2025 ᠣᠨ ᠤ 1 ︱ 2 ᠳ᠋ᠤᠭᠠᠷ ᠰᠠᠷ᠎ᠠ ᠳᠤ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ ᠶᠢ 2658.3 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2025/3/10
ᠢᠷᠡᠯᠲᠡ᠄ ᠲᠤᠭᠳᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ        ᠣᠷᠣᠯᠭ᠎ᠠ ᠪᠠᠭᠠᠲᠠᠢ ᠬᠥᠮᠥᠰ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠶᠢᠳᠠᠪᠤᠷᠢᠵᠢᠭᠤᠯᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂  ᠲᠤᠭᠳᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠤᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ  ᠶᠢᠨ ᠪᠡᠯᠡ ᠮᠥᠩᠭᠦ ᠶᠢ 2658.3 ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠡᠶᠢᠲᠡ 83395 ᠬᠥᠮᠥᠨ ᠤᠳᠠᠭ᠎ᠠ ᠠᠰᠢᠭ ᠬᠦᠷᠲᠡᠭᠡᠵᠡᠢ᠃      ᠡᠭᠦᠨ ᠳᠤ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ 96.04 ᠲᠦᠮᠡᠨ ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ 1283.11 ᠲᠦᠮᠡᠨ ᠲᠥᠭᠦᠷᠢᠭ᠂ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠨᠥᠬᠦᠪᠦᠷᠢ 91.05 ᠲᠦᠮᠡᠨ ᠲᠥᠭᠦᠷᠢᠭ᠂ ᠭᠤᠷᠪᠠᠨ ᠠᠷᠠᠳ ᠤᠨ ᠲᠣᠭᠲᠠᠭᠰᠠᠨ ᠬᠤᠭᠤᠴᠠᠭᠠᠨ ᠤ ᠲᠣᠭᠲᠠᠭᠰᠠᠨ ᠬᠡᠮᠵᠢᠶᠡᠨ ᠤ ᠨᠥᠬᠦᠪᠦᠷᠢ 5.65 ᠲᠦᠮᠡᠨ ᠲᠥᠭᠦᠷᠢᠭ ᠲᠤ ᠬᠦᠷᠴᠦ᠂ ᠥᠨᠥᠴᠢᠨ ᠬᠡᠦᠬᠡᠳ ᠢ ᠠᠰᠠᠷᠠᠨ ᠲᠡᠵᠢᠭᠡᠬᠦ ᠨᠥᠬᠦᠪᠦᠷᠢ 34.01 ᠲᠦᠮᠡᠨ ᠲᠥᠭᠦᠷᠢᠭ᠂ ᠭᠤᠷᠪᠠ ᠦᠭᠡᠢ ᠬᠥᠮᠥᠰ ᠢ ᠠᠰᠠᠷᠠᠨ ᠲᠡᠵᠢᠭᠡᠬᠦ ᠨᠥᠬᠦᠪᠦᠷᠢ 8.88 ᠲᠦᠮᠡᠨ ᠲᠥᠭᠦᠷᠢᠭ᠂ ᠠᠰᠠᠷᠠᠮᠵᠢ ᠶᠢᠨ ᠨᠥᠬᠦᠪᠦᠷᠢ 174.31 ᠲᠦᠮᠡᠨ ᠲᠥᠭᠦᠷᠢᠭ᠂ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠠᠪᠤᠷᠠᠨ ᠲᠤᠰᠠᠯᠠᠯᠲᠠ 619.37 ᠲᠦᠮᠡᠨ ᠲᠥᠭᠦᠷᠢᠭ᠂ ᠵᠡᠮᠳᠡᠭᠴᠦᠳ ᠤᠨ ᠨᠥᠬᠦᠪᠦᠷᠢ 177.8 ᠲᠦᠮᠡᠨ ᠲᠥᠭᠦᠷᠢᠭ᠂ ᠣᠷᠳᠣ ᠨᠠᠰᠤᠯᠠᠬᠤ ᠨᠥᠬᠦᠪᠦᠷᠢ 105.89 ᠲᠦᠮᠡᠨ ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ 59.47 ᠲᠦᠮᠡᠨ ᠲᠥᠭᠦᠷᠢᠭ᠂ ᠬᠤᠲᠠ ᠪᠠᠯᠭᠠᠰᠤ ᠶᠢᠨ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ 1.3 ᠲᠦᠮᠡᠨ ᠲᠥᠭᠦᠷᠢᠭ᠂ ᠮᠠᠭᠠᠳᠯᠠᠨ ᠲᠣᠭᠲᠠᠭᠠᠭᠰᠠᠨ ᠢᠶᠠᠷ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠦᠷᠢ 1.42 ᠲᠦᠮᠡᠨ ᠲᠥᠭᠦᠷᠢᠭ ᠪᠣᠯᠣᠨ᠎ᠠ᠃ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠣᠯᠭᠤᠬᠤ ᠶᠢ ᠦᠨᠡᠨ ᠬᠦ ᠰᠠᠶᠢᠲᠤᠷ ᠪᠡᠶᠡᠯᠡᠭᠦᠯᠵᠦ᠂ ᠲᠠᠷᠢᠶᠠᠴᠢᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠵᠤ ᠬᠠᠮᠠᠭᠠᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1