ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠰᠦᠢᠳᠭᠡᠯ ᠬᠤᠷᠢᠶᠠᠬᠤ ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠬᠠᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/12
      ᠡᠮᠡᠭᠲᠡᠶᠢᠴᠦᠳ ᠢ ᠬᠠᠶᠢᠷᠠᠯᠠᠵᠤ ᠡᠮᠡᠭᠲᠡᠶᠢᠴᠦᠳ ᠤᠨ ᠥᠩᠭᠡ ᠭᠢᠯᠪᠠᠭ᠎ᠠ ᠶᠢ ᠪᠠᠳᠠᠷᠠᠭᠤᠯᠤᠨ᠎ᠠ      ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠤᠨ ︽ᠬᠤᠶᠠᠷ ᠥᠮᠡᠨ︾ ᠢ ᠡᠷᠲᠡ ᠣᠨᠣᠰᠢᠯᠠᠵᠤ ᠡᠷᠲᠡ ᠵᠠᠰᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠲᠣᠭᠲᠠᠬᠤ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ᠂ 3 ᠳ᠋ᠤᠭᠠᠷ ᠰᠠᠷ᠎ᠠ ᠶᠢᠨ 11 ᠤ ᠡᠳᠦᠷ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠡᠮᠡᠭᠲᠡᠢ ᠠᠵᠢᠯᠲᠠᠨ ᠠᠵᠢᠯᠴᠢᠨ ᠳᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯᠯᠠᠭ᠎ᠠ ᠦᠷᠨᠢᠭᠦᠯᠵᠡᠢ᠃      ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠪᠥᠬᠦ ᠰᠢᠶᠠᠨ ᠤ ᠥᠷᠭᠡᠨ ᠣᠯᠠᠨ ᠡᠮᠡᠭᠲᠡᠶᠢᠴᠦᠳ ᠲᠤ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠦᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠶᠢᠨ ᠲᠥᠯᠥᠭᠡ ᠶᠤᠮ᠂ ᠡᠨᠡ ᠪᠣᠯ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠪᠣᠳᠠᠲᠠᠢ ᠠᠷᠭ᠎ᠠ ᠬᠡᠮᠵᠢᠶ᠎ᠡ ᠮᠥᠨ᠃ ᠰᠢᠭᠰᠢᠨ ᠪᠠᠶᠢᠴᠠᠭᠠᠬᠤ ᠲᠤᠬᠠᠢ ᠶᠢᠨ ᠲᠠᠯᠠᠪᠤᠷ ᠲᠤ ᠪᠠᠰᠠ ᠣᠯᠠᠨ ᠳᠤ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠡᠮᠡᠭᠲᠡᠢ ᠠᠵᠢᠯᠲᠠᠨ ᠠᠵᠢᠯᠴᠢᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠲᠤᠬᠠᠢ ᠠᠰᠠᠭᠤᠯᠲᠠ ᠳᠤ ᠬᠠᠷᠢᠭᠤᠯᠲᠠ ᠥᠭᠴᠦ᠂ ᠡᠮᠡᠭᠲᠡᠢ ᠠᠵᠢᠯᠲᠠᠨ ᠠᠵᠢᠯᠴᠢᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠵᠤ ᠥᠭᠭᠦᠭᠰᠡᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1