ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠲᠦᠯᠬᠢᠨ ᠠᠬᠢᠭᠤᠯᠵᠤ᠂ | ᠬᠥᠭᠵᠢᠯᠲᠡ ᠶᠢᠨ ᠣᠷᠣᠨ ᠪᠦᠰᠡᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ ᠭᠡᠵᠦ ᠳᠤᠷᠠᠳᠤᠨ | ᠭᠠᠷᠭᠠᠵᠠᠢ᠃ ᠲᠠᠷᠠᠭᠠᠴᠢ ᠶᠢᠨ ᠠᠷᠪᠠᠨ ᠵᠢᠯ ᠳᠤ᠂ ᠮᠠᠨ ᠤ ᠤᠯᠤᠰ ᠨᠠᠩ ᠨᠡᠭᠡᠭᠡᠯᠲᠡᠲᠡᠢ᠂ ᠨᠠᠩ ᠥᠷᠢᠰᠦᠯᠳᠦᠬᠦ | ᠬᠦᠴᠦᠨ ᠲᠠᠢ᠂ ᠨᠠᠩ ᠲᠠᠲᠠᠬᠤ ᠬᠦᠴᠦᠨ ᠲᠠᠢ᠂ ᠨᠠᠩ ᠲᠡᠩᠴᠡᠭᠦᠷᠢᠲᠡᠢ ᠪᠠᠶᠢᠷᠢᠰᠢᠭᠤᠯᠤᠭᠰᠠᠨ ᠣᠲᠣ ᠦᠶ᠎ᠡ ᠶᠢᠨ | ᠬᠤᠲᠠ ᠶᠢᠨ ᠰᠢᠰᠲ᠋ᠧᠮ ᠢ ᠪᠠᠶᠢᠭᠤᠯᠵᠤ᠂ ᠬᠡᠲᠦ ᠣᠨᠴᠠ ᠲᠣᠮᠣ ᠬᠤᠲᠠ ᠶᠢᠨ ᠰᠢᠨ᠎ᠡ ᠶᠢ ᠡᠭᠦᠳᠦᠨ ᠬᠥᠭᠵᠢᠬᠦ᠂ | ᠳᠤᠮᠳᠠ ᠵᠢᠵᠢᠭ ᠬᠤᠲᠠ ᠶᠢᠨ ᠣᠨᠴᠠᠯᠢᠭ ᠲᠠᠢ ᠬᠥᠭᠵᠢᠯᠲᠡ ᠶᠢᠨ ᠪᠠᠶᠢᠳᠠᠯ ᠢ ᠪᠣᠶ ᠪᠣᠯᠭᠠᠵᠤ᠂ ᠬᠠᠮᠲᠤ ᠪᠠᠷ | ᠴᠢᠨᠡᠭᠡᠯᠢᠭᠵᠢᠬᠦ ᠪᠠ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠳᠤ ᠪᠥᠬᠦ ᠲᠠᠯ᠎ᠠ ᠶᠢᠨ | ᠲᠤᠯᠭᠠᠭᠤᠷᠢᠯᠠᠯ ᠬᠠᠩᠭᠠᠨ᠎ᠠ ᠭᠡᠵᠦᠴᠥ᠋ᠭᠡᠨ ᠪᠤᠰᠤ ᠲᠥᠯᠥᠭᠡᠯᠡᠭᠴᠢ ᠭᠡᠰᠢᠭᠦᠨ ᠪᠠ ᠲᠤᠰᠬᠠᠢ ᠮᠡᠷᠭᠡᠵᠢᠯᠲᠡᠨ | ᠢᠯᠡᠷᠬᠡᠶᠢᠯᠡᠵᠦ ᠪᠠᠶᠢᠨ᠎ᠠ᠃ | ᠬᠤᠲᠠ ᠪᠠᠯᠭᠠᠰᠤᠵᠢᠯᠲᠠ ᠶᠢ ᠲᠣᠭᠲᠠᠭᠤᠨ ᠢᠶᠠᠷ ᠬᠥᠭᠵᠢᠭᠦᠯᠬᠦ ᠱᠠᠲᠤᠨ ᠳᠤ ᠤᠷᠤᠵᠠᠢ | ᠾᠧᠹᠧᠢ ᠬᠤᠲᠠ ᠶᠢᠨ ᠱᠦ ᠱᠠᠨ ᠲᠣᠭᠤᠷᠢᠭ ᠤᠨ ᠰᠠᠭᠤᠭᠠᠯᠢ ᠠᠷᠠᠳ ᠸᠠᠩ ᠮᠢᠨ ᠮᠢᠨ ᠬᠦᠦ ᠸᠠᠩ ᠢᠦᠢ | ᠴᠧᠨ ᠢᠶᠠᠨ ᠰᠤᠷᠭᠠᠭᠤᠯᠢ ᠠᠴᠠ ᠲᠤᠰᠴᠤ ᠭᠡᠷ ᠲᠡᠭᠡᠨ ᠢᠷᠡᠵᠡᠢ᠃ ᠭᠤᠷᠪᠠᠨ ᠵᠢᠯ ᠤᠨ ᠡᠮᠦᠨ᠎ᠡ᠂ ᠸᠠᠩ ᠢᠦᠢ ᠴᠧᠨ | ᠠᠨᠴᠢᠩ ᠤᠨ ᠴᠢᠶᠠᠨ ᠱᠠᠨ ᠲᠣᠰᠬᠤᠨ ᠠᠴᠠ ᠮᠤᠵᠢ ᠶᠢᠨ ᠬᠤᠳᠠ ᠳᠤ ᠰᠢᠯᠵᠢᠨ ᠰᠤᠷᠤᠯᠴᠠᠵᠦ᠂ ᠤᠳᠤ ᠬᠤᠳᠠ ᠶᠢᠨ | ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠳᠤ ᠪᠦᠷᠢᠮᠦᠰᠦᠨ ᠠᠭᠤᠰᠤᠯᠴᠠᠵᠠᠢ᠃ | ︽ᠠᠩᠬ᠎ᠠ ᠡᠬᠢᠯᠡᠬᠦ ᠳᠡᠭᠡᠨ ᠭᠡᠷ ᠬᠥᠷᠥᠩᠭᠡ ᠦᠭᠡᠢ ᠠᠴᠠ ᠪᠣᠯᠵᠤ ᠬᠡᠦᠬᠡᠳ ᠤᠨ ᠰᠤᠷᠤᠯᠭ᠎ᠠ ᠶᠢ | ᠨᠥᠯᠥᠭᠡᠯᠡᠬᠦ ᠠᠴᠠ ᠠᠶᠤᠵᠤ ᠪᠠᠶᠢᠭᠰᠠᠨ ᠪᠥᠭᠡᠳ ᠬᠡᠦᠬᠡᠳ ᠢ ᠭᠠᠳᠠᠭᠤᠷᠴᠢᠯᠠᠬᠤ ᠠᠴᠠ ᠴᠤ ᠠᠶᠤᠵᠤ ᠪᠠᠶᠢᠪᠠ᠂ | ᠭᠡᠪᠡᠴᠦ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠯᠠᠪᠯᠠᠨ ᠠᠰᠠᠭᠤᠭᠰᠠᠨ ᠤ ᠳᠠᠷᠠᠭ᠎ᠠ ᠪᠢ ᠰᠠᠭᠤᠭᠠᠯᠢ | ᠠᠷᠠᠳ ᠤᠨ ᠣᠷᠣᠰᠢᠨ ᠰᠠᠭᠤᠬᠤ ᠦᠨᠡᠮᠯᠡᠯ ᠢ ᠠᠪᠤᠭᠰᠠᠨ ᠪᠥᠭᠡᠳ ᠨᠡᠶᠢᠭᠡᠮ ᠤᠨ ᠪᠠᠲᠤᠯᠠᠭ᠎ᠠ ᠶᠢᠨ ᠦᠨᠡᠮᠯᠡᠯ ᠢᠶᠠᠨ | ᠲᠤᠰᠢᠶᠠᠭᠠᠳ ᠰᠤᠷᠭᠠᠭᠤᠯᠢ ᠳᠤ ᠣᠷᠣᠬᠤ ᠭᠠᠷ ᠭᠦᠢᠴᠡᠳᠬᠡᠯ ᠢᠶᠠᠨ ᠮᠠᠰᠢ ᠲᠦᠷᠭᠡᠨ ᠢᠶᠠᠷ ᠬᠢᠵᠦ ᠳᠠᠭᠤᠰᠬᠠᠵᠠᠢ︾ | ᠭᠡᠵᠦ ᠸᠠᠩ ᠮᠢᠨ ᠮᠢᠨ ᠬᠡᠯᠡᠪᠡ᠃ | ︽ᠣᠳᠣᠬᠠᠨ ᠳᠤ ᠠᠨᠾᠦ᠋ᠢ ᠮᠤᠵᠢ ᠶᠢᠨ ᠡᠴᠢᠭᠡ ᠡᠬᠡ ᠪᠠᠨ ᠳᠠᠭᠠᠵᠤ ᠨᠡᠭᠦᠭᠰᠡᠨ ᠬᠡᠦᠬᠡᠳ ᠤᠨ ᠠᠯᠪᠠᠨ ᠠᠴᠠ | ᠡᠷᠭᠢᠯᠡᠭᠰᠡᠨ ᠰᠤᠷᠭᠠᠭᠤᠯᠢ ᠳᠤ ᠰᠤᠷᠤᠯᠴᠠᠭᠰᠠᠨ ᠨᠣᠷᠮ᠎ᠠ 98% ᠠᠴᠠ ᠳᠡᠭᠡᠭᠰᠢ ᠳᠤ ᠬᠦᠷᠴᠡᠢ᠃ ᠰᠤᠷᠭᠠᠨ | ᠬᠥᠮᠦᠵᠢᠯ ᠠᠴᠠ ᠣᠷᠣᠨ ᠰᠠᠭᠤᠴᠠ ᠬᠦᠷᠲᠡᠯ᠎ᠡ᠂ ᠠᠨᠾᠦ᠋ᠢ ᠮᠤᠵᠢ ᠶᠢᠨ ᠬᠢᠨ ᠲᠠᠷᠢᠶᠠᠯᠠᠩ ᠠᠴᠠ ᠰᠢᠯᠵᠢᠭᠰᠡᠨ | ᠬᠥᠮᠥᠨ ᠠᠮᠠ ᠶᠢ ︽ᠦᠯᠡᠳᠡᠭᠡᠵᠦ ᠳᠡᠶᠢᠯᠬᠦ᠂ ᠰᠠᠶᠢᠬᠠᠨ ᠠᠮᠢᠳᠤᠷᠠᠭᠤᠯᠬᠤ︾ ᠪᠠᠷ ᠬᠦᠴᠦᠯᠡᠨ ᠴᠢᠷᠮᠠᠶᠢᠪᠠ᠃ | ᠡᠴᠢᠭᠡ ᠡᠬᠡ ᠪᠠᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠭᠰᠡᠨ ᠠᠴᠠ ᠭᠠᠳᠠᠨ᠎ᠠ᠂ 2024 ᠣᠨ ᠳᠤ ᠠᠨᠾᠦ᠋ᠢ ᠮᠤᠵᠢ ᠶᠢᠨ ᠬᠢᠨ 12.4 ᠲᠦᠮᠡᠨ ᠢᠵᠢ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ ᠨᠡᠮᠡᠭᠳᠡᠭᠦᠯᠵᠦ᠂ 13.1 ᠲᠦᠮᠡᠨ | ᠡᠷᠦᠬᠡ ᠳᠤ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠣᠯᠭᠤᠵᠤ᠂ 67 ᠲᠦᠮᠡᠨ ᠰᠢᠨ᠎ᠡ | ᠬᠤᠲᠠ ᠶᠢᠨ ᠠᠷᠠᠳ ᠢ ᠬᠠᠮᠤᠷᠪᠠ ᠭᠡᠵᠦ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠠᠨᠾᠦ᠋ᠢ ᠮᠤᠵᠢ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠴᠧᠨ | ᠵᠢᠶᠦ᠋ᠨ ᠢᠯᠡᠷᠬᠡᠶᠢᠯᠡᠪᠡ᠃ | ᠬᠤᠲᠠ ᠪᠠᠯᠭᠠᠰᠤᠵᠢᠯᠲᠠ ᠪᠣᠯ ᠤᠯᠤᠰ ᠤᠨ ᠣᠳᠣᠬᠢᠴᠢᠯᠠᠯᠲᠠ ᠶᠢᠨ ᠶᠠᠪᠤᠴᠠ ᠳᠠᠬᠢ ᠵᠠᠶᠢᠯᠠᠰᠢ ᠦᠭᠡᠢ | ᠶᠠᠪᠤᠬᠤ ᠵᠠᠮ ᠮᠥᠨ᠂ ᠮᠠᠨ ᠤ ᠤᠯᠤᠰ ᠤᠨ ᠢᠷᠡᠭᠡᠳᠦᠢ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ | ᠬᠥᠳᠡᠯᠭᠡᠭᠴᠢ ᠬᠦᠴᠦᠨ ᠮᠥᠨ᠃ ᠥᠩᠭᠡᠷᠡᠭᠰᠡᠨ ᠨᠢᠭᠡ ᠵᠢᠯ ᠳᠤ ᠮᠠᠨ ᠤ ᠤᠯᠤᠰ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠨ | ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠠᠶᠢᠩᠭᠤ ᠰᠠᠭᠤᠭ᠎ᠠ ᠬᠥᠮᠥᠨ | ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 67% ᠪᠣᠯᠲᠠᠯ᠎ᠠ ᠳᠡᠭᠡᠭᠰᠢᠯᠡᠭᠦᠯᠵᠦ᠂ ᠲᠦᠷᠦᠭᠦᠸ ᠵᠢᠯ ᠤᠨ | ᠡᠴᠦᠰ ᠤᠨ ᠬᠢ ᠠᠴᠠ 0.84 ᠵᠠᠭᠤᠨ ᠤ ᠨᠢᠭᠡᠴᠢ ᠳᠡᠭᠡᠭᠰᠢᠯᠡᠵᠡᠢ᠃ | ᠳᠤᠮᠳᠠᠳᠤ ᠤᠯᠤᠰ ᠤᠨ ᠬᠤᠲᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠸᠠᠩ ᠺᠠᠢ ᠂ ᠮᠠᠨ ᠤ ᠤᠯᠤᠰ ᠤᠨ ᠬᠤᠲᠠ ᠪᠠᠯᠭᠠᠰᠤᠵᠢᠯᠲᠠ ᠤᠳᠠᠯ ᠦᠭᠡᠢ | ᠲᠣᠭᠲᠠᠭᠤᠨ ᠢᠶᠠᠷ ᠬᠥᠭᠵᠢᠬᠦ ᠱᠠᠲᠤᠨ ᠳᠤ ᠤᠷᠤᠨ᠎ᠠ᠂ ᠬᠤᠶᠢᠰᠢᠳᠠ ᠶᠢᠨ ᠠᠷᠪᠠᠨ ᠵᠢᠯ ᠪᠣᠯ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠭᠠᠭᠴᠠᠬᠦ ᠲᠦᠷᠦ ᠶᠢᠨ | ᠪᠣᠳᠣᠯᠭ᠎ᠠ ᠪᠠ ᠪᠠᠶᠢᠯᠳᠤᠬᠤ ᠪᠣᠳᠣᠯᠭ᠎ᠠ ᠶᠢᠨ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠪᠡᠯ ᠰᠠᠢᠢ ᠡᠯ᠎ᠡ | ᠭᠠᠵᠠᠷ ᠤᠨ ︽ᠠᠵᠤ ᠦᠢᠯᠡᠳᠪᠦᠷᠢ ᠳᠤ ᠲᠣᠬᠢᠷᠠᠪᠠᠯ ᠠᠵᠤ ᠦᠢᠯᠡᠳᠪᠦᠷᠢ ᠬᠢᠨ᠎ᠡ︾᠂ ︽ᠲᠠᠷᠢᠶᠠᠯᠠᠬᠤ ᠳᠤ | ᠲᠣᠬᠢᠷᠠᠪᠠᠯ ᠲᠠᠷᠢᠶᠠᠯᠠᠩ ᠡᠷᠬᠢᠯᠡᠨ᠎ᠡ︾᠂ ︽ᠵᠤᠭᠠᠴᠠᠬᠤ ᠳᠤ ᠲᠣᠬᠢᠷᠠᠪᠠᠯ ᠵᠤᠭᠠᠴᠠᠯ ᠡᠷᠬᠢᠯᠡᠨ᠎ᠡ︾ ᠶᠢ ᠨᠡᠩ | ᠰᠠᠶᠢᠲᠤᠷ ᠪᠡᠶᠡᠯᠡᠭᠦᠯᠵᠦ ᠴᠢᠳᠠᠨ᠎ᠠ᠃ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠭᠳᠠᠬᠤ ᠶᠢ ᠳᠠᠭᠠᠯᠳᠤᠨ᠂ ᠡᠯ᠎ᠡ ᠣᠷᠣᠨ ᠪᠦᠰᠡ ᠶᠢᠨ ᠬᠤᠭᠤᠷᠣᠨᠳᠣᠬᠢ ᠠᠵᠢᠯ ᠬᠤᠪᠢᠶᠠᠷᠢᠯᠠᠨ | ᠬᠠᠮᠲᠤᠷᠠᠯᠴᠠᠬᠤ ᠶᠠᠪᠤᠳᠠᠯ ᠤᠷᠢᠳ ᠡᠮᠦᠨ᠎ᠡ ᠪᠠᠶᠢᠭ᠎ᠠ ᠦᠭᠡᠢ ᠭᠦᠨᠵᠡᠭᠡᠶᠢᠷᠡᠬᠦ ᠪᠤᠯᠤᠨ᠎ᠠ᠂ ᠠᠵᠤ ᠠᠬᠤᠢ ᠶᠢᠨ ᠰᠢᠨ᠎ᠡ | ᠨᠡᠮᠡᠭᠳᠡᠯ ᠤᠨ ᠴᠡᠭ ᠢ ᠪᠣᠶ ᠪᠣᠯᠭᠠᠵᠤ᠂ ᠮᠠᠨ ᠤ ᠤᠯᠤᠰ ᠤᠨ ᠦᠷᠭᠦᠯᠵᠢᠯᠡᠬᠦ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠪᠣᠯᠣᠮᠵᠢ ᠲᠠᠢ ᠪᠠᠶᠢᠨ᠎ᠠ ᠭᠡᠵᠦ ᠦᠵᠡᠵᠦ ᠪᠠᠶᠢᠨ᠎ᠠ᠃ | ᠰᠢᠶᠠᠨ ᠤ ᠬᠡᠪᠴᠢᠶᠡᠨ ᠤ ᠠᠵᠤ ᠠᠬᠤᠢ ᠶᠢ ᠬᠥᠭᠵᠢᠭᠦᠯᠵᠦ ︽ᠠᠵᠤ ᠦᠢᠯᠡᠰ ᠬᠤᠲᠠ ᠬᠥᠮᠥᠨ︾ ᠤ | ᠭᠦᠨᠵᠡᠭᠡᠢ ᠠᠭᠤᠰᠤᠯᠴᠠᠯ ᠢ ᠠᠬᠢᠭᠤᠯᠤᠨ᠎ᠠ | ︽ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠶᠠᠪᠤᠳᠠᠯ ᠢ ᠰᠢᠨᠵᠢᠯᠡᠬᠦ | ᠤᠬᠠᠭᠠᠨᠴᠢ ᠪᠠᠷ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠤᠨ ᠣᠯᠠᠨ ᠨᠡᠶᠢᠲᠡ | ᠶᠢᠨ ᠦᠨᠳᠦᠰᠦᠨ ᠦᠢᠯᠡᠴᠢᠯᠡᠭᠡ ᠬᠠᠩᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ︾᠂ ︽ᠰᠢᠶᠠᠨ ᠤ | ᠬᠤᠲᠠ ᠶᠢᠨ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠳᠠᠭᠳᠠᠯ ᠢ | ᠲᠦᠷᠭᠡᠪᠴᠢᠯᠡᠨ ᠨᠥᠬᠦᠪᠦᠷᠢᠯᠡᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠤᠲᠠ | ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ︾᠂ ︽ᠣᠳᠣᠬᠢᠴᠢᠯᠠᠭᠰᠠᠨ ᠬᠤᠲᠠ ᠶᠢᠨ ᠲᠤᠭᠤᠷᠢᠭ ᠶᠢ ᠬᠥᠭᠵᠢᠭᠦᠯᠵᠦ᠂ ᠬᠡᠲᠦ | ᠲᠣᠮᠣ ᠣᠨᠴᠠ ᠲᠣᠮᠣ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠣᠮᠣ | ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ︾ ᠁ | ︽ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠬᠦ︾ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠯᠢ ᠣᠯᠠᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | ︽ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠪᠣᠯ ᠬᠥᠮᠥᠨ ᠢᠶᠠᠷ | ᠦᠨᠳᠦᠰᠦ ᠪᠣᠯᠭᠠᠬᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠵᠠᠩᠭᠢᠯᠠᠭ᠎ᠠ | ᠶᠢᠨ ᠰᠢᠪᠲᠤᠯᠤᠯᠲᠠ ᠶᠢᠨ ᠴᠡᠭ ᠮᠥᠨ᠂ ᠨᠡᠩ ᠴᠤ ᠬᠤᠲᠠ ᠬᠥᠳᠡᠭᠡ ᠶᠢᠨ ᠬᠤᠶᠠᠷ ᠡᠰᠢᠲᠦ ᠪᠦᠲᠦᠴᠡ ᠶᠢ | ᠰᠢᠢᠳᠪᠦᠷᠢᠯᠡᠬᠦ᠂ ᠬᠤᠲᠠ ᠬᠥᠳᠡᠭᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠬᠤ ᠵᠠᠶᠢᠯᠠᠰᠢ ᠦᠭᠡᠢ ᠠᠷᠭ᠎ᠠ ᠵᠠᠮ | ᠮᠥᠨ︾᠃ ᠳᠤᠮᠳᠠ ᠵᠢᠵᠢᠭ ᠬᠤᠲᠠ ᠶᠢᠨ ᠡᠷᠦᠬᠡ ᠠᠮᠠ ᠶᠢᠨ ᠲᠠᠩᠰᠠ ᠶᠢᠨ ᠲᠥᠷᠥ ᠶᠢᠨ ᠪᠣᠳᠣᠯᠭ᠎ᠠ ᠶᠢ ᠠᠯᠬᠤᠮ | ᠠᠯᠬᠤᠮ ᠢᠶᠠᠷ ᠠᠭᠤᠵᠢᠭᠤ ᠪᠣᠯᠭᠠᠭᠰᠠᠨ ᠪᠣᠯᠪᠠᠴᠤ ᠲᠠᠲᠠᠬᠤ ᠬᠦᠴᠦᠨ ᠠᠴᠠ ᠨᠢ ᠠᠪᠴᠤ ᠬᠡᠯᠡᠪᠡᠯ᠂ ᠣᠨᠴᠠ ᠶᠡᠭᠡ | ᠵᠢᠴᠢ ᠬᠡᠲᠦ ᠲᠣᠮᠣ ᠬᠤᠲᠠ ᠶᠢᠨ ᠬᠥᠭᠵᠢᠭᠰᠡᠨ ᠭᠤᠷᠪᠠᠳᠤᠭᠠᠷ ᠠᠵᠤ ᠦᠢᠯᠡᠰ᠂ ᠪᠦᠷᠢᠨ ᠲᠡᠭᠦᠯᠳᠡᠷ ᠰᠠᠭᠤᠷᠢ | ᠲᠥᠬᠦᠭᠡᠷᠦᠮᠵᠢ ᠪᠠ ᠥᠨᠳᠥᠷ ᠪᠦᠲᠦᠮᠵᠢᠲᠡᠶ ᠬᠤᠲᠠ ᠶᠢᠨ ᠬᠠᠮᠢᠶᠠᠷᠤᠯᠲᠠ ᠨᠢ ᠮᠥᠨ ᠬᠦ ᠲᠠᠷᠢᠶᠠᠯᠠᠩ ᠠᠴᠠ | ᠰᠢᠯᠵᠢᠭᠰᠡᠨ ᠬᠥᠮᠥᠨ ᠠᠮᠠ ᠳᠤ ᠨᠠᠩ ᠶᠡᠭᠡ ᠲᠠᠲᠠᠬᠤ ᠬᠦᠴᠦᠨ ᠲᠠᠢ ᠶᠤᠮ ᠭᠡᠵᠦ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠴᠢᠩᠬᠤᠸᠠ ᠶᠡᠭᠡ ᠰᠤᠷᠭᠠᠭᠤᠯᠢ ᠶᠢᠨ ᠤᠯᠤᠰ ᠲᠥᠷᠥ | ᠠᠵᠤ ᠠᠬᠤᠢ ᠶᠢᠨ ᠤᠬᠠᠭᠠᠨ ᠤ ᠰᠤᠳᠤᠯᠭᠠᠨ ᠤ ᠲᠥᠪ ᠤᠨ ᠡᠷᠬᠢᠯᠡᠭᠴᠢ ᠼᠠᠢ ᠵᠢᠢ ᠮᠢᠩ ᠢᠯᠡᠷᠬᠡᠶᠢᠯᠡᠪᠡ᠃ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠣᠯᠭᠠᠬᠤ ᠶᠠᠪᠤᠴᠠ ᠳᠤ᠂ ᠦᠷ᠎ᠡ | ᠬᠡᠦᠬᠡᠳ ᠤᠨ ᠰᠤᠷᠭᠠᠨ ᠬᠥᠮᠦᠵᠢᠯ᠂ ᠡᠪᠡᠳᠴᠢᠨ ᠦᠵᠡᠭᠦᠯᠬᠦ ᠪᠠ ᠣᠷᠣᠨ ᠰᠠᠭᠤᠴᠠ ᠪᠣᠯ ᠭᠤᠷᠪᠠᠨ ᠶᠡᠭᠡ | ᠵᠠᠩᠭᠢᠯᠠᠭ᠎ᠠ ᠶᠢᠨ ᠬᠢᠵᠠᠭᠠᠷᠯᠠᠬᠤ ᠬᠦᠴᠦᠨ ᠵᠦᠢᠯ ᠪᠣᠯᠣᠨ᠎ᠠ᠃ ᠲᠣᠭᠲᠠᠪᠤᠷᠢᠲᠠᠢ ᠣᠷᠣᠨ ᠰᠠᠭᠤᠴᠠ ᠨᠢ ᠭᠡᠷ | ᠪᠦᠯᠢ ᠪᠠᠷ ᠢᠶᠠᠨ ᠴᠤᠭᠯᠠᠭᠠᠨ ᠢ ᠪᠡᠶᠡᠯᠡᠭᠦᠯᠵᠦ ᠴᠢᠳᠠᠬᠤ ᠪᠠᠷ ᠪᠠᠷᠠᠬᠤ ᠦᠭᠡᠢ ᠲᠠᠷᠢᠶᠠᠯᠠᠩ ᠠᠴᠠ ᠰᠢᠯᠵᠢᠭᠰᠡᠨ ᠬᠥᠮᠥᠨ | ᠠᠮᠠ ᠳᠤ ᠠᠵᠢᠯ ᠤᠨ ᠪᠠᠶᠢᠷᠢ ᠰᠣᠯᠢᠵᠤ ᠳᠠᠬᠢᠨ ᠠᠵᠢᠯ ᠣᠯᠭᠤᠬᠤ ᠪᠠᠲᠤᠯᠠᠭ᠎ᠠ ᠶᠢ ᠬᠠᠩᠭᠠᠵᠤ ᠴᠢᠳᠠᠨ᠎ᠠ᠃ ᠡᠨᠡ ᠨᠢ | ᠬᠤᠳᠠ ᠶᠢᠨ ᠠᠷᠠᠳ ᠪᠣᠯᠬᠤ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠢ ᠪᠠᠷ ᠪᠠᠷᠠᠬᠤ ᠦᠭᠡᠢ ᠬᠤᠳᠠ ᠶᠢᠨ | ᠬᠥᠭᠵᠢᠯᠲᠡ ᠳᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠷᠭᠦᠯᠵᠢᠯᠡᠭᠰᠡᠨ ᠲᠤᠯᠭᠠᠭᠤᠷᠢᠯᠠᠯ ᠬᠠᠩᠭᠠᠬᠤ | ᠪᠣᠯᠣᠨ᠎ᠠ ᠭᠡᠵᠦ ᠼᠠᠢ ᠵᠢᠢ ᠮᠢᠩ ᠴᠢᠬᠤᠯᠠᠴᠢᠯᠠᠵᠠᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠪᠠᠶᠢᠩᠭᠤ ᠰᠠᠭᠤᠭ᠎ᠠ ᠭᠠᠵᠠᠷ ᠤᠨ ᠣᠯᠠᠨ ᠨᠡᠶᠢᠲᠡ | ᠶᠢᠨ ᠦᠨᠳᠦᠰᠦᠨ ᠦᠢᠯᠡᠴᠢᠯᠡᠭᠡ ᠬᠠᠩᠭᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ︾ ᠭᠡᠵᠦ ᠵᠢᠭᠠᠵᠤ ᠭᠠᠷᠭᠠᠵᠠᠢ᠃ | ᠡᠶᠢᠮᠦ ᠪᠠᠶᠢᠳᠠᠯ ᠤᠨ ᠳᠣᠣᠷ᠎ᠠ᠂ ᠲᠥᠰᠥᠪ ᠤᠨ ᠮᠡᠳᠡᠭᠦᠯᠦᠯᠲᠡ ᠳᠤ ᠪᠡᠯᠡ ᠮᠥᠩᠭᠦᠨ ᠤ ᠲᠣᠬᠢᠷᠠᠭᠤᠯᠤᠯᠲᠠ ᠶᠢ | ᠲᠤᠳᠤᠷᠬᠠᠶᠢᠯᠠᠵᠦ᠂ ᠰᠤᠷᠭᠠᠨ ᠬᠥᠮᠦᠵᠢᠯ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠡᠷᠦᠬᠡ | ᠠᠮᠠ ᠣᠷᠣᠭᠠᠳᠤᠢ ᠪᠠᠶᠢᠩᠭᠤ ᠰᠠᠭᠤᠭ᠎ᠠ ᠬᠥᠮᠥᠨ ᠠᠮᠠ ᠳᠤ ᠬᠤᠲᠠ ᠪᠠᠯᠭᠠᠰᠤᠨ ᠤ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠬᠦᠷᠲᠡᠭᠡᠵᠦ᠂ ᠲᠥᠪ ᠤᠨ ᠡᠳ᠋ ᠤᠨ | ᠵᠠᠰᠠᠭ ᠠᠴᠠ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠱᠠᠩᠨᠠᠯ ᠤᠨ ᠪᠡᠯᠡ | ᠮᠥᠩᠭᠦ ᠶᠢ ᠴᠦ ᠲᠦᠷᠦᠭᠦᠦ ᠵᠢᠯ ᠤᠨ 400 ᠳ᠋ᠦᠩᠰᠢᠭᠤᠷ ᠲᠥᠭᠦᠷᠢᠭ ᠪᠠᠶᠢᠭᠰᠠᠨ ᠠᠴᠠ 420 ᠳ᠋ᠦᠩᠰᠢᠭᠤᠷ | ᠲᠥᠭᠦᠷᠢᠭ ᠪᠣᠯᠭᠠᠨ ᠨᠡᠮᠡᠭᠳᠡᠭᠦᠯᠵᠦ᠂ ᠣᠷᠣᠨ ᠨᠤᠲᠤᠭ ᠤᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ | ᠬᠤᠲᠠ ᠶᠢᠨ ᠠᠷᠠᠳ ᠪᠣᠯᠭᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠳ᠋ ᠤᠨ ᠵᠠᠰᠠᠭ ᠤᠨ | ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠪᠡ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠨᠡᠩ ᠥᠨᠳᠥᠷ ᠲᠦᠪᠰᠢᠨ ᠳᠤ ᠬᠦᠷᠬᠦ ᠳᠤ ᠬᠠᠷᠠᠴᠠ ᠪᠠᠨ | ᠥᠷᠭᠡᠨ ᠠᠭᠤᠳᠠᠮ ᠰᠢᠶᠠᠨ ᠤ ᠬᠡᠪᠴᠢᠶᠡᠨ ᠳᠤ ᠬᠠᠨᠳᠤᠭᠤᠯᠬᠤ ᠬᠡᠷᠡᠭᠲᠡᠢ᠃ ᠲᠥᠯᠥᠪᠯᠡᠭᠡ ᠶᠢᠨ ᠮᠡᠳᠡᠭᠦᠯᠦᠯᠲᠡ ᠳᠤ | ᠳᠤᠷᠠᠳᠤᠭᠰᠠᠨ ᠨᠢ᠂ ᠬᠤᠲᠠ ᠪᠠᠯᠭᠠᠰᠤᠵᠢᠯᠲᠠ ᠶᠢᠨ ᠨᠣᠷᠮ᠎ᠠ ᠪᠠᠷ ᠳᠣᠣᠷ᠎ᠠ᠂ ᠬᠥᠮᠥᠨ ᠠᠮᠠ ᠶᠢᠨ ᠬᠡᠪᠴᠢᠶ᠎ᠡ ᠪᠠᠷ | ᠶᠡᠭᠡ᠂ ᠡᠬᠢ ᠪᠠᠶᠠᠯᠢᠭ ᠣᠷᠴᠢᠨ ᠠᠬᠤᠢ ᠶᠢᠨ ᠳᠠᠭᠠᠭᠠᠴᠠ ᠪᠠᠷ ᠨᠡᠯᠢᠶᠡᠳ ᠬᠦᠴᠦᠷᠬᠡᠭ ᠰᠢᠶᠠᠨ ᠬᠤᠲᠠ ᠨᠤᠭᠤᠳ | ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠠᠵᠤ ᠦᠢᠯᠡᠰ ᠤᠨ ᠣᠷᠣᠭᠤᠯᠤᠯᠲᠠ ᠪᠠᠨ ᠲᠦᠷᠭᠡᠳᠬᠡᠵᠦ᠂ | ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠣᠶᠢᠷ᠎ᠠ ᠬᠠᠪᠢ ᠳᠠᠭᠠᠨ | ᠠᠵᠢᠯ ᠣᠯᠵᠤ ᠠᠮᠤᠷ ᠲᠠᠶᠢᠪᠤᠩ ᠰᠠᠭᠤᠬᠤ ᠶᠢ ᠠᠬᠢᠭᠤᠯᠤᠨ᠎ᠠ᠃ | ︽ᠬᠤᠲᠠ ᠪᠠᠯᠭᠠᠰᠤᠵᠢᠯᠲᠠ ᠪᠣᠯ ᠳᠠᠩ ᠭᠠᠭᠴᠠ ᠬᠤᠲᠠ ᠶᠢ ᠥᠷᠭᠡᠳᠬᠡᠬᠦ ᠶᠠᠪᠤᠳᠠᠯ ᠪᠢᠰᠢ᠂ ᠬᠠᠷᠢᠨ | ᠲᠣᠮᠣ ᠳᠤᠮᠳᠠ ᠵᠢᠵᠢᠭ ᠬᠤᠲᠠ ᠶᠢ ᠵᠣᠬᠢᠴᠠᠯᠳᠤᠭᠤᠯᠤᠨ ᠬᠥᠭᠵᠢᠭᠦᠯᠬᠦ ᠰᠢᠰᠲ᠋ᠧᠮᠲᠦ ᠢᠨᠵᠧᠨᠧᠷᠢᠩ ᠮᠥᠨ︾᠃ | ᠠᠨᠾᠦ᠋ᠢ ᠶᠢᠨ ᠬᠢᠨ ᠾᠧᠹᠧᠢ ᠶᠢᠨ ᠬᠤᠲᠠ ᠶᠢᠨ ᠲᠣᠭᠤᠷᠢᠭ ᠢᠶᠠᠷ ᠲᠣᠯᠣᠭᠠᠶᠢᠯᠠᠭᠤᠯᠵᠤ᠂ ᠲᠥᠪ ᠬᠤᠲᠠ ᠶᠢᠨ | ᠨᠥᠯᠥᠭᠡᠯᠡᠬᠦ ᠬᠦᠴᠦᠨ ᠢ ᠴᠢᠩᠭᠠᠷᠠᠭᠤᠯᠤᠨ᠂ ᠰᠢᠶᠠᠨ ᠤ ᠬᠤᠲᠠ ᠶᠢᠨ ᠠᠴᠢᠶᠠᠯᠠᠪᠤᠷᠢ ᠶᠢᠨ ᠴᠢᠳᠠᠮᠵᠢ ᠶᠢ | ᠪᠠᠬᠢᠵᠢᠭᠦᠯᠵᠦ᠂ ︽ᠲᠣᠭᠤᠷᠢᠭ ᠪᠠ ᠣᠯᠠᠨ ᠲᠦᠮᠡᠨ︾ ᠤ ᠬᠤᠯᠪᠤᠭᠠᠯᠠᠨ ᠬᠥᠳᠡᠯᠦᠯᠴᠡᠬᠦ ᠪᠠᠶᠢᠷᠢᠰᠢᠯ ᠢ ᠪᠣᠶ ᠪᠣᠯᠭᠠᠪᠠ | ᠃ ᠰᠢᠶᠠᠨ ᠤ ᠬᠤᠳᠠ ᠶᠢᠨ ᠲᠤᠳᠠᠭᠳᠠᠯ ᠢ ᠨᠥᠬᠦᠪᠦᠷᠢᠯᠡᠬᠦ ᠲᠠᠯ᠎ᠠ ᠪᠠᠷ᠂ ᠠᠨᠾᠦ᠋ᠢ ᠶᠢᠨ ︽ᠨᠢᠭᠡ ᠰᠢᠶᠠᠨ ᠳᠤ ᠨᠢᠭᠡ | ᠪᠣᠳᠣᠯᠭ᠎ᠠ ᠭᠠᠷᠭᠠᠬᠤ︾ ᠪᠠᠷ ᠰᠢᠶᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 59 | ᠰᠢᠶᠠᠨ ᠳᠡᠭᠡᠳᠦ ᠰᠤᠷᠭᠠᠭᠤᠯᠢ ᠯᠤᠭ᠎ᠠ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠭᠦᠬᠦ ᠬᠠᠷᠢᠴᠠᠭ᠎ᠠ ᠪᠠᠶᠢᠭᠤᠯᠵᠦ᠂ | ᠰᠢᠶᠠᠨ ᠤ ᠱᠠᠲᠤᠨ ᠤ 68 ᠡᠮᠨᠡᠯᠭᠡ ᠶᠢᠨ ᠬᠤᠷᠢᠶ᠎ᠠ ᠶᠢ ᠭᠤᠷᠪᠠᠨ ᠳᠡᠰ ᠪᠤᠯᠭᠠᠨ ᠲᠡᠰ ᠳᠡᠪᠰᠢᠭᠦᠯᠵᠦ᠂ ᠰᠢᠶᠠᠨ ᠤ | ᠬᠡᠪᠴᠢᠶᠡᠨ ᠤ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ 72 ᠪᠣᠶᠢᠵᠢᠭᠤᠯᠪᠠ᠂ ᠡᠭᠦᠨ ᠳᠤ 26 ᠰᠢᠶᠠᠨ ᠤ | ᠦᠢᠯᠡᠳᠬᠦᠨ ᠤ ᠦᠷᠳᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠵᠠᠢ᠃ | ᠵᠢᠶᠠᠩᠰᠤ ᠮᠤᠵᠢ ᠶᠢᠨ ᠬᠢᠨ ᠡᠨᠡ ᠵᠢᠯ ᠪᠠᠰᠠ ᠬᠤᠲᠠ ᠪᠠᠯᠭᠠᠰᠤᠵᠢᠯᠲᠠ ᠶᠢᠨ ᠳᠠᠯᠳᠠ ᠬᠦᠴᠦᠨ ᠲᠠᠢ 10 | ᠰᠢᠶᠠᠨ ᠬᠤᠲᠠ ᠳᠤ ᠰᠢᠶᠠᠨ ᠤ ᠬᠡᠪᠴᠢᠶᠡᠨ ᠤ ᠠᠵᠤ ᠦᠢᠯᠡᠰ ᠢ ᠣᠷᠣᠭᠤᠯᠬᠤ ᠲᠤᠷᠰᠢᠯᠲᠠ ᠬᠢᠵᠦ᠂ ᠲᠤᠷᠰᠢᠯᠲᠠ | ᠬᠢᠬᠦ ᠭᠠᠵᠠᠷ ᠣᠷᠣᠨ ᠨᠢᠭᠡᠪᠦᠷᠢ ᠳᠤ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ 1—2 ᠠᠵᠤ ᠦᠢᠯᠡᠰ | ᠢ ᠪᠣᠶᠢᠵᠢᠭᠤᠯᠤᠨ ᠬᠥᠭᠵᠢᠭᠦᠯᠵᠦ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠣᠶᠢᠷ᠎ᠠ ᠬᠠᠪᠢ ᠳᠠᠭᠠᠨ | ᠬᠤᠲᠠ ᠪᠠᠯᠭᠠᠰᠤᠵᠢᠯᠲᠠ ᠶᠢ ᠠᠬᠢᠭᠤᠯᠪᠠ᠃ | ᠲᠤᠳᠠᠭᠳᠠᠯ ᠢ ᠨᠥᠬᠦᠪᠦᠷᠢᠯᠡᠵᠦ᠂ ᠬᠤᠳᠠ ᠶᠢᠨ ᠰᠢᠨᠡᠴᠢᠯᠡᠯᠳᠡ ᠵᠢᠨᠡᠭᠦᠷᠭᠡ ᠶᠢᠨ ᠬᠠᠭᠤᠳᠠᠰᠤ ᠶᠢ ᠲᠤᠳᠤᠷᠬᠠᠶᠢᠯᠠᠨ᠎ᠠ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠤᠲᠠ ᠶᠢᠨ ᠰᠢᠨᠡᠴᠢᠯᠡᠯᠲᠡ ᠪᠠ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠬᠤᠲᠠ ᠶᠢᠨ ᠳᠣᠣᠷ᠎ᠠ ᠠᠰᠢᠭᠯᠠᠮᠵᠢ ᠲᠠᠢ ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ᠂ | ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠭᠠᠳᠠᠭᠰᠢᠯᠠᠭᠤᠯᠬᠤ ᠰᠢᠰᠲ᠋ᠧᠮ ᠢ ᠲᠦᠷᠭᠡᠪᠴᠢᠯᠡᠨ | ᠪᠦᠷᠢᠨᠰᠢᠭᠦᠯᠵᠦ᠂ ᠰᠢᠲᠠᠮᠠᠬᠠᠢ ᠬᠡᠢ᠂ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠢᠯᠴᠢ ᠶᠢᠨ ᠬᠦᠴᠦᠨ᠂ | ᠭᠠᠵᠠᠷ ᠳᠣᠣᠷᠠᠬᠢ ᠬᠤᠭᠤᠯᠠᠢ ᠬᠤᠩᠭᠢᠯ ᠵᠡᠷᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠵᠢᠯᠴᠠᠨ ᠬᠠᠮᠢᠶᠠᠷᠬᠤ ᠶᠢ | ᠴᠢᠩᠭᠠᠳᠬᠠᠨ᠎ᠠ᠃ ᠲᠣᠭᠠᠴᠢᠯᠠᠭᠰᠠᠨ᠂ ᠣᠶᠤᠨᠴᠢᠯᠠᠭᠰᠠᠨ ᠰᠠᠭᠤᠷᠢ ᠪᠡᠯᠡᠳᠬᠡᠮᠵᠢ ᠶᠢ ᠬᠥᠭᠵᠢᠭᠦᠯᠵᠦ᠂ ᠬᠠᠷᠰᠢ | ᠰᠠᠭᠠᠳ ᠦᠭᠡᠢ ᠨᠠᠰᠤᠵᠢᠯ ᠳᠤ ᠲᠣᠬᠢᠷᠠᠬᠤ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠨᠡᠶᠢᠭᠡᠮ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠤᠶᠠᠨ ᠬᠠᠲᠠᠨ᠂ ᠤᠶᠤᠨᠴᠢ ᠬᠤᠲᠠ ᠶᠢ ᠪᠦᠳᠦᠭᠡᠨ ᠪᠠᠶᠢᠭᠤᠯᠤᠨ᠎ᠠ ᠭᠡᠵᠦ ᠳᠤᠷᠠᠳᠤᠨ ᠭᠠᠷᠭᠠᠵᠠᠢ᠃ | | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠳᠡᠯᠡᠬᠡᠢ ᠶᠢᠨ ᠲᠡᠦᠬᠡᠨ ᠳᠡᠭᠡᠷᠡᠬᠢ | ᠬᠡᠪᠴᠢᠶ᠎ᠡ ᠪᠠᠷ ᠬᠠᠮᠤᠭ ᠤᠨ ᠶᠡᠭᠡ᠂ ᠬᠤᠷᠳᠤᠴᠠ ᠪᠠᠷ ᠬᠠᠮᠤᠭ ᠤᠨ ᠲᠦᠷᠭᠡᠨ ᠬᠤᠲᠠ ᠪᠠᠯᠭᠠᠰᠤᠵᠢᠯᠲᠠ ᠶᠢᠨ | ᠠᠬᠢᠴᠠ ᠶᠢ ᠥᠩᠭᠡᠷᠡᠭᠦᠯᠵᠡᠢ᠃ ᠣᠳᠣᠬᠠᠨ ᠳᠤ᠂ ᠬᠤᠲᠠ ᠪᠠᠯᠭᠠᠰᠤᠵᠢᠯᠲᠠ ᠶᠠᠭ ᠪᠦᠬᠦ ᠲᠠᠯ᠎ᠠ ᠪᠠᠷ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠱᠠᠲᠤᠨ ᠳᠤ ᠰᠢᠯᠵᠢᠵᠦ ᠪᠠᠶᠢᠨ᠎ᠠ᠃ ︽ᠲᠤᠭ᠎ᠠ ᠬᠡᠮᠵᠢᠶ᠎ᠡ︾ | ᠠᠴᠠ ︽ᠶᠠᠰᠤ ᠴᠢᠨᠠᠷ︾ ᠤᠨ ᠬᠡᠯᠪᠡᠷᠢ ᠬᠤᠪᠢᠷᠠᠭᠤᠯᠬᠤ ᠶᠠᠪᠤᠴᠠ ᠳᠤ᠂ ᠬᠤᠳᠠ ᠶᠢᠨ ︽ᠬᠠᠳᠠᠭᠠᠯᠠᠮᠵᠢ ᠶᠢᠨ | ᠬᠡᠮᠵᠢᠶ᠎ᠡ︾ ᠪᠠᠷ ᠦᠨᠳᠦᠰᠦᠨ ᠦᠨ᠎ᠡ ᠪᠣᠯᠭᠠᠵᠤ᠂ ︽ᠪᠠᠭ᠎ᠠ ᠰᠢᠷᠬᠠᠨ ᠤ ᠮᠡᠰᠡ ᠵᠠᠰᠠᠯ︾ ᠢᠶᠠᠷ ᠬᠤᠳᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠬᠤᠲᠠ ᠶᠢᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠶᠡᠷᠦᠩᠬᠡᠢ ᠲᠥᠯᠥᠪᠯᠡᠭᠴᠢ | ᠵᠠᠩ ᠭᠤᠸᠠᠩ ᠬᠠᠨ ᠂ ᠬᠤᠲᠠ ᠶᠢᠨ ᠰᠢᠨᠡᠴᠢᠯᠡᠯᠲᠡ ᠪᠣᠯ ᠬᠤᠲᠠ ᠶᠢᠨ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ | ᠪᠣᠯᠬᠤ ᠪᠠᠷ ᠪᠠᠷᠠᠬᠤ ᠦᠭᠡᠢ᠂ ᠨᠠᠩ ᠴᠤ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠬᠠᠩᠭᠠᠬᠤ ᠴᠢᠬᠤᠯᠠ ᠠᠷᠭ᠎ᠠ ᠵᠠᠮ ᠮᠥᠨ᠃ ᠬᠤᠲᠠᠴᠢᠯᠠᠯᠲᠠ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ ᠮᠠᠰᠢ | ᠣᠯᠠᠨ ᠬᠤᠲᠠ ᠳᠤ ᠰᠠᠭᠤᠷᠢ ᠲᠥᠬᠦᠭᠡᠷᠦᠮᠵᠢ ᠬᠠᠭᠤᠴᠢᠷᠠᠵᠤ᠂ ᠬᠤᠲᠠ ᠶᠢᠨ ᠴᠢᠳᠠᠮᠵᠢ ᠲᠡᠭᠦᠯᠳᠡᠷ ᠪᠤᠰᠤ᠂ ᠣᠷᠣᠨ | ᠰᠠᠭᠤᠴᠠ ᠶᠢᠨ ᠣᠷᠴᠢᠨ ᠲᠣᠭᠤᠷᠢᠨ ᠤ ᠶᠠᠰᠤ ᠴᠢᠨᠠᠷ ᠥᠨᠳᠥᠷ ᠪᠤᠰᠤ ᠵᠡᠷᠭᠡ ᠠᠰᠠᠭᠤᠳᠠᠯ ᠲᠤᠯᠭᠠᠷᠠᠵᠤ᠂ | ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠨᠥᠯᠥᠭᠡᠯᠡᠭᠰᠡᠨ ᠢᠶᠠᠷ ᠪᠠᠷᠠᠬᠤ ᠦᠭᠡᠢ᠂ ᠬᠤᠲᠠ ᠶᠢᠨ | ᠦᠷᠭᠦᠯᠵᠢᠯᠡᠬᠦ ᠬᠥᠭᠵᠢᠯᠲᠡ ᠶᠢ ᠴᠦ ᠬᠢᠵᠠᠭᠠᠷᠯᠠᠵᠤ ᠪᠠᠶᠢᠨ᠎ᠠ᠃ ᠬᠤᠲᠠ ᠶᠢᠨ ᠰᠢᠨᠡᠴᠢᠯᠡᠯᠲᠡ ᠶᠢ ᠲᠦᠷᠭᠡᠳᠬᠡᠨ | ᠠᠬᠢᠭᠤᠯᠵᠤ᠂ ᠬᠤᠲᠠ ᠶᠢᠨ ᠣᠷᠣᠨ ᠪᠦᠰᠡ ᠶᠢᠨ ᠪᠦᠲᠦᠴᠡ ᠶᠢ ᠰᠢᠯᠢᠳᠡᠭᠵᠢᠭᠦᠯᠦᠨ᠂ ᠬᠤᠲᠠ ᠶᠢᠨ ᠴᠢᠳᠠᠮᠵᠢ ᠶᠢ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠨᠢ ᠨᠢᠭᠡᠨᠲᠡ ᠪᠠᠷᠢᠨ | ᠭᠦᠢᠴᠡᠳᠬᠡᠬᠦ ᠪᠠᠴᠢᠮ ᠡᠭᠦᠷᠭᠡ ᠪᠣᠯᠵᠠᠢ ᠭᠡᠵᠦ ᠦᠵᠡᠵᠦ ᠪᠠᠶᠢᠨ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠠᠷᠠᠳ ᠤᠨ ᠠᠮᠢᠳᠤᠷᠠᠯ ᠤᠨ ᠭᠤᠣᠯ ᠰᠡᠳᠦᠪᠲᠦ | ᠰᠣᠷᠪᠣᠯᠵᠢᠯᠠᠭᠴᠢᠳ ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ ᠢᠯᠡᠷᠬᠡᠶᠢᠯᠡᠬᠦ ᠳᠡᠭᠡᠨ᠂ ᠢᠷᠡᠭᠡᠳᠦᠢ ᠳᠤ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠶᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠨᠢᠭᠡ | ᠪᠦᠯᠦᠭ ᠰᠢᠨᠡᠴᠢᠯᠡᠯᠳᠡ ᠶᠢᠨ ᠲᠦᠷᠦᠯ ᠵᠦᠢᠯ ᠢ ᠬᠦᠴᠦ ᠣᠷᠣᠭᠤᠯᠤᠨ ᠬᠡᠷᠡᠭᠵᠢᠭᠦᠯᠦᠨ᠎ᠡ᠃ ᠡᠭᠦᠨ ᠳᠤ 2000 | ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ | ᠬᠡᠪᠴᠢᠶᠡᠨ ᠳᠤ ᠣᠷᠣᠭᠤᠯᠤᠨ᠎ᠠ᠂ ᠨᠢᠳᠤᠨᠤᠨ ᠬᠤᠳᠠ ᠶᠢᠨ ᠲᠤᠮᠳᠠᠬᠢ ᠲᠣᠰᠬᠤᠨ ᠤ ᠥᠭᠡᠷᠡᠴᠢᠯᠡᠯᠲᠡ ᠶᠢ ᠰᠢᠨ᠎ᠡ ᠪᠠᠷ | 100 ᠲᠦᠮᠡᠨ ᠢᠵᠢ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠥᠭᠡᠷᠡᠴᠢᠯᠡᠯᠲᠡ ᠶᠢᠨ ᠬᠡᠪᠴᠢᠶ᠎ᠡ ᠶᠢ ᠦᠷᠭᠦᠯᠵᠢᠯᠡᠨ | ᠦᠷᠭᠡᠳᠭᠡᠨ᠎ᠡ︔ ᠭᠠᠵᠠᠷ ᠳᠣᠣᠷᠠᠬᠢ ᠬᠤᠭᠤᠯᠠᠢ ᠲᠤᠤᠷ ᠢ 15 ᠲᠦᠮᠡᠨ ᠺᠢᠯᠣᠮᠧᠲᠷ ᠠᠴᠠ ᠳᠡᠭᠡᠭᠰᠢ ᠪᠦᠲᠦᠭᠡᠨ | ᠪᠠᠶᠢᠭᠤᠯᠵᠤ ᠥᠭᠡᠷᠡᠴᠢᠯᠡᠨ ᠵᠠᠰᠠᠵᠤ᠂ ᠤᠰᠤ ᠭᠠᠳᠠᠭᠰᠢᠯᠠᠭᠤᠯᠬᠤ ᠤᠰᠤᠲᠤᠯ ᠢ ᠰᠡᠷᠭᠡᠶᠢᠯᠡᠬᠦ ᠵᠡᠷᠭᠡ 1000 | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ ᠭᠡᠵᠡᠢ᠃ | ᠪᠢ ᠮᠠ ᠸᠧᠢ ᠳᠤᠮᠳᠠᠳᠤ ᠤᠯᠤᠰ ᠤᠨ ᠰᠤᠳᠤᠯᠭᠠᠨ ᠤ ᠬᠦᠷᠢᠶᠡᠯᠡᠩ ᠤᠨ ᠠᠵᠤ ᠠᠬᠤᠢ ᠶᠢᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠼᠠᠢ ᠸᠧᠢ᠂ 2025 ᠣᠨ ᠳᠤ᠂ ᠲᠥᠪ ᠤᠨ ᠡᠳ᠋ ᠤᠨ ᠵᠠᠰᠠᠭ ᠤᠨ ᠴᠢᠨᠠᠷᠲᠠᠢ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ᠂ ᠣᠷᠣᠨ ᠨᠤᠲᠤᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠪᠡᠯᠡ | ᠮᠥᠩᠭᠦ ᠶᠢ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠳᠠᠰᠢ ᠬᠡᠯᠪᠡᠶᠢᠯᠭᠡᠵᠦ᠂ ᠡᠨᠡ ᠵᠢᠯ ᠤᠨ ᠳᠣᠲᠣᠷ᠎ᠠ ᠨᠢᠭᠡ ᠪᠦᠯᠦᠭ ᠪᠣᠳᠠᠲᠤ ᠠᠵᠢᠯ ᠤᠨ ᠬᠡᠮᠵᠢᠶ᠎ᠡ ᠶᠢ | ᠪᠦᠷᠢᠯᠳᠦᠭᠦᠯᠬᠦ ᠶᠢ ᠠᠬᠢᠭᠤᠯᠤᠨ᠎ᠠ ᠭᠡᠵᠦ ᠵᠢᠱᠢᠵᠦ ᠪᠠᠶᠢᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠠᠵᠤ ᠠᠬᠤᠢ ᠶᠢᠨ ᠯᠠᠪᠯᠠᠯᠲᠠ ᠶᠢᠨ | ᠰᠣᠨᠢᠨ |