ᠲᠣᠭᠲᠠᠬᠤ ᠰᠢᠶᠠᠨ 2025 ᠣᠨ ᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/17
      3 ᠳ᠋ᠤᠭᠠᠷ ᠰᠠᠷ᠎ᠠ ᠶᠢᠨ 14 ᠤ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠨᠡᠶᠢᠭᠡᠮ ᠤᠨ ᠠᠵᠢᠯ ᠤᠨ ᠬᠡᠯᠳᠡᠰ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠨᠢᠭᠡᠴᠡ ᠵᠢᠴᠢ ᠬᠡᠰᠡᠭ ᠠᠵᠤ ᠠᠬᠤᠶᠢᠯᠠᠯ ᠤᠨ ᠣᠷᠣᠯᠴᠠᠭᠰᠠᠨ ︽ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠣᠭᠴᠠᠯᠠᠶ᠎ᠠ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠰᠠᠷᠭᠠᠢ ᠴᠡᠴᠡᠭ ᠤᠨ ᠬᠦᠷᠢᠶᠡᠯᠡᠩ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠡᠯ᠎ᠡ ᠨᠢᠭᠡᠴᠡ ᠶᠢᠨ ᠬᠢᠨ ᠠᠰᠠᠭᠤᠨ ᠯᠠᠪᠯᠠᠬᠤ ᠲᠠᠪᠴᠠᠩ ᠭᠠᠷᠭᠠᠬᠤ ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠴᠢᠳ ᠲᠤ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠨᠠᠰᠢ ᠴᠠᠰᠢ ᠶᠠᠪᠤᠵᠤ ᠪᠠᠶᠢᠭ᠎ᠠ ᠤᠯᠠᠨ ᠲᠦᠮᠡᠨ ᠳᠤ ᠬᠡᠷᠡᠭᠯᠡᠭᠡᠨ ᠤ ᠡᠷᠬᠡ ᠶᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠠᠭᠤᠯᠭ᠎ᠠ ᠶᠢᠨ ᠲᠠᠯ᠎ᠠ ᠪᠠᠷ ᠢᠳᠡᠭᠡᠨ᠂ ᠡᠮ ᠤᠨ ᠵᠦᠢᠯ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠤᠯᠠᠨ ᠬᠦᠷᠢᠶ᠎ᠡ ᠶᠢ ᠬᠠᠮᠤᠷᠴᠤ᠂ ᠤᠯᠠᠨ ᠲᠦᠮᠡᠨ ᠤ ᠡᠳᠦᠷ ᠲᠤᠳᠤᠮ ᠤᠨ ᠬᠡᠷᠡᠭᠯᠡᠭᠡᠨ ᠤ ᠳᠤᠮᠳᠠ ᠲᠤᠯᠭᠠᠷᠠᠭᠰᠠᠨ ᠬᠦᠴᠢᠷᠳᠡᠯ ᠳᠤ ᠬᠠᠷᠢᠭᠤᠯᠲᠠ ᠥᠭᠴᠦ᠂ ᠪᠦᠬᠦ ᠰᠢᠶᠠᠨ ᠤ ᠠᠷᠠᠳ ᠲᠦᠮᠡᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠠ ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠨᠥᠬᠦᠴᠡᠯ ᠢ ᠪᠠᠶᠢᠭᠤᠯᠬᠤ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠪᠠ᠃      ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠰᠢᠦᠢ ᡁᠢ ᠫᠢᠩ᠄ ︽︿3.15﹀ ᠨᠢ ᠰᠡᠷᠡᠮᠵᠢ ᠶᠢᠨ ᠬᠤᠩᠬᠤ ᠰᠢᠭ᠋ ᠢᠶᠠᠷ ᠪᠢᠳᠡᠨ ᠤ ᠲᠤᠰ ᠪᠡᠶ᠎ᠡ ᠶᠢᠨ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠴᠢᠬᠤᠯᠠ ᠴᠢᠨᠠᠷ ᠢ ᠴᠠᠭ ᠢᠮᠠᠭᠲᠠ ᠰᠠᠨᠠᠭᠤᠯᠵᠤ ᠪᠠᠶᠢᠨ᠎ᠠ᠃ ᠬᠡᠷᠡᠭᠯᠡᠭᠴᠢᠳ ᠨᠢᠭᠡᠪᠦᠷᠢ ᠴᠥᠮ ᠵᠠᠬ᠎ᠠ ᠳᠡᠯᠭᠡᠭᠦᠷ ᠤᠨ ᠣᠷᠣᠯᠴᠠᠭᠴᠢ ᠮᠥᠨ᠂ ᠪᠢᠳᠡᠨ ᠤ ᠡᠷᠬᠡ ᠠᠰᠢᠭ ᠪᠠᠲᠤᠯᠠᠭ᠎ᠠ ᠲᠠᠢ ᠪᠠᠶᠢᠬᠤ ᠡᠰᠡᠬᠦ ᠨᠢ ᠠᠮᠢᠳᠤᠷᠠᠯ ᠤᠨ ᠴᠢᠨᠠᠷ ᠴᠢᠨᠰᠠᠭ᠎ᠠ ᠪᠠ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠲᠠᠢ ᠰᠢᠭᠤᠳ ᠬᠤᠯᠪᠣᠭᠳᠠᠵᠤ ᠪᠠᠶᠢᠳᠠᠭ᠃ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︿ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ ᠬᠠᠨᠤᠮᠵᠢᠲᠠᠢ ᠬᠡᠷᠡᠭᠯᠡᠭᠡ ᠶᠢ ᠬᠠᠮᠲᠤᠪᠠᠷ ᠪᠠᠶᠢᠭᠤᠯᠤᠶ᠎ᠠ﹀ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠣᠨ ᠢᠶᠠᠷ ᠭᠤᠣᠯ ᠰᠡᠳᠦᠪ ᠪᠣᠯᠭᠠᠵᠤ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠬᠡᠷᠡᠭᠯᠡᠭᠡ᠂ ᠴᠢᠨᠠᠷ ᠰᠠᠶᠢᠲᠠᠢ ᠡᠷᠬᠡ ᠠᠰᠢᠭ ᠢ ᠬᠠᠮᠠᠭᠠᠯᠠᠬᠤ᠂ ᠥᠨᠳᠥᠷ ᠲᠦᠪᠰᠢᠨ ᠲᠠᠢ ᠬᠠᠮᠲᠤᠪᠠᠷ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠡᠷᠡᠭᠯᠡᠭᠴᠢᠳ ᠢ ᠬᠡᠷᠡᠭᠯᠡᠭᠡᠨ ᠤ ᠠᠭᠤᠯᠭ᠎ᠠ᠂ ᠬᠡᠷᠡᠭᠯᠡᠭᠡᠨ ᠤ ᠶᠠᠪᠤᠴᠠ᠂ ᠬᠡᠷᠡᠭᠯᠡᠭᠡᠨ ᠤ ᠣᠷᠴᠢᠨ ᠲᠣᠭᠤᠷᠢᠨ ᠢ ᠨᠡᠩ ᠬᠠᠨᠤᠮᠵᠢᠲᠠᠢ ᠪᠣᠯᠭᠠᠨ᠎ᠠ︾ ᠭᠡᠵᠦ ᠬᠡᠯᠡᠪᠡ᠃      ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ  ᠲᠣᠭᠲᠠᠭᠠᠭᠰᠠᠨ ᠭᠠᠵᠠᠷ ᠲᠤ ᠬᠦᠷᠴᠦ᠂ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠡᠷᠡᠭ ᠰᠢᠢᠳᠪᠦᠷᠢᠯᠡᠬᠦ ᠶᠠᠪᠤᠴᠠ ᠳᠤ ᠬᠤᠷᠢᠶᠠᠨ ᠠᠪᠤᠭᠰᠠᠨ ᠪᠠ ᠬᠤᠷᠢᠶᠠᠮᠵᠢᠯᠠᠨ ᠠᠪᠤᠭᠰᠠᠨ ᠬᠠᠭᠤᠷᠮᠠᠭ ᠮᠠᠭᠤ ᠦᠢᠯᠡᠳᠬᠦᠨ ᠢ ᠲᠥᠪᠯᠡᠷᠡᠭᠦᠯᠦᠨ ᠤᠰᠠᠳᠬᠠᠪᠠ᠃ ᠪᠦᠬᠦ᠋ᠢᠯᠡ ᠶᠠᠪᠤᠴᠠ ᠳᠤ ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠣᠷᠴᠢᠨ ᠠᠬᠤᠢ ᠶᠢ ᠬᠤᠶᠠᠳᠠᠭᠢ ᠤᠳᠠᠭ᠎ᠠ ᠪᠣᠬᠢᠷᠲᠤᠭᠤᠯᠬᠤ ᠦᠭᠡᠢ ᠪᠠᠶᠢᠬᠤ ᠶᠢ ᠦᠨᠡᠨ ᠬᠦ ᠪᠠᠳᠤᠯᠠᠪᠠ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠣᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1