ᠣᠶᠢᠷ᠎ᠠ ᠳᠤ᠂ ᠲᠣᠭᠲᠠᠬᠤ ᠰᠢᠶᠠᠨ ᠬᠤᠷᠠᠯ ᠬᠤᠷᠠᠯᠳᠤᠭᠤᠯᠵᠤ 2025 ᠣᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠰᠢᠶᠠᠨ ᠤ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ | ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ | ᠬᠦᠷᠢᠶᠡᠨ ᠳᠠᠬᠢ ᠲᠤᠰᠬᠠᠢ ᠠᠬᠢᠭᠤᠯᠬᠤ ᠳᠤᠭᠤᠶᠢᠯᠠᠩ ᠲᠣᠰ ᠲᠣᠰ ᠤᠨ ᠠᠵᠢᠯ ᠳᠠᠭᠠᠨ ᠲᠣᠬᠢᠷᠠᠭᠤᠯᠤᠯᠲᠠ ᠬᠢᠵᠡᠢ᠃ | ᠬᠤᠷᠠᠯ ᠠᠴᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠮᠥᠨᠬᠦ ᠡᠨᠡ ᠵᠢᠯ ᠤᠨ ᠰᠢᠶᠠᠨ ᠤ ᠨᠠᠮ ᠤᠨ ᠬᠤᠷᠢᠶ᠎ᠠ ᠶᠢᠨ | ᠭᠤᠣᠯᠳᠠᠯᠭ᠎ᠠ ᠲᠠᠢ ᠠᠵᠢᠯ ᠪᠣᠯᠣᠨ᠎ᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠰᠢᠰᠲ᠋ᠧᠮ ᠤᠨ | ᠦᠵᠡᠯᠲᠡ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠤᠰᠬᠠᠢ ᠬᠥᠮᠥᠨ | ᠲᠣᠬᠢᠷᠠᠭᠤᠯᠤᠨ ᠬᠠᠷᠢᠭᠤᠴᠠᠭᠤᠯᠵᠤ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠵᠤ᠂ ᠮᠡᠳᠡᠭᠦᠯᠦᠨ ᠬᠦᠷᠭᠡᠬᠦ ᠮᠡᠳᠡᠭᠡ | ᠵᠠᠩᠭᠢ ᠶᠢᠨ ᠴᠠᠭ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ᠂ ᠪᠥᠬᠦ ᠲᠠᠯ᠎ᠠ ᠶᠢᠨ ᠴᠢᠨᠠᠷ ᠢ ᠦᠨᠡᠨᠬᠦ ᠪᠠᠲᠤᠯᠠᠵᠤ᠂ | ᠢᠯᠠᠩᠭᠤᠶ᠎ᠠ ︽ᠬᠤᠶᠠᠷ ᠢ ᠢᠯᠡ ᠨᠡᠶᠢᠲᠡᠯᠡᠬᠦ︾ ᠵᠡᠷᠭᠡ ᠲᠤᠭ᠎ᠠ ᠪᠠᠷᠢᠮᠲᠠ ᠶᠢᠨ ᠲᠣᠭᠲᠠᠭᠠᠯ ᠳᠤ ᠨᠡᠶᠢᠴᠡᠬᠦ ᠨᠣᠷᠮ᠎ᠠ᠂ | ᠳᠡᠭᠡᠭᠰᠢ ᠮᠡᠳᠡᠭᠦᠯᠬᠦ ᠨᠣᠷᠮ᠎ᠠ᠂ ᠴᠠᠭ ᠲᠤᠬᠠᠢ ᠳᠤᠨᠢ ᠮᠡᠳᠡᠭᠦᠯᠬᠦ ᠨᠣᠷᠮ᠎ᠠ ᠶᠢ 100% ᠪᠠᠷ ᠪᠡᠶᠡᠯᠡᠭᠦᠯᠵᠦ᠂ ᠮᠡᠳᠡᠭᠡ | ᠵᠠᠩᠭᠢ ᠶᠢ ᠴᠤᠭᠯᠠᠭᠤᠯᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠢᠲᠡᠭᠡᠮᠵᠢ ᠶᠢ ᠰᠡᠷᠭᠦᠭᠡᠬᠦ᠂ ᠵᠠᠰᠠᠭ ᠵᠠᠬᠢᠷᠭᠠᠨ ᠤ ᠬᠡᠷᠡᠭ ᠤᠨ ᠵᠠᠷᠭᠤ | ᠢᠯᠠᠭᠳᠠᠭᠰᠠᠨ ᠨᠣᠷᠮ᠎ᠠ᠂ ᠵᠠᠰᠠᠭ ᠤᠨ ᠣᠷᠳᠣᠨ ᠳᠤ ᠬᠤᠯᠪᠣᠭᠳᠠᠬᠤ ᠭᠦᠢᠴᠡᠳᠭᠡᠯᠲᠡ ᠵᠡᠷᠭᠡ ᠡᠲᠡᠭᠡᠷ ᠲᠤᠳᠠᠭᠳᠠᠯ | ᠲᠣᠪᠣᠶᠢᠮ᠎ᠠ᠂ ᠠᠮᠠᠷᠬᠠᠨ ᠬᠤᠪᠢ ᠠᠯᠳᠠᠬᠤ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠦᠨ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠪᠠ ᠦᠷ᠎ᠡ | ᠪᠦᠲᠦᠮᠵᠢ ᠶᠢᠨ ᠬᠤᠣᠰ ᠳᠡᠭᠡᠭᠰᠢᠯᠡᠯᠲᠡ ᠶᠢ ᠬᠥᠭᠵᠢᠭᠡᠬᠦ ᠬᠡᠷᠡᠭᠲᠡᠢ᠃ ᠬᠢᠯᠠᠰ ᠴᠡᠭ ᠦᠷ᠎ᠡ ᠪᠦᠲᠦᠮᠵᠢ ᠶᠢ | ᠳᠤᠪᠤᠶᠢᠯᠭᠠᠵᠤ᠂ ᠮᠡᠳᠡᠭᠡ ᠵᠠᠩᠭᠢ ᠶᠢᠨ ᠤᠬᠠᠭᠤᠯᠭ᠎ᠠ ᠶᠢ ᠴᠢᠩᠭᠠᠳᠬᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ | ᠰᠢᠨ᠎ᠡ ᠶᠢ ᠡᠭᠦᠳᠴᠦ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ︽ᠦᠯᠢᠭᠡᠷ ᠳᠠᠭᠤᠷᠢᠶᠠᠯ ᠵᠢᠭᠠᠬᠤ | ᠲᠥᠰᠥᠯ︾ ᠢ ᠡᠭᠦᠳᠴᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |