ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠠᠬᠢᠨ ᠲᠤᠭᠳᠠᠪᠦᠷᠢᠵᠢᠭᠤᠯᠬᠤ ᠶᠢ ᠠᠬᠢᠭᠤᠯᠬᠤ ᠳᠤ ᠲᠥᠷᠥ ᠶᠢᠨ ᠪᠣᠳᠣᠯᠭ᠎ᠠ ᠶᠢᠨ ᠲᠡᠮᠵᠢᠯᠭᠡ ᠶᠢ ᠮᠥᠨ ᠯᠡ ︽ᠨᠡᠮᠡᠭᠳᠡᠭᠦᠯᠬᠦ︾ ᠴᠢᠬᠤᠯᠠᠳᠠᠢ
ᠨᠡᠶᠢᠲᠡᠯᠡᠭᠰᠡᠨ ᠴᠠᠭ᠄
2025/3/10
      ᠬᠡᠷ ᠪᠠᠶᠢᠰᠢᠩ ᠭᠠᠵᠠᠷ ᠬᠥᠷᠥᠩᠭᠡ ᠪᠣᠯ ᠨᠢᠭᠡ ᠲᠠᠯ᠎ᠠ  ᠪᠠᠷ ᠠᠵᠤ ᠠᠬᠤᠶ ᠲᠠᠢ ᠬᠤᠯᠪᠣᠯᠳᠤᠵᠤ᠂ ᠨᠥᠭᠦᠭᠡ ᠲᠠᠯ᠎ᠠ  ᠪᠠᠷ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠵᠢᠯ ᠪᠦᠷᠢ ᠶᠢᠨ ᠬᠤᠶᠠᠷ ᠬᠤᠷᠠᠯ ᠤᠨ ᠠᠩᠬᠠᠷᠤᠯ ᠤᠨ ᠲᠥᠪ ᠪᠤᠯᠳᠠᠭ᠃ ᠨᠢᠳᠤᠨᠤᠨ ᠤ ᠵᠢᠯ ᠤᠨ ᠡᠴᠦᠰ ᠲᠤ ᠬᠤᠷᠠᠯᠳᠤᠭᠤᠯᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ 2025 ᠣᠨ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠠᠬᠢᠨ ᠲᠤᠭᠳᠠᠪᠦᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ ᠭᠡᠵᠦ ᠲᠣᠳᠣᠷᠬᠠᠢ ᠳᠤᠷᠠᠳᠴᠠᠢ᠂ ᠡᠨᠡ ᠨᠢ ᠮᠥᠨ ᠴᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠡᠨᠡ ᠵᠢᠯ ᠤᠨ ᠭᠤᠣᠯᠳᠠᠯᠭ᠎ᠠ ᠲᠠᠢ ᠰᠠᠶᠢᠲᠤᠷ ᠠᠳᠬᠤᠬᠤ ᠠᠵᠢᠯ ᠪᠣᠯᠣᠨ᠎ᠠ᠃      ︽ᠪᠠᠭᠤᠷᠠᠬᠤ ᠶᠢ ᠵᠣᠭᠰᠣᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ︾ ᠨᠢ ᠡᠨᠡ ᠵᠢᠯ ᠤᠨ ᠬᠤᠶᠠᠷ ᠬᠤᠷᠠᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠤ ᠶᠠᠷᠢᠶ᠎ᠠ ᠬᠡᠯᠡᠯᠴᠡᠭᠡᠨ ᠤ ᠵᠠᠩᠭᠢᠯᠠᠭ᠎ᠠ ᠪᠤᠯᠬᠤ ᠨᠢ ᠭᠠᠷᠴᠠᠭ᠎ᠠ ᠦᠭᠡᠢ᠃ ᠠᠵᠢᠯ ᠲᠥᠷᠥᠯ ᠤᠨ ᠳᠣᠲᠣᠭᠠᠳᠤ ᠶᠢᠨ ᠲᠤᠰᠬᠠᠢ ᠮᠡᠷᠭᠡᠵᠢᠯᠲᠡᠨ ᠂ ᠨᠢᠳᠤᠨᠤᠨ ᠤ ᠲᠦᠷᠪᠡᠳᠦᠭᠡᠷ ᠤᠯᠠᠷᠢᠯ ᠠᠴᠠ ᠨᠠᠰᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠣᠯᠠᠨ ᠵᠦᠢᠯ ᠤᠨ ᠭᠦᠢᠴᠡᠳᠭᠡᠯ ᠲᠤᠭᠠᠨ ᠤ ᠬᠤᠪᠢᠷᠠᠯᠳᠠ ᠠᠴᠠ ᠦᠵᠡᠪᠡᠯ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠬᠤ ᠶᠢ ᠵᠣᠭᠰᠣᠭᠠᠵᠤ ᠲᠠᠬᠢᠨ ᠲᠤᠭᠳᠠᠪᠦᠷᠢᠵᠢᠬᠤ ᠪᠠᠶᠢᠳᠠᠯ ᠢᠯᠡᠷᠡᠵᠡᠢ᠃ ᠶᠡᠷᠦᠩᠬᠡᠶ ᠳᠤᠨᠢ ᠠᠪᠴᠤ ᠦᠵᠡᠪᠡᠯ᠂ ᠣᠳᠣᠬᠠᠨ ᠳᠤ ᠵᠠᠬ᠎ᠠ ᠳᠡᠯᠭᠡᠭᠦᠷ ᠤᠨ ᠬᠡᠷᠡᠭᠴᠡᠭᠡ ᠱᠠᠲᠤ ᠦᠶ᠎ᠡ ᠶᠢᠨ ᠴᠢᠨᠠᠷᠲᠠᠶ ᠵᠢᠴᠢ ᠪᠦᠲᠦᠴᠡ ᠶᠢᠨ ᠴᠢᠨᠠᠷᠲᠠᠶ ᠰᠠᠶᠢᠵᠢᠷᠠᠯᠲᠠ ᠨᠢᠭᠡᠨᠲᠡ ᠪᠤᠢ ᠪᠤᠯᠵᠠᠢ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠡᠨᠡ ᠵᠢᠯ ᠤᠨ ᠪᠠᠭᠤᠷᠠᠬᠤ ᠶᠢ ᠵᠣᠭᠰᠣᠭᠠᠵᠤ ᠲᠠᠬᠢᠨ ᠲᠤᠭᠳᠠᠪᠦᠷᠢᠵᠢᠭᠤᠯᠬᠤ ᠶᠢ ᠠᠬᠢᠭᠤᠯᠬᠤ ᠬᠠᠷᠠᠯᠲᠠ ᠶᠢ ᠪᠡᠶᠡᠯᠡᠭᠦᠯᠬᠦ ᠳᠤ᠂ ᠡᠩ ᠲᠡᠷᠢᠭᠦᠨ ᠳᠤ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠦᠨ ᠦᠨᠡᠨ ᠬᠦ ᠨᠠᠶᠢᠳᠠᠪᠤᠷᠢᠵᠢᠭᠤᠯᠬᠤ ᠶᠢᠨ ᠬᠠᠮᠲᠤ ᠨᠡᠮᠡᠭᠳᠡᠯ ᠲᠥᠷᠥ ᠶᠢᠨ ᠪᠣᠳᠣᠯᠭ᠎ᠠ ᠶᠢ ᠡᠷᠲᠡᠬᠡᠨ ᠨᠥᠭᠡᠴᠡᠯᠡᠬᠦ ᠶᠢᠨ ᠬᠠᠮᠲᠤ ᠬᠡᠷᠡᠭᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠨᠢ ᠲᠥᠪ ᠤᠨ ᠵᠠᠰᠠᠭ ᠤᠨ ᠣᠷᠳᠣᠨ ᠲᠠᠢ ᠨᠡᠶᠢᠯᠡᠯ ᠬᠦᠴᠦᠨ ᠢ ᠪᠦᠷᠢᠯᠳᠦᠭᠦᠯᠵᠦ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠵᠡᠷᠭᠡ ᠪᠠᠷ ᠬᠦᠴᠦᠯᠡᠬᠦ ᠬᠡᠷᠡᠭᠲᠡᠶ ᠭᠡᠵᠦ ᠦᠵᠡᠵᠦ ᠪᠠᠶᠢᠨ᠎ᠠ᠃      ᠣᠯᠠᠨ ᠵᠦᠢᠯ ᠤᠨ ᠭᠦᠢᠴᠡᠳᠭᠡᠯ ᠲᠤᠭᠠᠨ ᠳᠤ ᠢᠳᠡᠪᠬᠢᠲᠡᠢ ᠬᠤᠪᠢᠷᠠᠯᠲᠠ ᠭᠠᠷᠴᠠᠢ      ᠣᠶᠢᠷ᠎ᠠ ᠶᠢᠨ ᠬᠡᠳᠦᠨ ᠰᠠᠷ᠎ᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠣᠯᠠᠨ ᠵᠦᠢᠯ ᠤᠨ ᠭᠦᠢᠴᠡᠳᠭᠡᠯ ᠲᠤᠭ᠎ᠠ ᠰᠠᠶᠢᠵᠢᠷᠠᠵᠤ᠂ ᠢᠳᠡᠪᠬᠢᠲᠡᠶ ᠬᠤᠪᠢᠷᠠᠯᠲᠠ ᠠᠭᠠᠵᠢᠮ ᠢᠶᠠᠷ ᠤᠯᠠᠰᠢᠷᠠᠵᠦ ᠪᠠᠶᠢᠨ᠎ᠠ᠃      ᠭᠡᠷ ᠪᠠᠶᠢᠰᠢᠩ ᠭᠠᠵᠠᠷ ᠬᠥᠷᠥᠩᠭᠡ ᠶᠢᠨ ᠦᠶᠡᠯᠡᠯ ᠤᠨ ᠬᠤᠭᠤᠴᠠᠭᠠᠨ ᠤ ᠲᠡᠷᠢᠭᠦᠨ ᠤ ᠭᠦᠢᠴᠡᠳᠬᠡᠯ ᠲᠤᠭ᠎ᠠ ᠪᠣᠯᠤᠭᠰᠠᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠢ ᠨᠢᠳᠤᠨᠤᠨ ᠤ ᠳᠥᠷᠪᠡᠳᠦᠭᠡᠷ ᠤᠯᠠᠷᠢᠯ ᠠᠴᠠ ᠨᠠᠰᠢ ᠡᠳᠦᠶ ᠲᠡᠳᠦᠶ ᠰᠠᠶᠢᠵᠢᠷᠠᠯᠲᠠ ᠲᠠᠢ ᠪᠣᠯᠪᠠ᠃ ᠨᠢᠲᠤᠨᠤᠨ ᠤ 10 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠤᠯᠲᠠᠯ᠎ᠠ᠂ ᠪᠦᠭᠦ ᠤᠯᠤᠰ ᠤᠨ ᠰᠢᠨ᠎ᠡ ᠤᠷᠤᠨ ᠰᠠᠭᠤᠴᠠ ᠶᠢᠨ ᠪᠤᠷᠤᠯᠠᠭᠤᠯᠤᠭᠰᠠᠨ ᠲᠠᠯᠠᠪᠠᠢ 3 ᠰᠠᠷ᠎ᠠ ᠦᠷᠭᠦᠯᠵᠢᠯᠠᠨ ᠠᠲᠠᠯᠢ ᠬᠤᠭᠤᠴᠠᠭᠠᠨ ᠠᠴᠠ ᠨᠡᠮᠡᠭᠲᠡᠵᠡᠢ᠃ ᠨᠢᠭᠡᠳᠦᠭᠡᠷ ᠲᠡᠰ ᠤᠨ ᠬᠤᠲᠠ ᠶᠢᠨ ᠲᠣᠭᠲᠠᠭᠤᠨ ᠪᠠᠶᠢᠳᠠᠯ ᠨᠡᠩ ᠢᠯᠡᠷᠬᠡᠢ᠂ ᠨᠢᠳᠤᠨᠤᠨ ᠤ 12 ᠳ᠋ᠤᠭᠠᠷ ᠰᠠᠷ᠎ᠠ ᠳᠤ᠂ 4 ᠨᠢᠭᠡᠳᠦᠭᠡᠷ ᠲᠡᠰ ᠤᠨ ᠬᠤᠲᠠ ᠶᠢᠨ ᠰᠢᠨ᠎ᠡ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 35% ᠢᠶᠠᠷ ᠨᠡᠮᠡᠭᠳᠡᠵᠦ᠂ ᠠᠳᠠᠯᠢ ᠬᠤᠭᠤᠴᠠᠭᠠᠨ ᠠᠴᠠ 1% ᠢᠶᠠᠷ ᠨᠡᠮᠡᠭᠳᠡᠵᠡᠢ᠃ ᠪᠡᠭᠡᠵᠢᠩ ᠤᠨ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ ᠨᠢ 21 ᠰᠠᠷ᠎ᠠ ᠠᠴᠠ ᠨᠠᠰᠢᠬᠢ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃      ᠡᠨᠡ ᠵᠢᠯ ᠤᠨ 1 ᠳ᠋ᠤᠭᠡᠷ ᠰᠠᠷ᠎ᠠ ᠨᠢ ᠤᠯᠠᠮᠵᠢᠯᠠᠯᠲᠤ ᠪᠣᠷᠣᠯᠠᠭᠤᠯᠭ᠎ᠠ ᠮᠠᠭᠤᠲᠠᠢ ᠤᠯᠠᠷᠢᠯ ᠪᠣᠯᠬᠤ ᠪᠥᠭᠡᠳ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠪᠠᠶᠢᠭᠰᠠᠨ ᠴᠤ ᠰᠠᠶᠢᠵᠢᠷᠠᠬᠤ ᠬᠠᠨᠳᠤᠰᠢ ᠲᠠᠢ ᠪᠠᠶᠢᠨ᠎ᠠ᠃ ᠢᠯᠠᠩᠭᠤᠶ᠎ᠠ ᠴᠠᠭᠠᠨ ᠰᠠᠷ᠎ᠠ ᠶᠢᠨ ᠳᠠᠷᠠᠭ᠎ᠠ᠂ ᠭᠤᠣᠯᠳᠠᠯᠭ᠎ᠠ ᠲᠠᠢ ᠬᠤᠲᠠ ᠶᠢᠨ ᠰᠢᠨ᠎ᠡ ᠭᠡᠷ ᠪᠠᠶᠢᠰᠢᠩ ᠪᠣᠯᠣᠨ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠲᠣᠭᠲᠠᠭᠤᠨ ᠳᠡᠭᠡᠭᠰᠢᠯᠡᠵᠦ᠂ ᠱᠧᠨᠵᠧᠨ ᠤ ᠭᠠᠷ ᠳᠠᠮᠵᠢᠭᠰᠠᠨ ᠣᠷᠣᠨ ᠰᠠᠭᠤᠴᠠ ᠶᠢᠨ ᠪᠤᠷᠤᠯᠠᠭᠤᠯᠭ᠎ᠠ ᠶᠢᠨ ᠲᠤᠭ᠎ᠠ ᠨᠢᠭᠡᠨᠲᠡ ᠭᠤᠷᠪᠠᠨ ᠭᠠᠷᠠᠭ ᠳᠠᠷᠠᠭᠠᠯᠠᠨ ᠨᠡᠮᠡᠭᠳᠡᠬᠦ ᠪᠠᠶᠢᠳᠠᠯ ᠢᠯᠡᠷᠡᠵᠡᠶ᠃        ᠠᠷᠠᠯᠵᠢᠶ᠎ᠠ ᠪᠦᠲᠦᠭᠰᠡᠨ ᠬᠡᠮᠵᠢᠶᠡᠨ ᠤ ᠲᠡᠭᠡᠭᠰᠢᠯᠡᠯᠳᠡ ᠨᠢ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠲᠠᠶᠢᠴᠢᠯᠠᠪᠠ᠃ ᠨᠢᠳᠦᠨᠦᠨ 12 ᠳ᠋ᠤᠭᠠᠷ ᠰᠠᠷ᠎ᠠ ᠳᠤ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠦᠨ᠎ᠡ 3 ᠰᠠᠷ᠎ᠠ ᠳᠠᠷᠠᠭᠠᠯᠠᠨ ᠦᠰᠴᠡᠶ᠃ ᠡᠨᠡ ᠵᠢᠯ ᠤᠨ 1 ᠳ᠋ᠤᠭᠡᠷ ᠰᠠᠷ᠎ᠠ ᠳᠤ᠂ ᠨᠢᠭᠡᠳᠦᠭᠡᠷ ᠲᠡᠰ ᠤᠨ ᠬᠤᠳᠠ ᠶᠢᠨ ᠭᠡᠷ ᠪᠠᠶᠢᠰᠢᠩ ᠤᠨ ᠦᠨ᠎ᠡ ᠬᠠᠩᠰᠢ ᠦᠷᠭᠦᠯᠵᠢᠯᠡᠨ ᠳᠡᠭᠡᠭᠰᠢᠯᠡᠵᠦ᠂ ᠬᠤᠶᠠᠳᠤᠭᠠᠷ ᠲᠡᠰ ᠤᠨ ᠬᠤᠳᠠ ᠶᠢᠨ ᠰᠢᠨ᠎ᠡ ᠭᠡᠷ ᠪᠠᠶᠢᠰᠢᠩ ᠤᠨ ᠦᠨ᠎ᠡ ᠬᠠᠩᠰᠢ 2023 ᠣᠨ ᠤ 6 ᠳ᠋ᠤᠭᠠᠷ ᠰᠠᠷ᠎ᠠ ᠠᠴᠠ ᠨᠠᠰᠢ ᠠᠩᠬ᠎ᠠ ᠤᠳᠠᠭ᠎ᠠ ᠥᠰᠪᠡ᠃ ᠡᠭᠦᠨ ᠳᠤ ᠨᠠᠨᠵᠢᠩ ᠪᠣᠯᠣᠨ ᠴᠧᠩᠳᠦ᠋ ᠶᠢᠨ ᠰᠢᠨ᠎ᠡ ᠭᠡᠷ ᠪᠠᠶᠢᠰᠢᠩ ᠤᠨ ᠦᠨ᠎ᠡ᠂ ᠱᠠᠩᠬᠠᠶ ᠶᠢᠨ ᠬᠠᠭᠤᠴᠢᠨ ᠭᠡᠷ ᠪᠠᠶᠢᠰᠢᠩ ᠤᠨ ᠦᠨ᠎ᠡ ᠬᠤᠶᠠᠷ ᠰᠠᠷ᠎ᠠ ᠳᠠᠷᠠᠭᠠᠯᠠᠨ ᠦᠰᠴᠡᠶ᠃      ︽1 ᠳ᠋ᠤᠭᠡᠷ ᠰᠠᠷ᠎ᠠ ᠨᠢ ᠤᠯᠠᠮᠵᠢᠯᠠᠯᠲᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠮᠠᠭᠤᠲᠠᠢ ᠤᠯᠠᠷᠢᠯ ᠪᠣᠯᠤᠭᠰᠠᠨ ᠤ ᠬᠤᠪᠢ ᠳᠤ᠂ ᠬᠤᠶᠠᠳᠤᠭᠠᠷ ᠲᠡᠰ ᠤᠨ ᠬᠤᠲᠠ ᠶᠢᠨ ᠰᠢᠨ᠎ᠡ ᠭᠡᠷ ᠪᠠᠶᠢᠰᠢᠩ ᠤᠨ ᠦᠨ᠎ᠡ 19 ᠰᠠᠷ᠎ᠠ ᠠᠯᠤᠰᠯᠠᠭᠠᠳ ᠠᠩᠬ᠎ᠠ ᠤᠳᠠᠭ᠎ᠠ ᠥᠰᠦᠭᠰᠡᠨ ᠨᠢ ᠦᠨᠡᠬᠡᠷ ᠬᠢᠯᠪᠠᠷ ᠪᠢᠰᠢ︾᠃ ᠡᠨᠡ ᠤᠳᠠᠭ᠎ᠠ ᠨᠠᠨᠵᠢᠩ ᠤᠨ ᠰᠢᠨ᠎ᠡ ᠭᠡᠷ ᠪᠠᠶᠢᠰᠢᠩ ᠤᠨ ᠦᠨ᠎ᠡ ᠬᠠᠩᠰᠢ ᠦᠰᠦᠭᠰᠡᠨ ᠨᠢ ᠨᠡᠩ ᠴᠦ ᠠᠩᠬᠠᠷᠤᠭᠤᠰᠢᠳᠠᠢ᠂ ᠨᠠᠨᠵᠢᠩ ᠢᠶᠠᠷ ᠲᠥᠯᠦᠭᠡᠯᠡᠭᠦᠯᠦᠭᠰᠡᠨ ᠡᠮᠦᠨᠡᠬᠢ ᠬᠤᠭᠤᠴᠠᠭᠠᠨ ᠤ ᠵᠠᠬ᠎ᠠ ᠳᠡᠯᠭᠡᠭᠦᠷ ᠤᠨ ᠭᠦᠨᠵᠡᠭᠡᠢ ᠲᠣᠬᠢᠷᠠᠭᠤᠯᠤᠯᠲᠠ ᠶᠢ ᠥᠩᠭᠡᠷᠡᠭᠡᠭᠰᠡᠨ ᠬᠤᠶᠠᠳᠤᠭᠠᠷ ᠲᠡᠰ ᠤᠨ ᠬᠤᠲᠠ ᠢᠷᠡᠭᠡᠳᠦᠢ ᠳᠤ ᠨᠢᠭᠡ ᠡᠭᠡᠯᠵᠢ ᠶᠢᠨ ᠦᠨ᠎ᠡ ᠬᠠᠩᠰᠢ ᠶᠢᠨ ᠰᠡᠷᠭᠦᠯᠳᠡ ᠡᠬᠢᠯᠡᠭᠦᠯᠬᠦ ᠪᠣᠯᠤᠨ᠎ᠠ ᠭᠡᠳᠡᠭ ᠢ ᠬᠠᠷᠠᠭᠤᠯᠵᠤ ᠪᠠᠶᠢᠨ᠎ᠠ᠃       ᠬᠠᠯᠠᠮᠰᠢᠯ ᠬᠤᠲᠠ ᠶᠢᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠪᠦᠲᠦᠭᠰᠡᠨ ᠨᠣᠷᠮ᠎ᠠ ᠲᠡᠭᠡᠭᠰᠢᠯᠡᠭᠰᠡᠨ ᠨᠢ ᠭᠠᠵᠠᠷ ᠰᠢᠷᠤᠢ ᠶᠢᠨ ᠵᠠᠬ᠎ᠠ ᠳᠡᠯᠭᠡᠭᠦᠷ ᠢ ᠨᠦᠯᠦᠭᠡᠯᠡᠵᠦ᠂ ᠭᠡᠷ ᠪᠠᠶᠢᠰᠢᠩ ᠤᠨ ᠠᠵᠤ ᠠᠬᠤᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠢ ᠤᠯᠠᠮ ᠢᠶᠠᠷ ᠪᠠᠳᠤᠵᠢᠭᠤᠯᠵᠠᠢ᠃ ᠡᠨᠡ ᠵᠢᠯ ᠠᠴᠠ ᠨᠠᠰᠢ᠂ ᠬᠠᠯᠠᠮᠰᠢᠯ ᠬᠤᠲᠠ ᠶᠢᠨ ᠭᠠᠵᠠᠷ ᠰᠢᠷᠤᠢ ᠶᠢᠨ ᠦᠨ᠎ᠡ ᠥᠰᠦᠭᠰᠡᠨ ᠨᠣᠷᠮ᠎ᠠ 20% ᠠᠴᠠ ᠬᠡᠳᠦᠷᠡᠵᠤ᠂ ᠬᠠᠮᠤᠭ ᠥᠨᠳᠥᠷ ᠥᠰᠦᠭᠰᠡᠨ ᠨᠣᠷᠮ᠎ᠠ ᠨᠢ 87.5% ᠳᠤ ᠬᠦᠷᠴᠡᠢ᠃      ᠬᠡᠰᠡᠭ ᠬᠤᠲᠠ ᠶᠢᠨ ᠭᠡᠷ ᠪᠠᠶᠢᠰᠢᠩ ᠤᠨ ᠵᠠᠬ᠎ᠠ ᠲᠡᠯᠭᠡᠭᠦᠷ ᠨᠢᠭᠡᠨᠳᠡ ᠲᠤᠭᠳᠠᠪᠦᠷᠢᠵᠢᠪᠠ      ᠭᠡᠷ ᠪᠠᠶᠢᠰᠢᠩ ᠭᠠᠵᠠᠷ ᠬᠥᠷᠥᠩᠭᠡ ᠶᠢᠨ ᠲᠤᠬᠠᠶ ᠠᠯᠢ ᠣᠯᠠᠨ ᠭᠦᠢᠴᠡᠳᠭᠡᠯ ᠲᠤᠭ᠎ᠠ ᠶᠢᠨ ᠢᠳᠡᠪᠬᠢᠲᠡᠶ ᠬᠤᠪᠢᠷᠠᠯᠲᠠ ᠨᠢ ᠨᠢᠳᠤᠨᠤᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠨᠠᠰᠢ ᠨᠡᠶᠢᠲᠡᠯᠡᠭᠰᠡᠨ ᠠᠯᠢ ᠣᠯᠠᠨ ᠭᠡᠷ ᠪᠠᠶᠢᠰᠢᠩ ᠭᠠᠵᠠᠷ ᠬᠥᠷᠥᠩᠭᠡ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠠᠭᠠᠵᠢᠮ ᠢᠶᠠᠷ ᠲᠣᠳᠣᠷᠠᠵᠤ᠂ ᠵᠠᠬ᠎ᠠ ᠳᠡᠯᠭᠡᠭᠦᠷ ᠨᠢ ᠨᠢᠳᠤᠨᠤᠨ ᠤ ᠳᠥᠷᠪᠡᠳᠦᠭᠡᠷ ᠤᠯᠠᠷᠢᠯ ᠠᠴᠠ ᠨᠠᠰᠢᠬᠢ ᠰᠠᠶᠢᠵᠢᠷᠠᠬᠤ ᠬᠠᠨᠳᠤᠰᠢ ᠶᠢ ᠦᠷᠭᠦᠯᠵᠢᠯᠡᠭᠦᠯᠵᠡᠶ᠃      ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠪᠠ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠳᠡᠭᠡᠳᠦ ᠵᠡᠷᠭᠡ ᠶᠢᠨ ᠰᠤᠳᠤᠯᠤᠭᠴᠢ ᠴᠢᠨ ᠬᠤᠩ ᠢᠯᠡᠷᠬᠡᠶᠢᠯᠡᠬᠦ ᠳᠡᠭᠡᠨ᠂ ᠶᠡᠷᠦᠩᠬᠡᠶ ᠳᠤᠨᠢ ᠠᠪᠴᠤ ᠦᠵᠡᠪᠡᠯ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠱᠠᠲᠤ ᠦᠶ᠎ᠡ ᠶᠢᠨ ᠴᠢᠨᠠᠷᠲᠠᠶ ᠵᠢᠴᠢ ᠪᠦᠲᠦᠴᠡ ᠶᠢᠨ ᠴᠢᠨᠠᠷᠲᠠᠶ ᠰᠠᠶᠢᠵᠢᠷᠠᠯᠲᠠ ᠢᠯᠡᠷᠡᠵᠦ ᠪᠠᠶᠢᠨ᠎ᠠ᠂ ᠭᠡᠪᠡᠴᠦ ᠬᠠᠩᠭᠠᠯᠭ᠎ᠠ ᠶᠢᠨ ᠲᠠᠯ᠎ᠠ ᠶᠢᠨ ᠰᠢᠨ᠎ᠡ ᠪᠠᠷ ᠠᠵᠢᠯ ᠡᠬᠢᠯᠡᠭᠦᠯᠦᠭᠰᠡᠨ ᠪᠠ ᠨᠡᠭᠡᠭᠡᠨ ᠬᠥᠭᠵᠢᠭᠦᠯᠦᠭᠰᠡᠨ ᠪᠠᠯᠠ ᠣᠷᠣᠭᠤᠯᠤᠯᠲᠠ ᠮᠥᠨ ᠬᠦ ᠪᠠᠭᠤᠷᠠᠶ ᠪᠠᠶᠢᠵᠤ᠂ ᠪᠠᠭᠤᠷᠠᠬᠤ ᠶᠢ ᠵᠣᠭᠰᠣᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠪᠠᠶᠢᠳᠠᠯ ᠤᠨ ᠦᠷᠭᠦᠯᠵᠢᠯᠡᠬᠦ ᠴᠢᠨᠠᠷ ᠢ ᠠᠵᠢᠭᠯᠠᠬᠤ ᠴᠢᠬᠤᠯᠠᠲᠠᠶ ᠪᠠᠶᠢᠨ᠎ᠠ ᠭᠡᠵᠡᠶ᠃      ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠶ ᠰᠢᠶᠣᠤ ᠹᠧᠨ᠂ ᠣᠳᠣᠬᠠᠨ ᠳᠤ ᠵᠠᠬ᠎ᠠ ᠳᠡᠯᠭᠡᠭᠦᠷ ᠶᠡᠷᠦᠩᠬᠡᠶ ᠳᠡᠭᠡᠨ ᠪᠠᠭᠤᠷᠠᠬᠤ ᠶᠢ ᠵᠤᠭᠰᠤᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢᠯᠡᠷᠡᠵᠦ ᠪᠠᠶᠢᠨ᠎ᠠ᠂ ᠢᠯᠠᠩᠭᠤᠶ᠎ᠠ ᠨᠢᠭᠡᠳᠦᠭᠡᠷ ᠲᠡᠰ ᠤᠨ ᠬᠤᠲᠠ ᠪᠣᠯᠤᠨ ᠬᠡᠰᠡᠭ ᠬᠤᠶᠠᠳᠤᠭᠠᠷ ᠲᠡᠰ ᠤᠨ ᠬᠤᠲᠠ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ ᠪᠣᠯᠤᠨ ᠭᠠᠵᠠᠷ ᠰᠢᠷᠣᠶ ᠶᠢᠨ ᠠᠷᠠᠯᠵᠢᠶ᠎ᠠ ᠪᠦᠲᠦᠭᠰᠡᠨ ᠦᠨ᠎ᠡ ᠢᠯᠡᠷᠬᠡᠶ ᠰᠠᠶᠢᠵᠢᠷᠠᠵᠤ᠂ ᠴᠥᠭᠡᠨ ᠪᠤᠰᠤ ᠬᠤᠲᠠ ᠶᠢᠨ ᠰᠢᠨ᠎ᠡ ᠭᠡᠷ ᠪᠠᠶᠢᠰᠢᠩ ᠪᠣᠯᠤᠨ ᠭᠠᠷ ᠳᠠᠮᠵᠢᠭᠰᠠᠨ ᠭᠡᠷ ᠪᠠᠶᠢᠰᠢᠩ ᠤᠨ ᠶᠡᠷᠦᠩᠬᠡᠶ ᠬᠡᠮᠵᠢᠶ᠎ᠡ ᠲᠣᠭᠲᠠᠭᠤᠨ ᠤ ᠳᠤᠮᠳᠠ ᠳᠡᠭᠡᠭᠰᠢᠯᠡᠬᠦ ᠪᠠᠶᠢᠳᠠᠯ ᠢ ᠪᠠᠲᠤᠯᠠᠵᠤ᠂ ᠭᠡᠷ ᠪᠠᠶᠢᠰᠢᠩ ᠬᠤᠳᠠᠯᠳᠤᠨ ᠠᠪᠬᠤ ᠢᠲᠡᠭᠡᠯ ᠰᠡᠷᠭᠦᠵᠦ᠂ ᠭᠡᠷ ᠪᠠᠶᠢᠰᠢᠩ ᠬᠤᠳᠠᠯᠳᠤᠨ ᠠᠪᠬᠤ ᠬᠡᠮᠵᠢᠶ᠎ᠡ ᠤᠯᠠᠰᠢᠷᠠᠵᠤ ᠪᠠᠶᠢᠨ᠎ᠠ᠃ ᠭᠡᠪᠡᠴᠦ᠂ ︽ᠣᠳᠣᠬᠠᠨ ᠳᠤ ᠨᠢᠭᠡᠨᠲᠡ ᠣᠯᠤᠭᠰᠠᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠃          ᠭᠠᠵᠠᠷ ᠰᠢᠷᠣᠢ ᠶᠢᠨ ᠵᠠᠬ᠎ᠠ ᠳᠡᠯᠭᠡᠭᠦᠷ ᠠᠴᠠ ᠠᠪᠴᠤ ᠦᠵᠡᠪᠡᠯ᠂ ᠬᠡᠳᠦ᠋ᠢᠪᠡᠷ ᠨᠢᠭᠡ ᠬᠤᠶᠠᠳᠤᠭᠠᠷ ᠳᠡᠰ ᠤᠨ ᠬᠤᠳᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠠᠯᠠᠮᠰᠢᠯ ᠤᠨ ᠬᠡᠮᠵᠢᠶ᠎ᠡ ᠨᠡᠯᠢᠶᠡᠳ ᠥᠨᠳᠥᠷ ᠪᠣᠯᠪᠠᠴᠤ ᠪᠦᠬᠦ ᠤᠯᠤᠰ ᠤᠨ ᠪᠦᠬᠦᠯᠢ ᠴᠣᠭᠴᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠮᠥᠨ ᠬᠦ ᠰᠠᠭᠤᠷᠢ ᠲᠠᠯᠪᠢᠬᠤ ᠱᠠᠲᠤᠨ ᠳᠤ ᠣᠷᠣᠰᠢᠵᠤ᠂ ᠬᠡᠰᠡᠭ ᠭᠤᠷᠪᠠ ᠳᠥᠷᠪᠡᠳᠦᠭᠡᠷ ᠳᠡᠰ ᠤᠨ ᠬᠤᠳᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠮᠥᠨ ᠬᠦ ᠬᠠᠷᠢᠴᠠᠩᠭᠤᠢ ᠪᠠᠷ ᠬᠦᠷᠦᠯᠴᠡᠬᠦ ᠦᠭᠡᠢ ᠪᠠᠶᠢᠨ᠎ᠠ ᠭᠡᠵᠦ ᠳ᠋ᠢᠩ ᠽᠦ ᠢᠦᠢ ᠢᠯᠡᠷᠬᠡᠶᠢᠯᠡᠵᠡᠢ᠃      ᠳᠤᠮᠳᠠᠳᠤ ᠤᠯᠤᠰ ᠤᠨ ᠰᠢᠨ ᠳ᠋ᠡ ᠥᠯᠥ ᠬᠥᠳᠡᠯᠬᠦ ᠬᠥᠷᠥᠩᠭᠡ ᠶᠢᠨ ᠲᠡᠷᠢᠭᠦᠨ ᠰᠤᠳᠤᠯᠤᠭᠴᠢ ᠰᠢᠶᠧ ᠬᠠᠢ ᠱᠧᠩ ᠤᠨ ᠦᠵᠡᠬᠦ ᠪᠠᠷ᠂ ᠵᠠᠬ᠎ᠠ ᠳᠡᠯᠭᠡᠭᠦᠷ ᠤᠨ ᠪᠠᠭᠤᠷᠠᠬᠤ ᠶᠢ ᠵᠤᠭᠰᠤᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠠᠵᠢᠯ ᠨᠢᠭᠡᠨᠲᠡ ᠵᠣᠬᠢᠬᠤ ᠨᠥᠬᠦᠴᠡᠯ ᠢ ᠪᠦᠷᠢᠯᠳᠦᠭᠦᠯᠵᠡᠢ᠂ ᠭᠡᠪᠡᠴᠦ ᠨᠢᠭᠡ ᠯᠡ ᠳᠡᠭᠡᠷ᠎ᠡ ᠪᠦᠲᠦᠴᠢᠬᠡᠬᠦ ᠪᠢᠰᠢ᠂ ᠡᠯ᠎ᠡ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠳᠠᠷᠠᠯᠲᠠ ᠬᠦᠨᠳᠦ ᠨᠣᠴᠢᠲᠠᠶ ᠪᠠᠶᠢᠬᠤ ᠶᠢ ᠪᠣᠳᠣᠯᠬᠢᠯᠠᠭᠠᠳ᠂ ᠠᠳᠠᠯᠢ ᠪᠤᠰᠤ ᠡᠨᠧᠷᠭᠢ ᠶᠢᠨ ᠳᠡᠰ ᠤᠨ ᠬᠤᠲᠠ ᠶᠢᠨ ᠬᠤᠭᠤᠷᠣᠨᠳᠣ ᠱᠠᠳᠤᠯᠢᠭ ᠬᠡᠯᠪᠡᠷᠢ ᠪᠠᠷ ᠲᠤᠭᠳᠠᠪᠦᠷᠢᠵᠢᠨ᠎ᠠ᠃ ᠣᠳᠣᠬᠠᠨ ᠳᠤ ᠭᠤᠤᠯ ᠪᠤᠯᠬᠤ ᠨᠢᠭᠡᠳᠦᠭᠡᠷ ᠲᠡᠰ ᠤᠨ ᠬᠤᠲᠠ ᠳᠤ ᠨᠢᠭᠡᠨᠲᠡ ᠲᠤᠭᠳᠠᠪᠦᠷᠢᠵᠢᠬᠤ ᠣᠨᠴᠠᠯᠢᠭ ᠲᠠᠢ ᠪᠣᠯᠵᠣ᠂ ᠢᠲᠡᠭᠡᠯ ᠵᠣᠷᠢᠭ ᠨᠢ ᠠᠯᠬᠤᠮ ᠠᠯᠬᠤᠮ ᠢᠶᠠᠷ ᠰᠡᠷᠭᠦᠵᠦ᠂ ᠬᠡᠷᠡᠭᠴᠡᠭᠡ ᠱᠠᠭᠠᠷᠳᠠᠯᠭ᠎ᠠ ᠨᠢ ᠦᠷᠭᠦᠯᠵᠢᠯᠡᠨ ᠪᠠᠳᠠᠷᠠᠵᠤ᠂ ᠠᠯᠬᠤᠮ ᠠᠯᠬᠤᠮ ᠢᠶᠠᠷ ᠬᠤᠶᠠᠳᠤᠭᠠᠷ ᠲᠡᠰ ᠤᠨ ᠬᠤᠲᠠ ᠳᠠᠰᠢ ᠦᠷᠭᠦᠯᠵᠢᠯᠡᠬᠦ ᠪᠣᠯᠤᠨ᠎ᠠ᠃      ᠦᠷᠭᠦᠯᠵᠢᠯᠡᠨ ᠪᠠᠭᠤᠷᠠᠬᠤ ᠶᠢ ᠵᠤᠭᠰᠤᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠳᠤ ᠨᠡᠮᠡᠭᠳᠡᠯ ᠲᠦᠷᠦ ᠶᠢᠨ ᠪᠤᠳᠤᠯᠭ᠎ᠠ ᠶᠢ ᠴᠢᠬᠤᠯᠠᠴᠢᠯᠠᠬᠤ ᠬᠡᠷᠡᠭᠳᠡᠢᠵᠠᠬ᠎ᠠ ᠳᠡᠯᠭᠡᠭᠦᠷ ᠤᠨ ᠰᠠᠶᠢᠵᠢᠷᠠᠯᠲᠠ ᠨᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠠᠴᠠ ᠰᠠᠯᠵᠤ ᠴᠢᠳᠠᠬᠤ ᠦᠭᠡᠢ᠃ ᠨᠢᠳᠤᠨᠤᠨ ᠤ 9 ᠳ᠋ᠤᠭᠡᠷ ᠰᠠᠷ᠎ᠠ ᠶᠢᠨ 26 ᠤ ᠡᠳᠦᠷ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ︽ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠤᠭᠰᠤᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ︾ ᠶᠢ ᠳᠤᠷᠠᠳᠤᠭᠰᠠᠨ ᠤ ᠳᠠᠷᠠᠭ᠎ᠠ᠂ ᠣᠯᠠᠨ ᠰᠠᠯᠠᠭ᠎ᠠ ᠮᠥᠴᠢᠷ ᠠᠴᠠ ᠭᠠᠵᠠᠷ ᠰᠢᠷᠣᠶ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢ ᠱᠠᠯᠠᠪᠳᠠᠨ ᠲᠡᠭᠦᠯᠳᠡᠷᠵᠢᠭᠦᠯᠵᠦ᠂ ᠬᠦᠴᠦ ᠪᠠᠨ ᠬᠠᠮᠲᠤᠳᠬᠠᠨ ︽ᠳᠥᠷᠪᠡ ᠶᠢ ᠬᠦᠴᠦᠨ ᠥᠬᠡᠶ ᠪᠣᠯᠭᠠᠬᠤ᠂ ᠳᠥᠷᠪᠡ ᠶᠢ ᠪᠠᠭᠤᠷᠠᠭᠤᠯᠬᠤ᠂ ᠬᠤᠶᠠᠷ ᠢ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠭᠠᠷᠭᠠᠵᠤ᠂ ᠡᠯ᠎ᠡ ᠭᠠᠵᠠᠷ ᠣᠷᠣᠨ ᠴᠤ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢ ᠲᠠᠰᠤᠷᠠᠯᠲᠠ ᠥᠬᠡᠶ ᠲᠡᠭᠡᠭᠰᠢᠯᠡᠵᠡᠢ᠃      ᠲᠠᠷᠠᠭᠠᠴᠢ ᠶᠢᠨ ᠠᠯᠬᠤᠮ ᠳᠤ᠂ ᠣᠳᠣᠬᠠᠨ ᠤ ᠬᠢᠯᠪᠠᠷ ᠪᠤᠰᠤ ᠪᠠᠷ ᠢᠷᠡᠭᠰᠡᠨ ᠵᠠᠬ᠎ᠠ ᠳᠡᠯᠭᠡᠭᠦᠷ ᠤᠨ ᠰᠠᠶᠢᠵᠢᠷᠠᠬᠤ ᠬᠠᠨᠳᠤᠰᠢ ᠶᠢ ᠬᠡᠷᠬᠢᠨ ᠪᠠᠲᠤᠯᠠᠵᠤ᠂ ᠡᠨᠡ ᠵᠢᠯ ᠤᠨ ᠪᠠᠭᠤᠷᠠᠬᠤ ᠶᠢ ᠵᠤᠭᠰᠤᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠬᠠᠷᠠᠯᠲᠠ ᠶᠢ ᠪᠡᠶᠡᠯᠡᠭᠦᠯᠬᠦ ᠨᠢ ᠲᠦᠢᠯ ᠤᠨ ᠴᠢᠬᠤᠯᠠ ᠶᠤᠮ᠃ ᠣᠯᠠᠨ ᠲᠤᠰᠬᠠᠢ ᠮᠡᠷᠭᠡᠵᠢᠯᠲᠡᠨ ᠠᠴᠠ ᠣᠷᠣᠨ ᠰᠠᠭᠤᠴᠠ ᠶᠢᠨ ᠵᠠᠬ᠎ᠠ ᠳᠡᠯᠭᠡᠭᠦᠷ ᠶᠢ ᠲᠤᠭᠳᠠᠪᠦᠷᠢᠵᠢᠭᠤᠯᠬᠤ ᠨᠡᠮᠡᠭᠳᠡᠯ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢ ᠡᠷᠳᠡ ᠠᠴᠠ ᠲᠦᠯᠦᠪᠵᠢᠭᠦᠯᠦᠨ ᠠᠬᠢᠭᠤᠯᠬᠤ ᠴᠢᠬᠤᠯᠠᠳᠠᠢ ᠭᠡᠵᠦ ᠰᠠᠨᠠᠭᠤᠯᠵᠦ ᠪᠠᠶᠢᠨ᠎ᠠ᠃      ᠴᠢᠨ ᠬᠤᠩ᠂ ᠡᠩ ᠲᠡᠷᠢᠭᠦᠨ ᠳᠤ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠬᠦ ᠪᠠ ᠦᠨᠡᠨ ᠬᠦ ᠨᠠᠶᠢᠳᠠᠪᠤᠷᠢᠵᠢᠭᠤᠯᠬᠤ᠂ ᠢᠯᠠᠩᠭᠤᠶ᠎ᠠ ᠲᠣᠰ ᠡᠭᠡᠯᠵᠢ ᠶᠢᠨ ᠲᠥᠷᠥ ᠶᠢᠨ ᠪᠣᠳᠣᠯᠭ᠎ᠠ ᠳᠤ ᠵᠠᠬ᠎ᠠ ᠳᠡᠯᠭᠡᠭᠦᠷ ᠤᠨ ᠬᠤᠪᠢᠷᠠᠯᠲᠠ ᠶᠢ ᠬᠠᠮᠤᠭ ᠤᠨ ᠪᠦᠲᠦᠮᠵᠢᠲᠡᠶ ᠪᠠᠶᠢᠯᠭᠠᠬᠤ ᠪᠣᠯ ᠬᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠪᠣᠯᠤᠨ᠎ᠠ᠂ ᠵᠢᠱᠢᠶᠡᠯᠡᠪᠡᠯ ᠬᠦᠦ ᠮᠥᠩᠭᠦ ᠶᠢ ᠦᠷᠭᠦᠯᠵᠢᠯᠡᠨ ᠪᠠᠭᠤᠷᠠᠭᠤᠯᠵᠤ᠂ ᠭᠠᠶᠢᠯᠢ ᠰᠦᠢᠳᠭᠡᠯ ᠢ ᠪᠠᠭᠤᠷᠠᠭᠤᠯᠬᠤ ᠵᠡᠷᠭᠡ ᠶᠠᠪᠤᠳᠠᠯ ᠪᠣᠯᠤᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢ ᠬᠡᠷᠡᠭᠯᠡᠵᠦ ᠰᠤᠯᠠ ᠪᠠᠶᠢᠭ᠎ᠠ ᠭᠠᠵᠠᠷ ᠰᠢᠷᠣᠶ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠬᠤᠪᠢᠷᠠᠭᠤᠯᠬᠤ᠂ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠬᠦ ᠬᠡᠷᠡᠭᠲᠡᠶ ᠪᠥᠭᠡᠳ ᠲᠥᠪ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠨ᠎ᠠ︔ ᠡᠨᠡ ᠬᠦ ᠡᠭᠡᠯᠵᠢ ᠶᠢᠨ ᠲᠥᠷᠥ ᠶᠢᠨ ᠪᠣᠳᠣᠯᠭ᠎ᠠ ᠳᠤ ᠬᠤᠲᠠ ᠶᠢᠨ ᠲᠤᠮᠳᠠᠬᠢ ᠲᠣᠰᠬᠤᠨ ᠵᠢᠴᠢ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ 300 ᠬᠤᠲᠠ ᠪᠣᠯᠲᠠᠯ᠎ᠠ ᠦᠷᠭᠡᠳᠭᠡᠪᠡ᠂ ᠡᠨᠡ ᠬᠦ ᠨᠡᠮᠡᠭᠳᠡᠯ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ᠂ ᠨᠡᠩ ᠤᠯᠠᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ ᠨᠡᠶᠢᠲᠡᠯᠡᠨ ᠬᠡᠷᠡᠭᠵᠢᠭᠦᠯᠵᠦ ᠪᠤᠳᠠᠳᠠᠶᠢᠵᠢᠭᠤᠯᠬᠤ ᠬᠡᠷᠡᠭᠳᠡᠢ᠃          ᠢᠦᠢ ᠰᠢᠶᠤᠤ ᠹᠧᠨ᠂ ᠣᠳᠣᠬᠠᠨ ᠤ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢᠨ ᠱᠠᠳᠤᠴᠢ ᠴᠢᠨᠠᠷᠲᠠᠢ ᠦᠷ᠎ᠡ ᠪᠦᠲᠦᠭᠡᠯ ᠢ ᠪᠠᠬᠢᠵᠢᠭᠦᠯᠬᠦ ᠳᠤ᠂ ᠡᠩ ᠲᠡᠷᠢᠭᠦᠨ ᠳᠤ ᠨᠢᠭᠡᠨᠲᠡ ᠨᠡᠶᠢᠲᠡᠯᠡᠭᠰᠡᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠥᠷᠢ ᠥᠭᠴᠡᠭᠡ ᠪᠠᠷ ᠰᠤᠯᠠ ᠪᠠᠶᠢᠭ᠎ᠠ ᠭᠠᠵᠠᠷ ᠰᠢᠷᠣᠶ ᠶᠢ ᠬᠤᠳᠠᠯᠳᠤᠨ ᠠᠪᠬᠤ ᠶᠢ ᠦᠷᠭᠦᠯᠵᠢᠯᠡᠨ ᠠᠬᠢᠭᠤᠯᠬᠤ ᠠᠴᠠ ᠭᠠᠳᠠᠨ᠎ᠠ᠂ ᠠᠷᠠᠳ ᠣᠯᠠᠨ ᠤ ︽ᠪᠠᠭ᠎ᠠ ᠤᠷᠤᠨ ᠰᠠᠭᠤᠴᠠ ᠪᠠᠷ ᠶᠡᠭᠡ ᠤᠷᠤᠨ ᠰᠠᠭᠤᠴᠠ ᠰᠣᠯᠢᠬᠤ︾᠂ ︽ᠬᠠᠭᠤᠴᠢᠨ ᠤᠷᠤᠨ ᠰᠠᠭᠤᠴᠠ ᠪᠠᠷ ᠰᠢᠨ᠎ᠡ ᠤᠷᠤᠨ ᠰᠠᠭᠤᠴᠠ ᠰᠣᠯᠢᠬᠤ︾ ᠵᠡᠷᠭᠡ ᠰᠠᠶᠢᠵᠢᠷᠠᠭᠤᠯᠬᠤ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠶᠢ ᠬᠡᠷᠬᠢᠨ ᠪᠠᠳᠠᠷᠠᠭᠤᠯᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠤᠳᠤᠯᠤᠨ ᠨᠡᠶᠢᠲᠡᠯᠡᠬᠦ ᠶᠢᠨ ᠬᠠᠮᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠦᠦ ᠮᠦᠩᠭᠦ ᠶᠢᠨ ᠨᠣᠷᠮ᠎ᠠ ᠶᠢ ᠵᠣᠬᠢᠰᠲᠠᠶ ᠪᠠᠭᠤᠷᠠᠭᠤᠯᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠠ ᠰᠠᠭᠤᠭᠠᠯᠢ ᠠᠷᠠᠳ ᠤᠨ ᠬᠡᠷ ᠪᠠᠶᠢᠰᠢᠩ ᠬᠤᠳᠠᠯᠳᠤᠨ ᠠᠪᠬᠤ᠂ ᠭᠡᠷ ᠪᠠᠶᠢᠰᠢᠩ ᠲᠦᠷᠢᠶᠡᠰᠦᠯᠡᠬᠦ ᠡᠷᠴᠢᠮ ᠶᠢ ᠴᠢᠩᠭᠠᠳᠬᠠᠬᠤ ᠬᠡᠷᠡᠭᠲᠡᠶ᠃      ᠢᠦᠢ ᠰᠢᠶᠤᠤ ᠹᠧᠨ᠂ ᠣᠷᠣᠨ ᠨᠤᠲᠤᠭ ᠤᠨ ᠵᠠᠰᠠᠭ ᠤᠨ ᠣᠷᠳᠣᠨ ᠲᠥᠪ ᠤᠨ ᠵᠠᠰᠠᠭ ᠤᠨ ᠣᠷᠳᠣᠨ ᠲᠠᠢ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦ ᠶᠢᠨ ᠪᠤᠳᠤᠯᠭ᠎ᠠ ᠶᠢᠨ ᠬᠠᠨᠳᠤᠰᠢ ᠬᠠᠷᠠᠯᠲᠠ ᠪᠠᠨ ᠨᠢᠭᠡᠳᠭᠡᠵᠦ ᠪᠠᠭᠤᠷᠠᠬᠤ ᠶᠢ ᠵᠤᠭᠰᠤᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠳᠡᠭᠡᠷ᠎ᠡ ᠲᠥᠪᠯᠡᠷᠡᠭᠦᠯᠵᠦ᠂ ᠬᠠᠩᠭᠠᠯᠭ᠎ᠠ ᠬᠡᠷᠡᠭᠴᠡᠭᠡ ᠶᠢᠨ ᠲᠠᠯ᠎ᠠ ᠠᠴᠠ ᠵᠡᠷᠭᠡ ᠪᠠᠷ ᠬᠦᠴᠦᠯᠡᠬᠦ ᠬᠡᠷᠡᠭᠲᠡᠢ᠃      ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠥᠩᠭᠦᠨ ᠭᠦᠢᠯᠭᠡᠭᠡᠨ ᠤ ᠰᠤᠳᠤᠯᠭᠠᠨ ᠤ ᠭᠠᠵᠠᠷ ᠤᠨ ᠬᠤᠷᠸ᠎ᠠ ᠮᠥᠩᠭᠦᠨ ᠭᠦᠢᠯᠭᠡᠭᠡᠨ ᠤ ᠵᠠᠳᠠᠯᠤᠯᠲᠠ ᠶᠢᠨ ᠪᠦᠯᠬᠦᠮ ᠤᠨ ᠦᠵᠡᠬᠦ ᠪᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠳᠠᠬᠢᠨ ᠲᠡᠩᠴᠡᠭᠦᠷᠢᠰᠢᠭᠦᠯᠬᠦ ᠶᠢ ᠠᠬᠢᠭᠤᠯᠬᠤ ᠪᠣᠯ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ ᠶᠢᠨ ᠰᠠᠭᠤᠷᠢ ᠮᠥᠨ᠂ ᠨᠡᠮᠡᠭᠳᠡᠯ ᠲᠥᠷᠥ ᠶᠢᠨ ᠪᠣᠳᠣᠯᠭ᠎ᠠ ᠶᠢ ᠡᠷᠲᠡᠬᠡᠨ ᠨᠥᠭᠡᠴᠡᠯᠡᠬᠦ ᠶᠢᠨ ᠬᠠᠮᠲᠤ ᠬᠡᠷᠡᠭᠵᠢᠭᠦᠯᠵᠦ᠂ ᠣᠨᠴᠠᠭᠠᠶ ᠤᠯᠤᠰ ᠤᠨ ᠵᠢᠭᠡᠯᠡᠯᠭᠡ ᠪᠠ ᠲᠤᠰᠬᠠᠶ ᠵᠦᠢᠯ ᠤᠨ ᠵᠢᠭᠡᠯᠡᠯᠭᠡ ᠶᠢ ᠬᠤᠳᠠᠯᠳᠤᠨ ᠠᠪᠴᠤ ᠨᠥᠭᠡᠴᠡᠯᠡᠬᠦ᠂ ᠵᠣᠭᠤᠰᠵᠢᠭᠤᠯᠤᠨ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠦᠯᠡᠳᠡᠭᠡᠯ ᠲᠠᠸᠠᠷ ᠤᠨ ᠬᠡᠷ ᠪᠠᠶᠢᠰᠢᠩ ᠢ ᠰᠢᠩᠭᠡᠭᠡᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠠ ᠴᠢᠨᠠᠷ ᠰᠠᠶᠢᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠣᠯᠠᠨ ᠡᠰᠢᠵᠢᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1