ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ | ᠶᠢᠨ ᠲᠥᠯᠥᠭᠡ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠣᠷᠴᠢᠮᠬᠠᠨ ᠳᠤ ᠦᠵᠡᠯ ᠰᠠᠨᠠᠭᠠᠨ ᠤ | ᠭᠤᠣᠯ ᠱᠤᠭᠤᠮ᠂ ᠡᠩᠨᠡᠭᠡᠨ ᠤ ᠪᠠᠶᠢᠭᠤᠯᠤᠯᠲᠠ᠂ ᠠᠵᠢᠯᠯᠠᠭ᠎ᠠ ᠶᠢ ᠥᠷᠨᠢᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ | ᠪᠣᠯᠭᠠᠨ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠢ ᠪᠦᠬᠦ | ᠲᠠᠯ᠎ᠠ ᠪᠠᠷ ᠪᠠᠶᠢᠷᠢᠯᠠᠭᠤᠯᠤᠨ ᠠᠬᠢᠭᠤᠯᠵᠠᠢ᠃ | ᠡᠨᠡ ᠵᠢᠯ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠦᠵᠡᠯ ᠰᠠᠨᠠᠭᠠᠨ ᠤ ᠭᠤᠣᠯ ᠰᠢᠵᠢᠮ ᠲᠠᠢ | ᠨᠢᠭᠲᠠ ᠤᠶᠠᠯᠳᠤᠭᠤᠯᠤᠨ᠂ ᠶᠣᠰᠣ ᠮᠣᠷᠠᠯ ᠤᠨ ᠬᠥᠮᠦᠵᠢᠯ ᠤᠨ ᠴᠢᠭᠯᠡᠯ ᠢ ᠡᠵᠡᠮᠳᠡᠵᠦ᠂ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠬᠤ | ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠶᠠᠪᠤᠳᠠᠯ ᠢ ᠶᠣᠰᠣ ᠮᠣᠷᠠᠯ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠬᠤ ᠪᠠ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ ᠶᠢᠨ ᠭᠤᠣᠯ ᠰᠢᠵᠢᠮ ᠪᠣᠯᠭᠠᠵᠤ᠂ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠢᠳᠡᠪᠬᠢᠲᠡᠢ ᠪᠠᠷ ᠪᠣᠶᠢᠵᠢᠭᠤᠯᠤᠨ | ᠦᠢᠯᠡᠳᠦᠯᠭᠡᠵᠢᠭᠦᠯᠵᠦ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ | ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠨ᠎ᠠ᠃ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠶᠣᠰᠣ ᠰᠤᠷᠲᠠᠬᠤᠨ ᠤ ᠬᠥᠮᠦᠵᠢᠯ ᠤᠨ ᠰᠠᠭᠤᠷᠢ ᠶᠢ ᠪᠠᠬᠢᠵᠢᠭᠦᠯᠵᠦ᠂ ᠠᠩᠭᠢ ᠶᠢᠨ ᠡᠷᠬᠢᠯᠡᠭᠴᠢ᠂ | ᠦᠵᠡᠯ ᠰᠠᠨᠠᠭ᠎ᠠ ᠤᠯᠤᠰ ᠲᠥᠷᠥ ᠶᠢᠨ ᠪᠠᠭᠰᠢ᠂ ᠰᠡᠳᠬᠢᠴᠡ ᠶᠢᠨ ᠪᠠᠭᠰᠢ ᠵᠡᠷᠭᠡ ᠭᠤᠷᠪᠠᠨ ᠡᠩᠨᠡᠭᠡ ᠳᠤ | ᠭᠤᠣᠯᠳᠠᠯᠭ᠎ᠠ ᠲᠠᠢ ᠬᠠᠨᠳᠤᠭᠤᠯᠤᠨ᠂ ᠪᠤᠯᠪᠠᠰᠤᠷᠠᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠭᠰᠢ | ᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠪᠤᠯᠪᠠᠰᠤᠷᠠᠯ ᠳᠤ | ᠣᠷᠣᠯᠴᠠᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠡᠷᠳᠡᠮᠲᠡᠨ᠂ ᠶᠣᠰᠣ | ᠰᠤᠷᠲᠠᠬᠤᠨ ᠤ ᠬᠥᠮᠦᠵᠢᠯ ᠤᠨ ᠠᠵᠢᠯ ᠤᠨ ᠰᠢᠯᠢᠳᠡᠭ ᠠᠵᠢᠯᠯᠠᠭᠴᠢᠳ ᠢ ᠤᠷᠢᠵᠤ ᠲᠠᠶᠢᠯᠤᠮᠵᠢ ᠬᠢᠯᠭᠡᠵᠦ᠂ | ᠲᠡᠷᠢᠭᠦᠨ ᠤ ᠶᠣᠰᠣ ᠰᠤᠷᠲᠠᠬᠤᠨ ᠤ ᠬᠥᠮᠦᠵᠢᠯ ᠤᠨ ᠣᠶᠢᠯᠠᠭᠠᠭᠳᠠᠬᠤᠨ ᠪᠠ ᠠᠷᠭ᠎ᠠ ᠶᠢ ᠬᠤᠪᠢᠶᠠᠯᠴᠠᠨ᠎ᠠ᠃ | ᠰᠤᠷᠭᠠᠭᠤᠯᠢ ᠶᠢᠨ ᠳᠣᠲᠣᠷᠠᠬᠢ ᠶᠣᠰᠣ ᠰᠤᠷᠲᠠᠬᠤᠨ ᠤ ᠬᠥᠮᠦᠵᠢᠯ ᠤᠨ ᠲᠤᠷᠰᠢᠯᠭ᠎ᠠ ᠪᠠᠨ ᠰᠣᠯᠢᠯᠴᠠᠬᠤ ᠠᠵᠢᠯᠯᠠᠭ᠎ᠠ ᠶᠢ | ᠥᠷᠨᠢᠭᠦᠯᠵᠦ᠂ ᠪᠠᠭᠰᠢ ᠨᠠᠷ ᠤᠨ ᠬᠤᠭᠤᠷᠣᠨᠳᠣᠬᠢ ᠬᠠᠷᠢᠯᠴᠠᠨ ᠰᠤᠷᠤᠯᠴᠠᠬᠤ ᠪᠠ ᠯᠠᠪᠯᠠᠯᠲᠠ ᠪᠣᠯᠭᠠᠬᠤ ᠶᠢ | ᠠᠬᠢᠭᠤᠯᠤᠨ᠂ ᠪᠥᠬᠦ ᠪᠠᠭᠰᠢ ᠨᠠᠷ ᠤᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠳᠤ ᠣᠷᠣᠯᠴᠠᠬᠤ ᠶᠢ | ᠵᠣᠷᠢᠭᠵᠢᠭᠤᠯᠵᠤ᠂ ᠬᠥᠮᠥᠨ ᠪᠦᠬᠦᠨ ᠴᠥᠮ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ ᠪᠣᠯᠬᠤ ᠰᠠᠶᠢᠨ | ᠰᠠᠶᠢᠬᠠᠨ ᠪᠠᠶᠢᠳᠠᠯ ᠢ ᠪᠣᠶ ᠪᠣᠯᠭᠠᠨ᠎ᠠ᠃ | ᠠᠵᠢᠯᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠶᠣᠰᠣ ᠰᠤᠷᠲᠠᠬᠤᠨ ᠤ ᠬᠥᠮᠦᠵᠢᠯ ᠤᠨ ᠪᠣᠳᠠᠲᠤ ᠦᠷ᠎ᠡ | ᠪᠦᠲᠦᠮᠵᠢ ᠶᠢ ᠴᠢᠩᠭᠠᠳᠬᠠᠵᠤ᠂ ᠴᠢᠬᠤᠯᠠ ᠶᠡᠭᠡ ᠪᠠᠶᠠᠷ ᠤᠨ ᠡᠳᠦᠷ᠂ ᠳᠤᠷᠠᠰᠬᠠᠯ ᠤᠨ ᠡᠳᠦᠷ ᠵᠢᠴᠢ | ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠣᠯ ᠰᠡᠳᠦᠪ ᠨᠢ ᠢᠯᠡ ᠲᠣᠳᠣ᠂ ᠬᠡᠯᠪᠡᠷᠢ ᠮᠠᠶ᠋ᠢᠭ | ᠨᠢ ᠣᠯᠠᠨ ᠶᠠᠩᠵᠤ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | ᠪᠠᠭᠠᠴᠤᠳ ᠤᠨ ᠬᠤᠰᠢᠭᠤᠴᠢ ᠠᠩᠭᠢ᠂ ᠡᠪ ᠬᠠᠮᠲᠤ ᠵᠠᠯᠠᠭᠤᠴᠤᠳ ᠤᠨ ᠡᠪᠯᠡᠯ᠂ ᠰᠤᠷᠤᠭᠴᠢᠳ ᠤᠨ ᠡᠪᠯᠡᠯ ᠪᠦᠯᠬᠦᠮ | ᠵᠡᠷᠭᠡ ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠬᠠᠮᠲᠤ ᠪᠠᠷ | ᠣᠷᠣᠯᠴᠠᠭᠰᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠶᠢ ᠢᠳᠡᠪᠬᠢᠲᠡᠢ | ᠥᠷᠨᠢᠭᠦᠯᠦᠨ᠎ᠡ᠃ ᠰᠤᠷᠤᠭᠴᠢᠳ ᠢ ᠬᠥᠮᠥᠵᠢᠭᠦᠯᠬᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠭᠴᠢᠳ ᠤᠨ | ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠢ ᠪᠤᠢ ᠪᠣᠯᠭᠠᠬᠤ ᠶᠢ ᠠᠬᠢᠭᠤᠯᠤᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |