ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ᠂ ᠡᠮᠡᠭᠲᠡᠢ ᠠᠵᠢᠯᠲᠠᠨ ᠠᠵᠢᠯᠴᠢᠨ ᠤ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠳᠡᠯᠭᠡᠨ | ᠦᠵᠡᠭᠦᠯᠵᠦ᠂ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠤᠨ ᠭᠠᠪᠢᠶ᠎ᠠ ᠪᠠᠶᠢᠭᠤᠯᠬᠤ ᠰᠢᠨ᠎ᠡ ᠠᠶᠠᠨ ᠵᠠᠮ ᠳᠤ | ᠭᠠᠪᠰᠢᠭᠠᠶᠢᠯᠠᠨ ᠠᠵᠢᠯᠯᠠᠭᠤᠯᠬᠤ ᠶᠢ ᠵᠤᠷᠢᠭᠵᠢᠭᠤᠯᠬᠤ ᠶᠢᠨ ᠲᠥᠯᠥᠭᠡ᠂ ︽3 · 8︾ ᠤ ᠪᠠᠶᠠᠷ ᠬᠦᠷᠴᠦ ᠢᠷᠡᠬᠦ | ᠲᠠᠰᠢᠷᠠᠮ ᠢᠶᠠᠷ᠂ ᠲᠤᠭᠳᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ︽ᠬᠡᠭᠡᠨᠴᠢᠷ ᠰᠠᠶᠢᠬᠠᠨ ᠡᠮᠡᠭᠲᠡᠢ | ᠬᠥᠮᠥᠨ ᠴᠡᠴᠡᠭ ᠮᠡᠲᠦ ᠵᠣᠯ ᠵᠢᠷᠭᠠᠯᠲᠠᠢ︾ ᠪᠠᠷ ᠭᠤᠣᠯ ᠰᠡᠳᠦᠪ ᠪᠣᠯᠭᠠᠭᠰᠠᠨ ᠡᠮᠡᠭᠲᠡᠢ ᠠᠵᠢᠯᠲᠠᠨ ᠠᠵᠢᠯᠴᠢᠨ ᠤ | ᠴᠡᠴᠡᠭ ᠬᠠᠳᠬᠤᠬᠤ ᠠᠵᠢᠯᠯᠠᠭ᠎ᠠ ᠶᠢ ᠥᠷᠨᠢᠭᠦᠯᠵᠡᠢ᠃ ᠦᠨᠳᠦᠰᠦᠨ ᠱᠠᠲᠤᠨ ᠤ ᠠᠵᠢᠯᠴᠢᠨ ᠤ ᠡᠪᠯᠡᠯ ᠠᠴᠠ | ᠢᠷᠡᠭᠰᠡᠨ 80 ᠡᠮᠡᠭᠲᠡᠢ ᠠᠵᠢᠯᠲᠠᠨ ᠠᠵᠢᠯᠴᠢᠨ ᠠᠵᠢᠯᠯᠠᠭ᠎ᠠ ᠳᠤ ᠣᠷᠣᠯᠴᠠᠵᠠᠢ᠃ | | | | | | | | ᠴᠡᠴᠡᠭ ᠬᠠᠳᠬᠤᠬᠤ ᠠᠵᠢᠯᠯᠠᠭ᠎ᠠ ᠨᠢ ᠲᠤᠰᠬᠠᠢ ᠮᠡᠷᠭᠡᠵᠢᠯ ᠤᠨ ᠴᠡᠴᠡᠭ ᠤᠨ ᠤᠷᠠᠯᠢᠭ ᠤᠨ ᠪᠠᠭᠰᠢ ᠶᠢ | ᠤᠷᠢᠵᠤ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠵᠢᠯᠣᠭᠤᠳᠤᠯᠭ᠎ᠠ ᠬᠢᠯᠭᠡᠵᠦ᠂ ᠣᠯᠠᠨ ᠢᠶᠠᠷ ᠢᠶᠠᠨ | ᠴᠡᠴᠡᠭ ᠤᠨ ᠤᠷᠠᠯᠢᠭᠴᠢᠨ ᠤ ᠵᠢᠯᠣᠭᠤᠳᠤᠯᠭ᠎ᠠ ᠪᠠᠷ ᠴᠡᠴᠡᠭ ᠤᠨ ᠮᠠᠲ᠋ᠧᠷᠢᠶᠠᠯ ᠢ ᠨᠠᠷᠢᠨ ᠨᠢᠮᠪᠠᠢ ᠰᠢᠯᠢᠨ ᠰᠣᠩᠭᠤᠵᠤ᠂ | ᠴᠡᠴᠡᠭ ᠤᠨ ᠰᠠᠯᠠᠭ᠎ᠠ ᠶᠢ ᠬᠠᠶᠢᠴᠢᠯᠠᠨ᠂ ᠥᠩᠭᠡ ᠲᠠᠭᠠᠷᠠᠭᠤᠯᠵᠤ᠂ ᠥᠪᠡᠷ ᠥᠪᠡᠷ ᠤᠨ ᠣᠨᠴᠠᠯᠢᠭ ᠲᠠᠢ ᠴᠡᠴᠡᠭ | ᠬᠠᠳᠬᠤᠬᠤ ᠪᠦᠲᠦᠭᠡᠯ ᠢ ᠵᠣᠬᠢᠶᠠᠨ ᠪᠦᠲᠦᠭᠡᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠴᠡᠴᠡᠭ | ᠬᠤᠸᠠᠷ ᠮᠢᠷᠠᠯᠵᠠᠨ ᠳᠡᠯᠭᠡᠷᠡᠵᠦ᠂ ᠤᠯᠠᠨ ᠢᠶᠠᠷ ᠢᠶᠠᠨ ᠴᠡᠴᠡᠭ ᠡᠪᠡᠰᠦᠨ ᠤ ᠭᠤᠶᠤ ᠰᠠᠶᠢᠬᠠᠨ ᠢ ᠡᠳ᠋ᠯᠡᠬᠦ ᠶᠢᠨ ᠬᠠᠮᠲᠤ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠤᠯᠠᠨ ᠳᠤ ᠥᠭᠭᠦᠭᠰᠡᠨ ᠭᠦᠨ ᠵᠤᠵᠠᠭᠠᠨ ᠬᠠᠶᠢᠷ᠎ᠠ | ᠬᠠᠯᠠᠮᠵᠢ ᠶᠢ ᠬᠦᠷᠲᠡᠵᠡᠢ᠃ | | | | | | | | ᠴᠡᠴᠡᠭ ᠬᠠᠳᠬᠤᠬᠤ ᠠᠵᠢᠯᠯᠠᠭ᠎ᠠ ᠨᠢ ᠡᠮᠡᠭᠲᠡᠢ ᠠᠵᠢᠯᠲᠠᠨ ᠠᠵᠢᠯᠴᠢᠨ ᠤ ᠰᠣᠶᠣᠯ ᠤᠷᠠᠯᠢᠭ ᠤᠨ ᠪᠣᠯᠪᠠᠰᠤᠷᠠᠯ | ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠡᠮᠡᠭᠲᠡᠢ ᠠᠵᠢᠯᠲᠠᠨ | ᠠᠵᠢᠯᠴᠢᠨ ᠤ ᠠᠮᠢᠳᠤᠷᠠᠯ ᠤᠨ ᠰᠡᠳᠬᠢᠯᠭᠡ ᠶᠢ ᠪᠣᠯᠪᠠᠰᠤᠷᠠᠭᠤᠯᠵᠤ᠂ ᠡᠮᠡᠭᠲᠡᠢ ᠠᠵᠢᠯᠲᠠᠨ ᠠᠵᠢᠯᠴᠢᠨ ᠤ ᠡᠷᠬᠢᠮᠰᠦᠭ | ᠰᠡᠳᠬᠢᠯᠭᠡ ᠶᠢ ᠤᠶᠠᠩᠭᠠᠯᠠᠨ᠂ ᠡᠮᠡᠭᠲᠡᠢ ᠠᠵᠢᠯᠲᠠᠨ ᠠᠵᠢᠯᠴᠢᠨ ᠤ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ᠂ | ᠴᠤᠭ ᠵᠢᠪᠬᠤᠭ᠎ᠠ ᠲᠠᠢ᠂ ᠪᠦᠯᠬᠦᠮᠳᠡᠨ ᠲᠡᠮᠡᠴᠡᠭᠰᠡᠨ᠂ ᠡᠷᠡᠭᠦᠯ ᠰᠠᠷᠠᠭᠤᠯ ᠡᠶ᠎ᠡ ᠵᠣᠬᠢᠴᠠᠯ ᠲᠠᠢ ᠠᠮᠢᠳᠤᠷᠠᠯ ᠤᠨ ᠠᠭᠤᠷ | ᠠᠮᠢᠰᠬᠤᠯ ᠢ ᠪᠣᠶ ᠪᠣᠯᠭᠠᠵᠤ᠂ ᠡᠮᠡᠭᠲᠡᠢ ᠠᠵᠢᠯᠲᠠᠨ ᠠᠵᠢᠯᠴᠢᠨ ᠤ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ | ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |