ᠲᠣᠭᠲᠠᠬᠤ ᠰᠢᠶᠠᠨ ᠤ  ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/3/13
      ︽ᠭᠤᠷᠪᠠᠨ ᠤᠮᠠᠷᠠᠲᠤ︾ ᠶᠢᠨ ᠢᠨᠵᠧᠨᠧᠷᠢᠩ ᠪᠣᠯ ᠮᠠᠨ ᠤ ᠤᠯᠤᠰ ᠤᠨ ᠬᠡᠷᠡᠭᠵᠢᠭᠦᠯᠵᠦ ᠪᠠᠶᠢᠭ᠎ᠠ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠪᠣᠯᠣᠨ᠎ᠠ᠂ ᠰᠢᠰᠲ᠋ᠧᠮ ᠤᠨ ᠴᠢᠨᠠᠷᠲᠠᠢ ᠠᠮᠢ ᠠᠬᠤᠢ ᠶᠢ ᠰᠡᠷᠭᠦᠭᠡᠬᠦ ᠪᠠᠷ ᠳᠠᠮᠵᠢᠭᠤᠯᠵᠤ᠂ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠣᠬᠢᠷᠲᠤᠯ ᠦᠭᠡᠢ ᠤᠷᠳᠤ ᠴᠠᠭᠠᠨ ᠬᠡᠷᠡᠮ ᠢ ᠪᠠᠶᠢᠭᠤᠯᠬᠤ ᠪᠠᠷ ᠵᠣᠷᠢᠯᠭ᠎ᠠ ᠪᠣᠯᠭᠠᠭᠰᠠᠨ ᠶᠤᠮ᠃ ᠲᠣᠭᠲᠠᠬᠤ ᠰᠢᠶᠠᠨ ᠨᠢ ᠬᠠᠲᠤᠨ ᠭᠤᠣᠯ ᠤᠨ ᠰᠠᠪᠠ ᠭᠠᠵᠠᠷ ᠤᠨ ᠴᠢᠬᠤᠯᠠ ᠠᠮᠢ ᠠᠬᠤᠢ ᠶᠢᠨ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠲᠡᠭᠦᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠨᠢ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠳᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠤᠭᠳᠠᠯ ᠲᠠᠢ ᠶᠤᠮ᠃ ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠰᠲ᠋ᠧᠮ ᠲᠠᠢ ᠠᠬᠢᠭᠤᠯᠬᠤ ᠪᠠᠷ ᠳᠡᠮᠵᠢᠨ᠂ ᠪᠥᠬᠦ ᠰᠢᠶᠠᠨ ᠤ ᠶᠡᠷᠦᠩᠬᠡᠢ ᠪᠡᠯᠡ ᠣᠷᠣᠭᠤᠯᠤᠯᠲᠠ 3470 ᠲᠦᠮᠡᠨ ᠲᠥᠭᠦᠷᠢᠭ ᠬᠦᠷᠴᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠡᠶᠢᠲᠡ 7.67 ᠲᠦᠮᠡᠨ ᠮᠦ ᠪᠡᠶᠡᠯᠡᠭᠦᠯᠵᠦ᠂ ᠤᠯᠤᠰ ᠤᠨ ᠲᠠᠰ ᠤᠨ ᠣᠶ ᠰᠢᠭᠤᠢ ᠶᠢᠨ ᠲᠣᠰᠬᠤᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠢ ᠶᠢᠨ ᠰᠢᠶᠠᠩ ᠪᠠᠯᠭᠠᠰᠤ 1 ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ 45 ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠤᠨ ᠳᠠᠭᠤᠰᠬᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠪᠡ᠃      ᠲᠣᠭᠲᠠᠬᠤ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ 4 ᠲᠦᠮᠡᠨ ᠮᠦ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠬᠦ᠂ 3 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ︵1.5 ᠲᠦᠮᠡᠨ ᠮᠦ ᠳᠤᠮᠳᠠ ᠨᠢᠯᠬ᠎ᠠ ᠨᠠᠰᠤᠨ ᠤ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ 1.5 ᠲᠦᠮᠡᠨ ᠮᠦ ᠪᠤᠲᠠ ᠮᠣᠳᠣᠨ ᠤ ᠣᠶ ᠶᠢ ᠲᠡᠭᠰᠢ ᠭᠦᠦᠷᠰᠤ 1.5 ᠲᠦᠮᠡᠨ ᠮᠦ ᠪᠠᠭᠲᠠᠨ᠎ᠠ︶᠂ 700 ᠮᠦ ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ ᠵᠢᠴᠢ 6000 ᠮᠦ ᠬᠥᠮᠥᠨ ᠤ ᠬᠦᠴᠦ ᠪᠠᠷ ᠡᠪᠡᠰᠦ ᠳᠠᠷᠢᠬᠤ ᠶᠢ ᠪᠡᠶᠡᠯᠡᠭᠦᠯᠬᠦ ᠶᠢ ᠪᠠᠭᠲᠠᠭᠠᠭᠰᠠᠨ ᠳᠥᠷᠪᠡᠨ ᠶᠡᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠬᠠᠮᠤᠷᠪᠠ᠃ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠥᠮ ᠢᠯᠡᠳᠲᠡ ᠦᠷ᠎ᠡ ᠠᠰᠢᠭ ᠣᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠯᠬᠠᠪᠴᠢ ᠶᠢ ᠪᠦᠲᠦᠮᠵᠢᠲᠡᠢ ᠪᠠᠬᠢᠵᠢᠭᠦᠯᠪᠡ᠃      ᠠᠮᠢ ᠠᠬᠤᠢ ᠶᠢᠨ ᠦᠷ᠎ᠡ ᠠᠰᠢᠭ ᠢᠯᠡᠳᠲᠡ ᠳᠡᠭᠡᠭᠰᠢᠯᠡᠪᠡ᠃ ᠱᠤᠸᠠᠩ ᠾᠧ ᠪᠠᠯᠭᠠᠰᠤᠨ ᠤ ᠶᠠᠩ ᠳ᠋ᠠ ᠼᠠᠩ ᠲᠣᠰᠬᠤᠨ᠂ ᠮᠠᠭᠤ ᠪᠤᠯᠠᠭ ᠲᠣᠰᠬᠤᠨ ᠵᠡᠷᠭᠡ ᠮᠠᠭᠤᠳᠠᠭᠰᠠᠨ ᠤᠢ ᠰᠢᠭᠤᠢ ᠶᠢ ᠵᠠᠰᠠᠨ ᠰᠡᠷᠭᠦᠭᠡᠬᠦ ᠣᠷᠣᠨ ᠳᠤ᠂ ᠬᠤᠯᠢᠮᠠᠭ ᠤᠢ ᠶᠢ ᠪᠣᠶᠢᠵᠢᠭᠤᠯᠬᠤ ᠪᠠ ᠤᠷᠭᠤᠮᠠᠯ ᠤᠨ ᠪᠦᠷᠬᠦᠴᠡ ᠶᠢ ᠰᠠᠶᠢᠵᠢᠷᠠᠭᠤᠯᠬᠤ ᠪᠠᠷ ᠳᠠᠮᠵᠢᠭᠤᠯᠵᠤ᠂ ᠲᠦᠷᠦᠯ ᠵᠦᠢᠯ ᠤᠨ ᠣᠷᠣᠨ ᠤ ᠤᠢ ᠰᠢᠭᠤᠢ ᠶᠢᠨ ᠬᠡᠰᠡᠭᠯᠡᠯ ᠤᠨ ᠰᠠᠬᠤᠯᠠᠭ ᠤᠨ ᠬᠡᠮᠵᠢᠶ᠎ᠡ ᠶᠢ ᠮᠡᠳᠡᠭᠳᠡᠮ᠎ᠡ ᠳᠡᠭᠡᠭᠰᠢᠯᠡᠭᠦᠯᠵᠦ᠂ ᠤᠢ ᠰᠢᠭᠤᠢ ᠶᠢᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ 30% ᠠᠴᠠ ᠳᠡᠭᠡᠭᠰᠢ ᠳᠡᠭᠡᠭᠰᠢᠯᠡᠭᠦᠯᠵᠦ᠂ ᠬᠡᠪᠡᠷᠡᠭ ᠠᠮᠢ ᠠᠬᠤᠢ ᠶᠢᠨ ᠰᠢᠰᠲ᠋ᠧᠮ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠳᠤᠮᠳᠠ ᠨᠢᠯᠬ᠎ᠠ ᠨᠠᠰᠤᠨ ᠤ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠢᠨᠵᠧᠨᠧᠷᠢᠩ ᠨᠢ ᠣᠶᠢᠲᠤ ᠭᠠᠵᠠᠷ ᠤᠨ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠴᠢᠳᠠᠪᠤᠷᠢ ᠶᠢ 20% ᠪᠠᠷ ᠳᠡᠭᠡᠭᠰᠢᠯᠡᠭᠦᠯᠵᠦ᠂ ᠣᠶ ᠮᠣᠳᠣᠨ ᠤ ᠤᠷᠭᠤᠯᠲᠠ ᠶᠢᠨ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 15% ᠪᠠᠷ ᠨᠡᠮᠡᠭᠳᠡᠭᠦᠯᠦᠨ᠂ ᠲᠣᠭᠲᠠᠭᠤᠨ ᠪᠥᠭᠡᠳ ᠡᠷᠡᠭᠦᠯ ᠣᠶ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠪᠠᠶᠢᠭᠤᠯᠬᠤ ᠳᠤ ᠰᠠᠭᠤᠷᠢ ᠲᠠᠯᠪᠢᠪᠠ᠃ ᠪᠤᠲᠠ ᠮᠣᠳᠣᠨ ᠤ ᠤᠢ ᠶᠢᠨ ᠭᠤᠤᠷᠰᠤ ᠲᠡᠭᠰᠢᠯᠡᠬᠦ ᠮᠡᠷᠭᠡᠵᠢᠯ ᠤᠨ ᠦᠷ᠎ᠡ ᠪᠦᠲᠦᠮᠵᠢ ᠲᠣᠪᠣᠶᠢᠮ᠎ᠠ ᠪᠠᠶᠢᠵᠤ᠂ ᠪᠦᠷᠬᠦᠴᠡ ᠶᠢᠨ ᠬᠡᠮᠵᠢᠶ᠎ᠡ ᠪᠠᠷ ᠳᠣᠣᠷ᠎ᠠ ᠨᠢᠮᠪᠡᠭᠡ ᠶᠢᠨ ᠪᠤᠲᠠ ᠮᠣᠳᠣᠨ ᠤ ᠤᠢ ᠶᠢ ᠦᠶᠡᠯᠡᠯ ᠤᠨ ᠴᠢᠨᠠᠷᠲᠠᠢ ᠡᠭᠡᠯᠵᠢᠯᠡᠨ ᠭᠤᠤᠷᠰᠤ ᠲᠡᠭᠰᠢᠯᠡᠭᠰᠡᠨ ᠤ ᠲᠠᠷᠠᠭ᠎ᠠ᠂ ᠰᠢᠨ᠎ᠡ ᠮᠥᠴᠢᠷ ᠰᠣᠶᠣᠭᠠᠯᠠᠬᠤ ᠨᠤᠷᠮ᠎ᠠ ᠶᠢ 40% ᠪᠠᠷ ᠳᠡᠭᠡᠭᠰᠢᠯᠡᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠪᠠ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠴᠢᠳᠠᠪᠬᠢ ᠶᠢ ᠮᠡᠳᠡᠭᠳᠡᠮ᠎ᠡ  ᠲᠡᠭᠡᠭᠰᠢᠯᠡᠭᠦᠯᠪᠡ᠃      ᠡᠯᠡᠰᠦᠷᠬᠡᠭ ᠭᠠᠵᠠᠷ ᠢ ᠵᠠᠰᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠪᠠ᠃ ᠰᠢᠨ᠎ᠡ ᠶᠢᠩᠽᠢ ᠪᠠᠯᠭᠠᠰᠤᠨ ᠤ ᠳ᠋ᠠ ᠱᠢ ᠶᠣᠣ ᠲᠣᠰᠬᠤᠨ᠂ ᠱᠤᠸᠠᠩ ᠾᠧ ᠪᠠᠯᠭᠠᠰᠤᠨ ᠤ ᠳ᠋ᠠ ᠶᠠᠩ ᠴᠠᠩ ᠲᠣᠰᠬᠤᠨ ᠵᠡᠷᠭᠡ ᠭᠠᠵᠠᠷ ᠤᠨ ᠡᠯᠡᠰᠦᠵᠢᠭᠰᠡᠨ ᠭᠠᠵᠠᠷ ᠰᠢᠷᠣᠢ ᠶᠢ ᠵᠠᠰᠠᠭ᠎ᠠ ᠦᠭᠡᠢ ᠪᠠᠶᠢᠳᠠᠯ ᠳᠤ ᠴᠢᠭᠯᠡᠭᠦᠯᠦᠨ᠂ ᠲᠤᠭᠳᠠᠬᠤ ᠰᠢᠶᠠᠨ ᠲᠤᠷᠤᠭ ᠮᠣᠳᠣ ᠪᠤᠲᠠ ᠡᠪᠡᠰᠦ ᠶᠢ ᠤᠶᠠᠯᠳᠤᠭᠤᠯᠬᠤ᠂ ᠨᠥᠬᠦᠵᠦ ᠲᠠᠷᠢᠵᠦ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠡᠯᠡᠰᠦᠵᠢᠭᠰᠡᠨ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 40% ᠤᠨ ᠪᠣᠭᠤᠮᠲᠠ ᠶᠢ ᠳᠠᠪᠠᠵᠤ᠂ ᠬᠡᠰᠡᠭ ᠭᠠᠵᠠᠷ ᠣᠷᠣᠨ ᠤ ᠡᠪᠡᠰᠦ ᠪᠡᠯᠴᠢᠭᠡᠷ ᠤᠨ ᠲᠦᠷᠦᠯ ᠵᠦᠢᠯ 5 ︱ 8 ᠵᠦᠢᠯ ᠨᠡᠮᠡᠭᠳᠡᠵᠦ᠂ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠤᠨ ᠵᠢᠭᠠᠯᠲᠠ ᠲᠤᠭ᠎ᠠ 35% ᠢᠶᠠᠷ ᠳᠡᠭᠡᠭᠰᠢᠯᠡᠵᠡᠢ᠃ ᠬᠥᠮᠥᠨ ᠤ ᠬᠦᠴᠦ ᠪᠠᠷ ᠡᠪᠡᠰᠦ ᠳᠠᠷᠢᠬᠤ ᠲᠥᠷᠥᠯ ᠵᠦᠢᠯ ᠤᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 3 ︱ 5 ᠵᠠᠭᠤᠨ ᠤ ᠨᠢᠭᠡᠴᠢ ᠨᠡᠮᠡᠭᠳᠡᠭᠦᠯᠵᠦ᠂ ︽ᠨᠢᠭᠡ ᠬᠡᠰᠡᠭ ᠢ ᠵᠠᠰᠠᠪᠠᠯ ᠨᠢᠭᠡ ᠬᠡᠰᠡᠭ ᠲᠤ ᠦᠷ᠎ᠡ ᠪᠦᠲᠦᠮᠵᠢ ᠣᠯᠬᠤ︾ ᠵᠢᠱᠢᠶ᠎ᠡ ᠦᠵᠡᠭᠦᠯᠬᠦ ᠦᠢᠯᠡᠳᠦᠯ ᠢ ᠪᠣᠶ ᠪᠣᠯᠭᠠᠨ᠎ᠠ᠃      ᠰᠢᠨᠵᠢᠯᠡᠬᠦ ᠤᠬᠠᠭᠠᠨ ᠮᠡᠷᠭᠡᠵᠢᠯ ᠨᠢ ᠪᠣᠬᠢᠷᠲᠤᠯ ᠦᠭᠡᠢ ᠬᠥᠭᠵᠢᠯᠲᠡ ᠳᠤ ᠡᠨᠧᠷᠭᠢ ᠣᠯᠭᠤᠨ᠎ᠠ᠃ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ᠂ ᠲᠣᠭᠲᠠᠬᠤ ᠰᠢᠶᠠᠨ ︽ᠵᠢᠯᠣᠭᠤᠴᠢ ᠦᠭᠡᠢ ᠨᠢᠰᠬᠡᠯ ᠢᠶᠠᠷ ᠬᠢᠨᠠᠨ ᠬᠡᠮᠵᠢᠬᠦ + ᠣᠶᠤᠨᠲᠤ ᠳᠤᠰᠤᠯᠭᠠᠨ ᠤᠰᠤᠯᠠᠬᠤ︾ ᠮᠡᠷᠭᠡᠵᠢᠯ ᠢ ᠰᠢᠨ᠎ᠡ ᠪᠠᠷ ᠡᠭᠦᠳᠴᠦ᠂ ᠠᠮᠢ ᠠᠬᠤᠢ ᠶᠢ ᠰᠡᠷᠭᠦᠭᠡᠬᠦ ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠤᠢ ᠰᠢᠭᠤᠢ ᠡᠪᠡᠰᠦᠨ ᠤ ᠡᠬᠢ ᠪᠠᠶᠠᠯᠢᠭ ᠢ ᠬᠥᠳᠡᠯᠦᠩᠭᠦᠢ ᠪᠠᠷ ᠬᠢᠨᠠᠨ ᠬᠡᠮᠵᠢᠬᠦ ᠶᠢ ᠪᠡᠶᠡᠯᠡᠭᠦᠯᠵᠡᠢ᠃ ᠭᠠᠩ ᠢ ᠡᠰᠡᠷᠭᠦᠴᠡᠬᠦ ᠡᠪᠡᠳᠴᠢᠨ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠮᠣᠳᠣᠨ ᠤ ᠲᠥᠷᠥᠯ ᠢ ᠪᠣᠶᠢᠵᠢᠭᠤᠯᠬᠤ ᠪᠠᠷ ᠳᠠᠮᠵᠢᠭᠤᠯᠤᠨ᠂ ᠤᠰᠤ ᠠᠷᠪᠢᠯᠠᠬᠤ ᠲᠠᠷᠢᠮᠠᠯ ᠤᠨ ᠵᠠᠭᠪᠤᠷ ᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ 50% ᠪᠠᠷ ᠳᠡᠭᠡᠭᠰᠢᠯᠡᠭᠦᠯᠵᠦ᠂ ᠭᠠᠩ ᠬᠠᠭᠤᠷᠠᠢ ᠭᠠᠵᠠᠷ ᠣᠷᠣᠨ ᠤ ᠠᠮᠢ ᠠᠬᠤᠢ ᠶᠢᠨ ᠵᠠᠰᠠᠯᠲᠠ ᠳᠤ ᠥᠯᠢᠭᠡᠷ ᠳᠠᠭᠤᠷᠢᠶᠠᠯ ᠬᠠᠩᠭᠠᠪᠠ᠃      ᠲᠣᠭᠲᠠᠬᠤ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠠᠩ ᠬᠠᠢ ᠸᠧᠢ᠂ ᠡᠳᠡᠭᠡᠷ ᠦᠷ᠎ᠡ ᠪᠦᠲᠦᠭᠡᠯ ᠨᠢ ᠪᠦᠬᠦ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠂ ᠳᠠᠷᠠᠭᠠᠴᠢ ᠶᠢᠨ ᠠᠯᠬᠤᠮ ᠳᠤ᠂ ᠬᠠᠳᠤᠨ ᠭᠤᠣᠯ ᠤᠨ ︽几︾  ᠤᠨ ᠪᠣᠭᠤᠮᠲᠠ ᠰᠢᠪᠲᠤᠯᠬᠤ ᠪᠠᠶᠢᠯᠳᠤᠬᠤ ᠪᠣᠳᠣᠯᠭ᠎ᠠ ᠪᠠᠷ ᠭᠤᠣᠯᠳᠠᠭᠤᠯᠵᠤ᠂ ᠤᠢ ᠰᠢᠭᠤᠢ ᠡᠪᠡᠰᠦᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢᠨ ᠨᠡᠮᠡᠭᠳᠡᠯ᠂ ᠶᠠᠰᠤ ᠴᠢᠨᠠᠷ ᠤᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦ ᠪᠠᠨ ᠡᠷᠭᠦᠬᠦ ᠪᠣᠯᠣᠨ᠎ᠠ ᠭᠡᠵᠦ ᠢᠯᠡᠳᠬᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1