ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠷᠭᠡᠨ ᠣᠯᠠᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ | ᠪᠣᠯᠣᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠭᠦᠯᠬᠦ ᠶᠢᠨ ᠲᠦᠯᠦᠭᠡ᠂ | ᠣᠷᠴᠢᠮᠬᠠᠨ ᠳᠤ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠨᠢ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ᠂ ᠰᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠡᠪᠯᠡᠯ ᠤᠨ ᠰᠢᠶᠠᠨ ᠤ ᠬᠤᠷᠢᠶ᠎ᠠ ᠵᠡᠷᠭᠡ ᠣᠯᠠᠨ ᠨᠢᠭᠡᠴᠡ ᠲᠠᠢ ᠬᠠᠮᠲᠤᠷᠠᠨ ᠤᠮᠠᠷᠠᠲᠤ | ᠬᠢᠯᠢ ᠶᠢᠨ ᠰᠣᠶᠣᠯ ᠤᠨ ᠤᠷᠲᠤ ᠬᠤᠩᠭᠢᠯ ᠳᠤ ︽ᠬᠠᠤᠯᠢ ᠪᠠᠷ ᠵᠠᠰᠠᠬᠤ ᠲᠣᠭᠲᠠᠬᠤ ᠤᠮᠠᠷᠠᠲᠤ ᠬᠢᠯᠢ ᠢ ᠪᠦᠲᠦᠭᠡᠨ | ᠪᠠᠶᠢᠭᠤᠯᠬᠤ ᠠᠵᠢᠯᠯᠠᠭ᠎ᠠ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠡᠨᠡ | ᠤᠳᠠᠭᠠᠨ ᠤ ᠠᠵᠢᠯᠯᠠᠭ᠎ᠠ ᠳᠤ ᠣᠯᠠᠨ ᠲᠦᠮᠡᠨ ᠤ ᠠᠩᠬᠠᠷᠤᠯ ᠢ ᠲᠠᠲᠠᠵᠤ᠂ ᠨᠡᠶᠢᠭᠡᠮ ᠤᠨ ᠰᠠᠶᠢᠨ ᠦᠷ᠎ᠡ ᠪᠦᠲᠦᠮᠵᠢ | ᠣᠯᠣᠭᠰᠠᠨ ᠪᠠᠶᠢᠨ᠎ᠠ᠃ | | | | | | | | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠡᠮᠬᠢ | ᠳᠢᠭᠯᠢᠮ ᠲᠠᠢ ᠪᠠᠶᠢᠯ᠎ᠠ᠃ ᠡᠯ᠎ᠡ ᠣᠷᠣᠯᠴᠠᠭᠰᠠᠨ ᠨᠢᠭᠡᠴᠡ ᠨᠦᠭᠦᠳ ᠠᠰᠠᠭᠤᠨ ᠯᠠᠪᠯᠠᠬᠤ ᠲᠠᠪᠴᠠᠩ ᠭᠠᠷᠭᠠᠬᠤ᠂ | ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠶᠢ ᠪᠠᠭᠲᠠᠭᠠᠭᠰᠠᠨ ᠡᠮᠡᠭᠲᠡᠶᠢᠴᠦᠳ ᠬᠡᠦᠬᠡᠳ ᠤᠨ | ᠡᠷᠬᠡ ᠠᠰᠢᠭ ᠢ ᠬᠠᠮᠠᠭᠠᠯᠠᠬᠤ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠰᠢ ᠴᠠᠰᠢ | ᠶᠠᠪᠤᠵᠤ ᠪᠠᠶᠢᠭ᠎ᠠ ᠣᠯᠠᠨ ᠲᠦᠮᠡᠨ ᠳᠤ ᠤᠬᠠᠭᠤᠯᠤᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠤᠯᠠᠨ ᠲᠦᠮᠡᠨ ᠳᠤ | ᠬᠠᠤᠯᠢ ᠴᠠᠭᠠᠵᠠ ᠶᠢᠨ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠪᠣᠳᠠᠲᠤ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ | ᠥᠷᠭᠡᠨ ᠤᠯᠠᠨ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠲᠤᠰ | ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠵᠠᠢ᠃ | | | | | | | | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ | ᠬᠤᠭᠤᠴᠠᠭᠠᠨ ᠳᠤ᠂ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 570 ᠭᠠᠷᠤᠢ ᠬᠤᠪᠢ | ᠲᠠᠷᠬᠠᠭᠠᠵᠤ᠂ ᠤᠯᠠᠨ ᠲᠦᠮᠡᠨ ᠤ ᠠᠰᠠᠭᠤᠨ ᠯᠠᠪᠯᠠᠬᠤ ᠶᠢ 20 ᠭᠠᠷᠤᠢ ᠬᠥᠮᠥᠨ ᠤᠳᠠᠭ᠎ᠠ ᠬᠦᠯᠢᠶᠡᠨ ᠠᠪᠤᠪᠠ᠃ | ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ | ᠠᠰᠢᠭ ᠢᠶᠠᠨ ᠬᠡᠷᠬᠢᠨ ᠬᠠᠮᠠᠭᠠᠯᠠᠬᠤ ᠶᠢ ᠣᠶᠢᠯᠠᠭᠠᠵᠤ᠂ ᠬᠠᠤᠯᠢ ᠶᠢ ᠤᠶᠢᠯᠠᠭᠠᠬᠤ᠂ ᠬᠠᠤᠯᠢ ᠶᠢ ᠮᠡᠳᠡᠬᠦ᠂ ᠬᠠᠤᠯᠢ ᠶᠢ | ᠰᠠᠬᠢᠬᠤ ᠰᠠᠶᠢᠨ ᠢᠷᠭᠡᠨ ᠪᠣᠯᠬᠤ ᠶᠢ ᠰᠣᠷᠣᠭᠰᠠᠨ ᠪᠠᠶᠢᠨ᠎ᠠ ᠭᠡᠵᠦ ᠴᠥᠭᠡᠨ ᠪᠤᠰᠤ ᠣᠯᠠᠨ ᠲᠦᠮᠡᠨ ᠢᠯᠡᠷᠬᠡᠶᠢᠯᠡᠵᠦ | ᠪᠠᠶᠢᠨ᠎ᠠ᠃ | | | | | | | | ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠮᠲᠤᠷᠠᠭᠰᠠᠨ | ᠤᠬᠠᠭᠤᠯᠭ᠎ᠠ ᠶᠢᠨ ᠠᠵᠢᠯᠯᠠᠭ᠎ᠠ ᠨᠢ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ | ᠡᠮᠡᠭᠲᠡᠢ ᠣᠯᠠᠨ ᠲᠦᠮᠡᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠡᠷᠬᠡ ᠪᠠᠨ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠡᠶᠢᠭᠡᠮ ᠳᠠᠶᠠᠭᠠᠷ ᠤᠨ ᠡᠮᠡᠭᠲᠡᠶᠢᠴᠦᠳ ᠬᠡᠦᠬᠡᠳ ᠢ ᠬᠠᠯᠠᠮᠵᠢᠯᠠᠨ | ᠬᠠᠶᠢᠷᠠᠯᠠᠬᠤ᠂ ᠡᠮᠡᠭᠲᠡᠶᠢᠴᠦᠳ ᠤᠨ ᠡᠷᠬᠡ ᠠᠰᠢᠭ ᠢ ᠬᠦᠨᠳᠦᠳᠬᠡᠨ ᠪᠠᠲᠤᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠬᠤᠶᠢᠰᠢᠳᠠ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠦᠷᠭᠦᠯᠵᠢᠯᠡᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ | ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ | ᠬᠦᠷᠭᠡᠵᠦ᠂ ᠬᠠᠤᠯᠢ ᠪᠠᠷ ᠵᠠᠰᠠᠬᠤ ᠲᠣᠭᠲᠠᠬᠤ ᠶᠢ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢ | ᠨᠡᠮᠡᠷᠢᠯᠡᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |