠳᠠᠯ ᠪᠦᠬᠦᠢ | ᠵᠦᠢᠯᠡᠰ ᠢ ᠬᠠᠮᠵᠢᠯᠴᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠭᠠᠵᠠᠷ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠤᠭ᠎ᠠ ᠪᠠᠷᠢᠮᠲᠠ ᠶᠢᠨ ᠰᠠᠯᠠᠭ᠎ᠠ | ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ᠂ | ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠪᠠ ᠠᠵᠢᠯᠯᠠᠬᠤ ᠳᠦᠷᠢᠮ ᠢ ᠲᠡᠭᠦᠯᠳᠡᠷᠵᠢᠭᠦᠯᠦᠨ᠂ ᠮᠡᠳᠡᠭᠦᠯᠬᠦ ᠮᠠᠲ᠋ᠧᠷᠢᠶᠠᠯ᠂ | ᠭᠦᠢᠴᠡᠳᠬᠡᠭᠰᠡᠨ ᠦᠷ᠎ᠡ ᠳ᠋ᠦᠩ ᠢ ᠬᠠᠮᠲᠤᠪᠠᠷ ᠡᠳ᠋ᠯᠡᠵᠦ ᠬᠠᠷᠢᠯᠴᠠᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠪᠠᠲᠤᠳᠬᠠᠨ᠎ᠠ᠃ ᠨᠢᠭᠡ ᠳᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠵᠤ᠂ ᠣᠷᠣᠨ ᠨᠤᠲᠤᠭ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠰᠠᠨᠠᠯ︾ ᠳᠤ᠂ ᠡᠯ᠎ᠡ ᠭᠠᠵᠠᠷ ᠤᠨ ᠬᠢᠨ ᠨᠡᠪᠲᠡᠷᠡᠯᠴᠡᠨ | ᠵᠣᠯᠭᠠᠭᠤᠯᠬᠤ ᠪᠠᠨ ᠴᠢᠩᠭᠠᠳᠬᠠᠵᠤ᠂ ᠪᠣᠳᠠᠲᠠᠢ ᠬᠡᠷᠡᠭᠵᠢᠭᠦᠯᠬᠦ ᠲᠥᠰᠥᠯ ᠢ ᠲᠦᠷᠭᠡᠪᠴᠢᠯᠡᠨ ᠲᠣᠭᠲᠠᠭᠠᠨ ᠨᠡᠶᠢᠲᠡᠯᠡᠵᠦ | ᠂ ᠬᠠᠷᠠᠯᠲᠠ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠵᠢᠭᠠᠨ ᠭᠠᠷᠭᠠᠪᠠ᠃ ᠬᠤᠶᠠᠷ ᠲᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ | ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ︽ᠰᠠᠨᠠᠯ︾ ᠳᠤ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠰᠠᠭᠤᠷᠢ ᠲᠠᠢ | ᠭᠠᠵᠠᠷ ᠣᠷᠣᠨ ᠢ ᠵᠣᠷᠢᠭᠵᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ︽ᠨᠢᠭᠡ ᠶᠠᠪᠤᠳᠠᠯ︾ ᠢ ᠪᠤᠢ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ ᠭᠤᠷᠪᠠ ᠳᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠨ᠎ᠡ᠃ ︽ᠰᠠᠨᠠᠯ︾ ᠳᠤ ᠳᠤᠷᠠᠳᠤᠭᠰᠠᠨ ᠨᠢ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶ᠎ᠡ᠂ ᠰᠣᠨᠢᠨ ᠮᠡᠳᠡᠭᠡᠨ ᠤ | ᠵᠠᠭᠤᠴᠢᠯᠠᠭᠤᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ | ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ | ᠰᠠᠭᠤᠴᠠ ᠶᠢᠨ ᠵᠢᠭᠡᠯᠡᠯᠭᠡ ᠪᠠᠷ ᠭᠡᠷ ᠪᠠᠶᠢᠰᠢᠩ ᠬᠤᠳᠠᠯᠳᠤᠨ ᠠᠪᠬᠤ᠂ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠭᠤᠶᠤᠴᠢᠯᠠᠬᠤ ︽ᠨᠢᠭᠡ ᠶᠠᠪᠤᠳᠠᠯ︾ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠡᠶᠡᠯᠡᠭᠦᠯᠬᠦ ᠶᠢ | ᠳᠠᠭᠠᠯᠳᠤᠨ᠂ ᠣᠯᠠᠨ ᠲᠦᠮᠡᠨ ᠳᠤ ᠦᠢᠯᠡᠴᠢᠯᠡᠬᠦ ᠰᠡᠳᠬᠢᠯ ᠢ ᠳᠤᠯᠠᠭᠠᠴᠠᠭᠤᠯᠬᠤ ᠬᠥᠭᠦᠷᠭᠡ ᠶᠢ ᠪᠣᠰᠬᠠᠵᠤ᠂ ᠣᠯᠠᠨ | ᠲᠦᠮᠡᠨ ᠤ ᠠᠮᠤᠷ ᠲᠠᠶᠢᠪᠤᠩ ᠣᠷᠣᠨ ᠰᠠᠭᠤᠴᠠ ᠶᠢᠨ ᠬᠦᠰᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ | ᠠᠷᠠᠳ ᠤᠨ ᠠᠮᠢᠳᠤᠷᠠᠯ ᠤᠨ ︽ᠵᠣᠯ ᠵᠢᠷᠭᠠᠯ︾ ᠢ ᠪᠠᠳᠤᠯᠠᠬᠤ ᠬᠡᠷᠡᠭᠳᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |