ᠲᠣᠭᠲᠠᠬᠤ ᠰᠢᠶᠠᠨ ᠬᠠᠲᠤᠨ ᠭᠤᠣᠯ ᠤᠨ ᠭᠡᠰᠦᠯᠳᠡ ᠶᠢᠨ ᠪᠠᠶᠠᠷ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/3/17
      3 ᠳ᠋ᠤᠭᠠᠷ ᠰᠠᠷ᠎ᠠ ᠶᠢᠨ 16 ᠤ ᠡᠳᠦᠷ᠂ ᠲᠣᠭᠲᠠᠬᠤ ᠰᠢᠶᠠᠨ ᠤ ᠬᠠᠲᠤᠨ ᠭᠤᠣᠯ ᠤᠨ ᠭᠡᠰᠦᠯᠳᠡ ᠶᠢᠨ ᠪᠠᠶᠠᠷ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠾᠧ ᠺᠸᠦ ᠵᠢᠭᠤᠯᠴᠢᠯᠠᠯ ᠰᠡᠯᠡᠭᠦᠴᠡᠯ ᠤᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠱᠧᠨ ᠶᠦᠨ ᠲᠠᠯᠠᠪᠠᠶ ᠳᠤ ᠶᠠᠪᠤᠭᠳᠠᠪᠠ᠂ ᠡᠨᠡ ᠨᠢ ᠬᠡᠳᠦᠨ ᠡᠳᠦᠷ ᠤᠨ ᠬᠤᠭᠤᠴᠠᠭ᠎ᠠ ᠲᠠᠢ ᠬᠠᠲᠤᠨ ᠭᠤᠣᠯ ᠤᠨ ᠭᠡᠰᠦᠯᠳᠡ ᠶᠢᠨ ᠪᠠᠶᠠᠷ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠡᠨᠡ ᠤᠳᠠᠭ᠎ᠠ ᠶᠢᠨ ᠠᠵᠢᠯᠯᠠᠭ᠎ᠠ ᠳᠤ ᠮᠠᠰᠢ ᠤᠯᠠᠨ ᠵᠤᠭᠠᠴᠠᠭᠰᠠᠳ᠂ ᠵᠠᠭᠤᠴᠢᠯᠠᠭᠤᠷ ᠤᠨ ᠠᠵᠢᠯᠯᠠᠭᠴᠢᠳ ᠤᠨ ᠠᠩᠬᠠᠷᠤᠯ ᠢ ᠲᠠᠳᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠡᠬᠢᠯᠡᠯᠲᠡ ᠶᠢᠨ ᠪᠥᠵᠢᠭ ︽ᠶᠡᠭᠡ ᠭᠤᠣᠯ ᠤᠨ ᠮᠠᠭᠲᠠᠭᠠᠯ︾ ᠬᠠᠮᠤᠭ ᠤᠨ ᠲᠦᠷᠦᠭᠦᠨ ᠳᠤ ᠲᠠᠶᠢᠰᠠᠨ ᠳᠤ ᠭᠠᠷᠴᠤ᠂ ᠪᠥᠵᠢᠭᠴᠢᠳ ᠤᠨ ᠲᠣᠭᠯᠠᠯᠲᠠ ᠨᠢ ᠬᠠᠳᠤᠨ ᠭᠤᠣᠯ ᠤᠨ ᠰᠦᠷ ᠵᠢᠪᠬᠤᠭ᠎ᠠ ᠶᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠮ᠎ᠠ ᠵᠣᠷᠢᠭ ᠢ ᠬᠥᠭᠵᠢᠭᠡᠵᠡᠢ᠃ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠨᠢ ᠣᠷᠣᠨ ᠨᠤᠲᠤᠭ ᠤᠨ ᠠᠷᠠᠳ ᠤᠨ ᠵᠠᠩ ᠦᠶᠯᠡ ᠶᠢ ᠳᠡᠯᠭᠡᠨ ᠦᠵᠡᠭᠦᠯᠵᠡᠢ᠃ ᠵᠠᠭᠤᠴᠢᠯᠠᠭᠤᠷ ᠤᠨ ᠠᠵᠢᠯ ᠡᠷᠬᠢᠯᠡᠭᠰᠡᠳ ᠪᠣᠯᠣᠨ ᠵᠤᠭᠠᠴᠠᠭᠰᠠᠳ ᠭᠠᠷ ᠲᠠᠬᠢ ᠳᠤᠷᠠᠨᠳᠠᠭᠤᠷ ᠢᠶᠠᠨ ᠡᠷᠭᠦᠨ ᠬᠠᠲᠤᠨ ᠭᠤᠣᠯ ᠤᠨ ᠭᠤᠣᠯ ᠭᠡᠰᠦᠯᠳᠡ᠂ ᠬᠠᠯᠢᠶ᠎ᠠ ᠶᠢᠨ ᠭᠤᠶᠢᠳᠠ ᠰᠠᠶᠢᠬᠠᠨ ᠭᠱᠠᠨ ᠢ ᠲᠡᠮᠳᠡᠭᠯᠡᠵᠦ᠂ ᠬᠠᠲᠤᠨ ᠭᠤᠣᠯ ᠤᠨ ᠥᠪᠡᠷᠮᠢᠴᠡ ᠷᠢᠳᠢ ᠰᠢᠳᠢ ᠶᠢ ᠭᠠᠵᠠᠷ ᠣᠷᠣᠨ ᠤ ᠵᠠᠭᠠᠭ ᠬᠢᠵᠠᠭᠠᠷ ᠢ ᠳᠠᠪᠠᠵᠤ᠂  ᠪᠦᠬᠦ ᠤᠯᠤᠰ ᠲᠤ ᠳᠠᠮᠵᠢᠭᠤᠯᠪᠠ᠃      ︽ᠬᠠᠲᠤᠨ ᠭᠤᠣᠯ ᠤᠨ ᠭᠡᠰᠦᠯᠳᠡ ᠶᠢᠨ ᠪᠠᠶᠠᠷ ᠢ ᠡᠷᠭᠢᠯᠡᠬᠦ ᠪᠣᠯ ᠲᠣᠭᠲᠠᠬᠤ ᠰᠢᠶᠠᠨ ᠢ ᠶᠡᠭᠡ ᠪᠠᠷ ᠤᠬᠠᠭᠤᠯᠵᠤ ᠪᠠᠶᠢᠭ᠎ᠠ ᠴᠢᠬᠤᠯᠠ ᠠᠵᠠ ᠲᠣᠬᠢᠶᠠᠯ ᠮᠥᠨ᠃ ᠲᠣᠭᠲᠠᠬᠤ ᠰᠢᠶᠠᠨ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠶᠢ ᠬᠦᠷᠢᠶᠡᠯᠡᠵᠦ᠂ ᠭᠦᠨ ᠵᠤᠵᠠᠭᠠᠨ ᠰᠣᠶᠣᠯ ᠤᠨ ᠠᠭᠤᠯᠬᠤᠨ ᠢ ᠪᠣᠶᠢᠵᠢᠭᠤᠯᠵᠤ᠂ ᠳᠠᠪᠠᠭᠤᠯᠢᠭ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠦᠷᠢᠯᠳᠦᠭᠦᠯᠦᠭᠰᠡᠨ ᠪᠥᠭᠡᠳ ᠤᠯᠠᠨ ᠡᠰᠢᠲᠦ ᠵᠤᠭᠠᠴᠠᠯ ᠤᠨ ᠡᠬᠢ ᠪᠠᠶᠠᠯᠢᠭ ᠢ ᠬᠤᠷᠠᠮᠳᠤᠭᠤᠯᠵᠠᠢ᠃ ᠪᠢᠳᠡ ᠯᠠᠪᠲᠠᠢ ᠡᠲᠡᠭᠡᠷ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠭᠲᠠᠬᠤ ᠰᠢᠶᠠᠨ ᠢ ᠬᠥᠬᠡᠬᠤᠲᠠ᠂ ᠪᠤᠭᠤᠲᠤ᠂ ᠣᠷᠳᠣᠰ ᠤᠨ ᠡᠷᠬᠢᠨ ᠲᠣᠭᠤᠷᠢᠨ ᠤ ᠬᠤᠲᠠ ᠶᠢᠨ ᠠᠷᠠᠳ ᠤᠨ ᠭᠠᠷᠠᠭ ᠤᠨ ᠰᠡᠭᠦᠯᠴᠢ ᠶᠢᠨ ᠣᠶᠢᠷ᠎ᠠ ᠵᠠᠮ ᠤᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ ᠪᠣᠯᠭᠠᠨ᠎ᠠ︾ ᠭᠡᠵᠦ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠵᠣᠣ ᠶᠦᠩ ᠭᠤᠸᠠᠩ ᠬᠡᠯᠡᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1