ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠠᠢᠮᠠᠳᠤᠭᠠᠷ ᠪᠦᠯᠦᠭ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠢ ᠨᠡᠶᠢᠳᠡᠯᠡᠵᠡᠢ᠂ ᠲᠣᠭᠲᠠᠬᠤ ᠰᠢᠶᠠᠨ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠤᠷᠤᠵᠠᠢ
ᠨᠡᠶᠢᠲᠡᠯᠡᠭᠰᠡᠨ ᠴᠠᠭ᠄
2025/3/13
ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠠᠢᠮᠠᠳᠤᠭᠠᠷ ᠪᠦᠯᠦᠭ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠢ ᠨᠡᠶᠢᠳᠡᠯᠡᠬᠦ ᠲᠤᠬᠠᠢ ᠮᠡᠳᠡᠭᠳᠡᠯ        ᠥᠪᠥᠷ ᠵᠠᠰᠠᠭ ᠥᠰᠥᠭ ﹇2025﹈ 36 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠮᠣᠩᠭᠤᠯ ᠦᠨᠳᠦᠰᠦᠲᠡᠨ ᠤ ᠵᠦᠢᠷ ᠦᠭᠡ ᠵᠡᠷᠭᠡ ᠶᠢ 89 ᠨᠡᠷᠡᠶᠢᠳᠦᠯ ᠢ ᠲᠣᠭᠲᠠᠵᠤ᠂ 95 ᠲᠥᠷᠥᠯ ᠵᠦᠢᠯ ᠢ ᠨᠠᠢᠮᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ᠂ ᠵᠢᠩᠭᠠᠷ ᠵᠡᠷᠭᠡ 52 ᠲᠥᠷᠥᠯ ᠵᠦᠢᠯ᠂ 76 ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠥᠷᠭᠡᠳᠬᠡᠬᠦ ᠲᠥᠷᠥᠯ ᠵᠦᠢᠯ ᠪᠣᠯᠭᠠᠬᠤ ᠪᠠᠷ ᠲᠣᠭᠲᠠᠪᠠ᠂ ᠡᠳᠦᠭᠡ ᠨᠡᠶᠢᠳᠡᠯᠡᠶ᠎ᠡ᠃      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠤᠯᠭ᠎ᠠ ᠪᠣᠯᠭᠠᠵᠤ᠂ ︽ᠬᠠᠮᠠᠭᠠᠯᠠᠬᠤ ᠪᠠᠷ ᠭᠤᠣᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠢ ᠠᠰᠢᠭᠯᠠᠬᠤ᠂ ᠤᠯᠠᠮᠵᠢᠯᠠᠨ ᠬᠥᠭᠵᠢᠭᠦᠯᠬᠦ︾ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠴᠢᠭᠯᠡᠯᠲᠡ ᠶᠢ ᠤᠯᠠᠮ ᠨᠢᠭᠡ ᠠᠯᠬᠤᠮ ᠲᠤᠤᠱᠯᠠᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢ ᠬᠠᠮᠠᠭᠠᠯᠠᠨ ᠵᠠᠯᠭᠠᠮᠵᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠢ ᠬᠠᠮᠠᠭᠠᠯᠠᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠠᠬᠢᠭᠤᠯᠤᠨ᠎ᠠ᠃      ᠳᠠᠭᠠᠯᠳᠤᠭᠤᠯᠤᠯ᠄      1. ᠨᠠᠢᠮᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ  ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ︵89 ᠬᠤᠪᠢ᠂ 95 ᠵᠦᠢᠯ︶      2. ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠦᠷᠭᠡᠳᠭᠡᠭᠰᠡᠨ ᠨᠡᠷᠡᠰ ᠤᠨ ᠵᠢᠭᠰᠠᠭᠠᠯᠲᠠ ︵52 ᠬᠤᠪᠢ᠂ 76  ᠵᠦᠢᠯ︶              2025 ᠣᠨ ᠤ 3 ᠳ᠋ᠤᠭᠠᠷ ᠰᠠᠷ᠎ᠠ ᠶᠢᠨ 6 ᠤ ᠡᠳᠦᠷ ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1