ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠤᠷᠤᠨ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2025/3/10
      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠵᠢᠴᠢ ᠲᠡᠭᠦᠨ ᠤ ᠪᠣᠶᠢᠵᠢᠨ ᠬᠥᠭᠵᠢᠭᠰᠡᠨ ᠬᠥᠮᠥᠨ ᠨᠡᠶᠢᠭᠡᠮ ᠤᠨ ᠣᠷᠴᠢᠨ ᠲᠣᠭᠤᠷᠢᠨ᠂ ᠪᠠᠶᠢᠭᠠᠯᠢ ᠶᠢᠨ ᠣᠷᠴᠢᠨ ᠲᠣᠭᠤᠷᠢᠨ ᠤ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢ ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ 7 ᠰᠣᠶᠣᠯ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠨᠡᠶᠢᠲᠡᠯᠡᠪᠡ᠃      ᠠᠶᠢᠮᠠᠭ ᠬᠤᠲᠠ ᠶᠢᠨ ᠪᠠᠲᠤᠯᠠᠨ ᠲᠠᠨᠢᠯᠴᠠᠭᠤᠯᠬᠤ᠂ ᠦᠨᠡᠯᠡᠨ ᠰᠢᠯᠭᠠᠷᠠᠭᠤᠯᠵᠤ ᠬᠠᠷᠢᠭᠤ ᠮᠠᠷᠭᠤᠬᠤ ᠵᠢᠴᠢ ᠬᠢᠨᠠᠨ ᠪᠠᠶᠢᠴᠠᠭᠠᠵᠤ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢᠶᠠᠷ ᠳᠡᠮᠵᠢᠨ᠂ ᠬᠠᠩᠭᠠᠢ ᠶᠢᠨ ᠲᠠᠯ᠎ᠠ ᠨᠤᠲᠤᠭ ᠤᠨ ᠮᠠᠯ ᠠᠵᠤ ᠠᠬᠤᠢ ᠰᠣᠶᠣᠯ  ᠠᠮᠢ ᠠᠬᠤᠢ ︵ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠪᠠᠶᠢᠭᠤᠯᠬᠤ ᠪᠠᠷ ᠲᠣᠭᠲᠠᠵᠤ᠂ ᠲᠠᠷᠢᠶᠠᠯᠠᠩ ᠮᠠᠯ ᠠᠵᠤ ᠠᠬᠤᠢ ᠰᠣᠶᠣᠯ ᠠᠮᠢ ᠠᠬᠤᠢ ︵ᠲᠦᠩᠯᠢᠶᠣᠣ ᠬᠤᠲᠠ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠲᠣᠭᠤᠷᠢᠭ᠂ ᠨᠡᠭᠦᠳᠡᠯ ᠰᠣᠶᠣᠯ ᠤᠨ ᠠᠮᠢ ᠠᠬᠤᠢ ︵ᠠᠷᠤ ᠬᠤᠷᠴᠢᠨ ᠬᠤᠰᠢᠭᠤ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂  ᠴᠠᠬᠠᠷ ᠰᠣᠶᠣᠯ ᠤᠨ ᠠᠮᠢ ᠠᠬᠤᠢ ︵ᠰᠢᠯᠤᠭᠤᠨ ᠬᠥᠬᠡ ᠬᠤᠰᠢᠭᠤ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠬᠠᠲᠤᠨ ᠭᠤᠣᠯ ᠤᠨ ᠰᠣᠶᠣᠯ ᠠᠮᠢ ᠠᠬᠤᠢ ︵ᠲᠣᠭᠲᠠᠬᠤ ᠰᠢᠶᠠᠨ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠪᠣᠷᠣᠳᠣᠬᠤᠢ ᠶᠢᠨ ᠰᠣᠶᠣᠯ ᠠᠮᠢ ᠠᠬᠤᠢ ︵ᠪᠠᠶᠠᠨᠨᠠᠭᠤᠷ ᠬᠤᠲᠠ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠲᠡᠮᠡᠭᠡᠨ ᠤ ᠰᠣᠶᠣᠯ ᠠᠮᠢ ᠠᠬᠤᠢ ︵ᠠᠯᠠᠱᠠ ᠠᠶᠢᠮᠠᠭ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠳᠤ ᠤᠷᠤᠭᠤᠯᠪᠠ᠃      ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠠᠴᠠ ᠪᠣᠳᠠᠰ ᠤᠨ ᠪᠤᠰᠤ ᠰᠣᠶᠣᠯ ᠤᠨ ᠥᠪ ᠤᠨ ︽ᠨᠢᠭᠡ ᠬᠠᠤᠯᠢ ᠨᠢᠭᠡ ᠳᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠰᠣᠶᠣᠯ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠰᠣᠶᠣᠯ ᠠᠮᠢ ᠠᠬᠤᠢ ᠶᠢᠨ ᠪᠦᠬᠦᠯᠢ ᠴᠣᠭᠴᠠᠲᠤ ᠴᠢᠨᠠᠷᠲᠠᠢ ᠬᠠᠮᠠᠭᠠᠯᠠᠯᠲᠠ ᠶᠢ ᠥᠷᠨᠢᠭᠦᠯᠬᠦ ᠶᠢᠨ ᠬᠠᠮᠲᠤ᠂ ᠠᠶᠢᠮᠠᠭ ᠬᠤᠲᠠ ᠶᠢᠨ ᠰᠣᠶᠣᠯ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1