ᠬᠠᠲᠤᠨ ᠭᠤᠣᠯ ᠤᠨ ᠥᠪᠥᠷ ᠮᠣᠩᠭᠤᠯ ᠤᠨ ᠲᠣᠭᠲᠠᠬᠤ ᠰᠢᠶᠠᠨ ᠤ ᠬᠡᠰᠡᠭ ᠤᠨ ᠪᠥᠬᠦ ᠱᠤᠭᠤᠮ ᠨᠡᠪᠲᠡᠷᠡᠪᠡ
ᠨᠡᠶᠢᠲᠡᠯᠡᠭᠰᠡᠨ ᠴᠠᠭ᠄
2025/3/17
      ᠬᠠᠲᠤᠨ ᠭᠤᠣᠯ ᠲᠣᠭᠲᠠᠬᠤ ᠰᠢᠶᠠᠨ ᠢᠶᠠᠷ 37.5 ᠺᠢᠯᠣᠮᠧᠲᠷ ᠤᠷᠤᠰᠤᠨ ᠥᠩᠭᠡᠷᠡᠵᠦ᠂ 3 ᠳ᠋ᠤᠭᠠᠷ ᠰᠠᠷ᠎ᠠ ᠳᠤ ᠣᠷᠣᠭᠰᠠᠨ ᠠᠴᠠ ᠨᠠᠰᠢ᠂ ᠠᠭᠠᠷ ᠤᠨ ᠳᠤᠯᠠᠭᠠᠨ ᠲᠠᠰᠤᠷᠠᠯᠲᠠ ᠦᠭᠡᠢ ᠳᠡᠭᠡᠭᠰᠢᠯᠡᠬᠦ ᠵᠢᠴᠢ ᠣᠶᠢᠷ᠎ᠠ ᠶᠢᠨ ᠡᠳᠦᠷ ᠤᠨ ᠶᠡᠭᠡ ᠰᠠᠯᠬᠢᠨ ᠤ ᠴᠠᠭ ᠠᠭᠤᠷ ᠢ ᠳᠠᠭᠠᠯᠳᠤᠨ᠂ ᠬᠠᠲᠤᠨ ᠭᠤᠣᠯ ᠤᠨ ᠲᠣᠭᠲᠠᠬᠤ ᠰᠢᠶᠠᠨ ᠤ  ᠬᠡᠰᠡᠭ ᠲᠠᠰᠤᠷᠠᠯᠲᠠ ᠦᠭᠡᠢ ᠥᠷᠭᠡᠳᠴᠦ᠂ 3 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠬᠠᠲᠤᠨ ᠭᠤᠣᠯ ᠤᠨ ᠥᠪᠥᠷ ᠮᠣᠩᠭᠤᠯ ᠤᠨ ᠲᠣᠭᠲᠠᠬᠤ ᠰᠢᠶᠠᠨ ᠤ ᠬᠡᠰᠡᠭ ᠤᠨ 37.5 ᠺᠢᠯᠣᠮᠧᠲᠷ ᠤᠨ ᠪᠥᠬᠦ ᠱᠤᠭᠤᠮ   ᠢ ᠨᠡᠪᠲᠡᠷᠡᠭᠦᠯᠪᠡ᠃      ᠰᠤᠷᠪᠤᠯᠵᠢᠯᠠᠭᠴᠢ ᠲᠣᠭᠲᠠᠬᠤ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ 3 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ ᠲᠤ ᠠᠩᠬ᠎ᠠ ᠤᠳᠠᠭ᠎ᠠ ᠰᠥᠩ ᠬᠠᠯᠢᠶ᠎ᠠ ᠲᠠᠢ ᠪᠣᠯᠵᠠᠢ᠃ 3 ᠳ᠋ᠤᠭᠠᠷ ᠰᠠᠷ᠎ᠠ ᠶᠢᠨ 13 ᠤ ᠡᠳᠦᠷ ᠬᠥᠯᠳᠡᠭᠦᠦ ᠭᠤᠣᠯ ᠤᠨ ᠬᠡᠰᠡᠭ ᠤᠨ ᠭᠡᠰᠤᠬᠦ ᠬᠤᠷᠳᠤᠴᠠ ᠢᠯᠡᠳᠲᠡ ᠲᠦᠷᠭᠡᠳᠴᠦ᠂ ᠡᠳᠦᠷ ᠪᠦᠷᠢ ᠳᠤᠮᠳᠠᠴᠢ ᠪᠠᠷ 10 ᠺᠢᠯᠣᠮᠧᠲᠷ ᠢ ᠳᠠᠪᠠᠵᠤ᠂ ᠭᠤᠣᠯ ᠤᠨ ᠬᠡᠰᠡᠭ ᠤᠨ ᠭᠤᠣᠯ ᠢ ᠴᠡᠪᠡᠷᠯᠡᠭᠡᠳ ᠦᠷᠭᠦᠯᠵᠢᠯᠡᠨ ᠥᠷᠭᠡᠳᠴᠡᠢ᠃ 3 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 10 ᠴᠠᠭ ᠪᠣᠯᠲᠠᠯ᠎ᠠ᠂ ᠬᠠᠲᠤᠨ ᠭᠤᠣᠯ ᠤᠨ ᠲᠤᠭᠳᠠᠬᠤ ᠰᠢᠶᠠᠨ ᠤ ᠬᠡᠰᠡᠭ ᠤᠨ 37.5 ᠺᠢᠯᠣᠮᠧᠲᠷ ᠪᠦᠬᠦᠨ ᠢᠶᠠᠷ ᠢᠶᠠᠨ ᠨᠠᠪᠲᠠᠷᠡᠭᠦᠯᠵᠦ᠂ ᠭᠤᠣᠯ ᠤᠨ ᠤᠷᠤᠰᠬᠠᠯ ᠤᠨ ᠬᠡᠮᠵᠢᠶ᠎ᠡ / ᠰᠧᠺᠦ᠋ᠨ᠋ᠳ᠋ ᠲᠤ 802 ᠪᠣᠰᠤᠭ᠎ᠠ ᠳᠥᠷᠪᠡᠯᠵᠢᠨ ᠮᠧᠲᠷ ᠬᠦᠷᠴᠦ᠂ ᠵᠣᠬᠢᠴᠠᠩᠭᠤᠢ ᠤᠰᠤᠨ ᠤ ᠲᠦᠪᠰᠢᠨ 987.03 ᠮᠧᠲᠷ ᠲᠤ ᠬᠦᠷᠴᠡᠢ᠃ ᠭᠡᠰᠤᠯᠳᠠ ᠶᠢᠨ ᠡᠳᠦᠷ ᠬᠤᠭᠤᠴᠠᠭ᠎ᠠ ᠨᠢ ᠡᠩ ᠤᠨ ᠵᠢᠯ ︵1971 — 2020 ᠣᠨ ᠤ ᠳᠤᠮᠳᠠᠴᠢ ᠬᠡᠮᠵᠢᠭᠳᠡᠯ ᠨᠢ 3 ᠳ᠋ᠤᠭᠠᠷ ᠰᠠᠷ᠎ᠠ ᠶᠢᠨ 20 ᠤ ᠡᠳᠦᠷ︶ ᠤᠨ ᠬᠢ ᠠᠴᠠ 5 ᠡᠳᠦᠷ ᠤᠷᠢᠳᠴᠢᠯᠠᠵᠤ᠂ 2024 ᠣᠨ ᠤ 3 ᠳ᠋ᠤᠭᠠᠷ ᠰᠠᠷ᠎ᠠ ᠶᠢᠨ 16 ᠤ ᠡᠳᠦᠷ ᠤᠨ ᠬᠢ ᠠᠴᠠ 1 ᠡᠳᠦᠷ ᠤᠷᠢᠳᠴᠢᠯᠠᠵᠠᠢ᠃ 2024 ︱ 2025 ᠣᠨ ᠳᠤ 92 ᠡᠳᠦᠷ ᠭᠤᠣᠯ ᠢ ᠪᠢᠲᠡᠭᠦᠮᠵᠢᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1