ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠣᠶᠢᠷ᠎ᠠ ᠳᠤ ︽ᠪᠦᠭᠦ ᠬᠤᠲᠠ ᠶᠢᠨ ᠡᠩ ᠤᠨ | ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ 15 ᠮᠢᠨᠦ᠋ᠲ ᠤᠨ ᠠᠮᠠᠷᠠᠯᠲᠠ ᠶᠢ | ᠵᠣᠷᠢᠭᠵᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠪᠠᠭᠤᠯᠭᠠᠵᠤ᠂ ᠪᠦᠭᠦ | ᠬᠤᠲᠠ ᠶᠢᠨ ᠡᠩ ᠤᠨ ᠳᠤᠮᠳᠠᠳᠤ ᠪᠠᠭ᠎ᠠ ᠰᠤᠷᠭᠠᠭᠤᠯᠢ ᠳᠤ 15 ᠮᠢᠨᠦ᠋ᠲ ᠤᠨ ᠬᠢᠴᠢᠶᠡᠯ ᠤᠨ ᠵᠠᠪᠰᠠᠷᠯᠠᠭ᠎ᠠ ᠶᠢ | ᠬᠡᠷᠡᠭᠵᠢᠭᠦᠯᠬᠦ ᠶᠢ ᠵᠣᠷᠢᠭᠵᠢᠭᠤᠯᠪᠠ᠃ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠰᠢᠯᠢᠳᠡᠭᠵᠢᠭᠦᠯᠦᠨ | ᠲᠣᠬᠢᠷᠠᠭᠤᠯᠤᠭᠰᠠᠨ ᠤ ᠳᠠᠷᠠᠭ᠎ᠠ᠂ ᠡᠯ᠎ᠡ ᠰᠤᠷᠭᠠᠭᠤᠯᠢ ᠶᠢᠨ ᠲᠤᠰᠴᠤ ᠬᠦᠷᠭᠡᠬᠦ ᠪᠠ ᠦᠳᠡ ᠶᠢᠨ ᠠᠮᠠᠷᠠᠯᠲᠠ᠂ | ᠦᠳᠡ ᠶᠢᠨ ᠬᠤᠭᠤᠯᠠᠨ ᠤ ᠴᠠᠭ ᠬᠤᠪᠢᠷᠠᠬᠤ ᠦᠭᠡᠢ᠃ | ︽ᠮᠡᠳᠡᠭᠳᠡᠯ︾ ᠳᠤ᠂ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠪᠣᠳᠠᠲᠠᠢ ᠪᠠᠶᠢᠳᠠᠯ ᠢᠶᠠᠨ ᠦᠨᠳᠦᠰᠦᠯᠡᠨ᠂ | ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠤᠨ ᠲᠣᠬᠢᠷᠠᠭᠤᠯᠤᠯᠲᠠ ᠶᠢᠨ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠤᠯ ᠤᠨ ᠬᠢᠴᠢᠶᠡᠯ ᠤᠨ ᠵᠠᠪᠰᠠᠷᠯᠠᠭ᠎ᠠ ᠶᠢᠨ | ᠴᠠᠭ ᠢ ᠵᠣᠬᠢᠰᠲᠠᠢ ᠪᠠᠷ ᠤᠷᠲᠤᠳᠬᠠᠵᠤ᠂ 1- 2 ᠬᠢᠴᠢᠶᠡᠯ ᠤᠨ ᠵᠠᠪᠰᠠᠷᠯᠠᠭ᠎ᠠ ᠶᠢ ᠤᠷᠲᠤᠳᠬᠠᠬᠤ ᠠᠴᠠ ᠡᠬᠢᠯᠡᠨ | ᠠᠯᠬᠤᠮ ᠠᠯᠬᠤᠮ ᠢᠶᠠᠷ ᠠᠬᠢᠭᠤᠯᠵᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠬᠢᠴᠢᠶᠡᠯ ᠤᠨ ᠵᠠᠪᠰᠠᠷᠯᠠᠭ᠎ᠠ ᠶᠢᠨ | ᠲᠣᠬᠢᠷᠠᠭᠤᠯᠤᠯᠲᠠ ᠶᠢ ᠠᠮᠢᠳᠤᠯᠢᠭ ᠢᠶᠠᠷ ᠲᠣᠬᠢᠷᠠᠭᠤᠯᠵᠤ᠂ ᠰᠤᠷᠤᠬᠴᠢᠳ ᠲᠤ ᠭᠦᠢᠴᠡᠳ ᠠᠮᠠᠷᠠᠬᠤ ᠪᠠ ᠬᠥᠳᠡᠯᠭᠡᠭᠡᠨ | ᠬᠢᠬᠦ ᠴᠠᠭ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠰᠤᠷᠭᠠᠭᠤᠯᠢ ᠰᠤᠷᠤᠬᠴᠢᠳ ᠤᠨ ᠬᠢᠴᠢᠶᠡᠯ ᠤᠨ | ᠵᠠᠪᠰᠠᠷᠯᠠᠭ᠎ᠠ ᠶᠢᠨ ᠴᠠᠭ ᠢ ᠠᠰᠢᠭᠯᠠᠨ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠭᠡᠮ ᠤᠨ ᠬᠠᠷᠢᠯᠴᠠᠭᠠᠨ ᠳᠤ | ᠠᠰᠢᠭᠲᠠᠢ ᠠᠵᠢᠯᠯᠠᠭ᠎ᠠ ᠬᠢᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠥᠪᠡᠷ ᠢᠶᠠᠨ ᠨᠠᠶᠢᠷᠠᠭᠤᠯᠤᠭᠰᠠᠨ | ᠰᠤᠷᠭᠠᠭᠤᠯᠢ ᠶᠢᠨ ᠬᠦᠷᠢᠶᠡᠨ ᠤ ᠷᠠᠳᠢᠣ᠋ ᠲᠠᠮᠢᠷ᠂ ᠤᠯᠠᠨ ᠭᠡᠯᠪᠡᠷᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠵᠢᠴᠢ | ᠤᠶᠤᠨ ᠤ ᠲᠣᠭᠯᠠᠭᠠᠮ ᠵᠡᠷᠭᠡ ᠶᠢ ᠭᠠᠷᠭᠠᠬᠤ ᠶᠢ ᠵᠣᠷᠢᠭᠵᠢᠭᠤᠯᠵᠤ᠂ ᠬᠢᠴᠢᠶᠡᠯ ᠤᠨ ᠵᠠᠪᠰᠠᠷᠯᠠᠭ᠎ᠠ ᠶᠢᠨ ᠠᠮᠢᠳᠤᠷᠠᠯ ᠢ | ᠪᠠᠶᠠᠯᠢᠭᠵᠢᠭᠤᠯᠤᠨ᠂ ᠰᠤᠷᠤᠬᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠪᠠ ᠨᠡᠶᠢᠭᠡᠮ ᠤᠨ ᠬᠠᠷᠢᠯᠴᠠᠭᠠᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠰᠤᠷᠭᠠᠭᠤᠯᠢ ᠪᠠᠰᠠ ᠰᠤᠷᠭᠠᠭᠤᠯᠢ ᠶᠢᠨ ᠬᠦᠷᠢᠶᠡᠨ ᠳᠡᠭᠡᠨ ᠴᠢᠬᠤᠯᠠ | ᠪᠦᠬᠦᠢ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠪᠠ ᠲᠥᠬᠦᠭᠡᠷᠦᠮᠵᠢ ᠶᠢ ᠨᠥᠬᠦᠪᠦᠷᠢᠯᠡᠵᠦ᠂ ᠰᠤᠷᠤᠬᠴᠢᠳ ᠲᠤ ᠨᠡᠩ | ᠲᠣᠬᠢᠷᠠᠮᠵᠢᠲᠠᠢ ᠬᠢᠴᠢᠶᠡᠯ ᠤᠨ ᠵᠠᠪᠰᠠᠷᠯᠠᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠵᠤ ᠥᠭᠬᠦ ᠶᠢᠨ ᠬᠠᠮᠲᠤ | ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠬᠠᠮᠠᠭᠠᠯᠠᠯᠲᠠ ᠪᠠ ᠠᠷᠠᠴᠢᠯᠠᠯᠲᠠ ᠶᠢ ᠴᠢᠩᠭᠠᠳᠬᠠᠵᠤ᠂ | ᠰᠤᠷᠤᠬᠴᠢᠳ ᠤᠨ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | |