︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ | ᠲᠣᠭᠲᠠᠪᠤᠷᠢᠵᠢᠭᠤᠯᠬᠤ︾ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ︾ ︽ᠭᠡᠷ ᠪᠠᠶᠢᠰᠢᠩ ᠭᠠᠵᠠᠷ | ᠬᠦᠷᠦᠩᠭᠡ ᠶᠢᠨ ᠬᠦᠭᠵᠢᠯᠳᠡ ᠶᠢᠨ ᠰᠢᠨ᠎ᠡ ᠵᠠᠭᠪᠤᠷ︾ — ᠪᠦᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠠᠰᠠᠭᠤᠳᠠᠯ ᠨᠢ ᠬᠤᠷᠠᠯ ᠤᠨ ᠲᠠᠯᠠᠪᠠᠶ ᠶᠢᠨ ᠳᠣᠲᠣᠷ᠎ᠠ | ᠭᠠᠳᠠᠨᠠᠬᠢ ᠴᠥᠭᠡᠨ ᠪᠤᠰᠤ ᠲᠥᠯᠥᠭᠡᠯᠡᠭᠴᠢ ᠭᠡᠰᠢᠭᠦᠳ ᠪᠣᠯᠣᠨ ᠬᠤᠯᠪᠣᠭᠳᠠᠯ ᠪᠦᠬᠦᠢ ᠬᠥᠮᠥᠰ ᠤᠨ ᠶᠠᠷᠢᠯᠴᠠᠭᠠᠨ ᠤ | ᠲᠥᠪᠯᠡᠷᠡᠯ ᠤᠨ ᠴᠡᠭ ᠪᠣᠯᠤᠭᠰᠠᠨ ᠪᠠᠶᠢᠨ᠎ᠠ᠃ | 2025 ᠣᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠬᠥᠮᠥᠰ ᠤᠨ ᠠᠩᠬᠠᠷᠤᠯ ᠢ | ᠶᠡᠬᠡᠳᠡ ᠲᠠᠳᠠᠵᠠᠢ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠳᠤ ᠠᠯᠢ ᠣᠯᠠᠨ ᠪᠠᠶᠢᠷᠢᠯᠠᠭᠤᠯᠤᠯᠲᠠ | ᠲᠣᠬᠢᠷᠠᠭᠤᠯᠤᠯᠲᠠ ᠬᠢᠵᠦ᠂ ᠢᠳᠡᠪᠬᠢᠲᠡᠢ ᠲᠥᠷᠥ ᠶᠢᠨ ᠪᠣᠳᠣᠯᠭ᠎ᠠ ᠶᠢᠨ ᠳᠣᠬᠢᠶ᠎ᠠ ᠥᠭᠭᠦᠭᠰᠡᠨ ᠪᠠᠶᠢᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠨᠢ ᠶᠠᠭ ᠰᠢᠨ᠎ᠡ ᠬᠠᠭᠤᠴᠢᠨ ᠵᠠᠭᠪᠤᠷ᠂ | ᠬᠡᠯᠪᠡᠷᠢ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠦ ᠪᠠᠶᠢᠨ᠎ᠠ᠃ ᠣᠳᠣᠬᠠᠨ ᠤ ᠭᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ︽ᠡᠪᠡᠷᠰᠢᠶᠡᠯ︾ ︽ᠲᠦᠭᠵᠢᠷᠡᠯ︾ ᠠᠰᠠᠭᠤᠳᠠᠯ ᠤᠨ ᠡᠮᠦᠨ᠎ᠡ᠂ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ | ᠲᠣᠭᠲᠠᠪᠤᠷᠢᠵᠢᠭᠤᠯᠬᠤ ᠶᠢ ᠬᠡᠷᠬᠢᠨ ᠦᠷᠭᠦᠯᠵᠢᠯᠡᠨ ᠬᠦᠴᠦᠯᠡᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠶ︖ | ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢᠨ | ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ | ᠵᠠᠬ᠎ᠠ ᠳᠡᠯᠭᠡᠭᠦᠷ ᠪᠣᠯ ᠬᠡᠷᠡᠭᠴᠡᠭᠡ ᠪᠠᠷ ᠬᠥᠳᠡᠯᠭᠡᠭᠦᠷ ᠪᠣᠯᠭᠠᠳᠠᠭ᠂ ᠬᠡᠷᠡᠭᠴᠡᠭᠡ ᠪᠣᠯ ᠵᠠᠬ᠎ᠠ ᠳᠡᠯᠭᠡᠭᠦᠷ ᠤᠨ ᠰᠠᠭᠤᠷᠢ | ᠮᠥᠨ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ | ᠲᠣᠭᠲᠠᠪᠤᠷᠢᠵᠢᠭᠤᠯᠬᠤ ᠶᠢ ᠠᠬᠢᠭᠤᠯᠬᠤ ᠳᠤ᠂ ᠣᠷᠣᠨ ᠰᠠᠭᠤᠴᠠ ᠶᠢᠨ ᠵᠠᠶᠢᠯᠠᠰᠢ ᠦᠭᠡᠢ ᠪᠠ ᠰᠠᠶᠢᠵᠢᠷᠠᠯᠲᠠ ᠶᠢᠨ | ᠴᠢᠨᠠᠷᠲᠠᠢ ᠬᠡᠷᠡᠭᠴᠡᠭᠡ ᠶᠢᠨ ᠳᠠᠯᠳᠠ ᠬᠦᠴᠦᠨ ᠢ ᠬᠡᠷᠬᠢᠨ ᠭᠦᠢᠴᠡᠳ ᠪᠠᠳᠠᠷᠠᠭᠤᠯᠬᠤ ᠪᠣᠶ︖ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠠᠷᠠᠳ ᠤᠨ ᠠᠮᠢᠳᠤᠷᠠᠯ ᠤᠨ ᠭᠤᠣᠯ ᠰᠡᠳᠦᠪᠲᠦ | ᠰᠣᠷᠪᠣᠯᠵᠢᠯᠠᠭᠴᠢᠳ ᠤᠨ ᠬᠤᠷᠠᠯ ᠳᠡᠭᠡᠷ᠎ᠡ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢᠨ ᠦᠷ᠎ᠡ | ᠪᠦᠲᠦᠮᠵᠢ ᠶᠢ ᠪᠠᠬᠢᠵᠢᠭᠦᠯᠵᠦ᠂ ᠬᠦᠦ ᠮᠥᠩᠭᠦ ᠶᠢ ᠪᠠᠭᠤᠷᠠᠭᠤᠯᠬᠤ᠂ ᠵᠢᠭᠡᠯᠡᠯᠭᠡ ᠶᠢ ᠨᠡᠮᠡᠭᠳᠡᠭᠦᠯᠬᠦ᠂ ᠭᠠᠶᠢᠯᠢ ᠶᠢ | ᠬᠥᠩᠭᠡᠯᠡᠬᠦ ᠵᠡᠷᠭᠡ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠣᠯᠠᠨ ᠠᠷᠠᠳ | ᠲᠦᠮᠡᠨ ᠳᠤ ᠠᠰᠢᠭ ᠬᠦᠷᠲᠡᠭᠡᠬᠦ ᠬᠡᠷᠡᠭᠲᠡᠢ ᠭᠡᠵᠦ ᠢᠯᠡᠷᠬᠡᠶᠢᠯᠡᠪᠡ᠃ | ︽ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ︿ᠬᠠᠮ ᠠᠷᠭ᠎ᠠ﹀︾ ᠳᠤ᠂ ᠨᠡᠩ | ᠠᠮᠢᠳᠤᠯᠢᠭ ᠣᠷᠣᠨ ᠰᠠᠭᠤᠴᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠬᠠᠩᠭᠠᠬᠤ᠂ ᠦᠯᠡᠳᠡᠭᠡᠯ ᠣᠷᠣᠨ | ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠬᠠᠭᠤᠴᠢᠨ ᠣᠷᠣᠨ | ᠰᠠᠭᠤᠴᠠ ᠪᠠᠨ ᠬᠤᠳᠠᠯᠳᠤᠵᠤ ᠰᠢᠨ᠎ᠡ ᠤᠷᠤᠨ ᠰᠠᠭᠤᠴᠠ ᠰᠣᠯᠢᠵᠤ ᠬᠤᠳᠠᠯᠳᠤᠨ ᠠᠪᠬᠤ ᠭᠠᠶᠢᠯᠢ ᠶᠢᠨ | ᠰᠦᠢᠳᠬᠡᠯ ᠤᠨ ᠳᠠᠷᠤᠭᠠᠰᠤ ᠶᠢ ᠪᠠᠭᠤᠷᠠᠭᠤᠯᠬᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ ᠶᠢ | ᠪᠠᠭᠳᠠᠭᠠᠵᠠᠢ᠂ ᠭᠡᠷ ᠪᠠᠶᠢᠰᠢᠩ ᠬᠤᠳᠠᠯᠳᠤᠨ ᠠᠪᠬᠤ ᠨᠥᠬᠦᠴᠡᠯ ᠪᠣᠯᠣᠨ ᠥᠪᠡᠷ ᠤᠨ ᠥᠷᠲᠡᠭ ᠢ | ᠳᠣᠷᠣᠭᠰᠢᠯᠠᠭᠤᠯᠵᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠠᠵᠤ ᠠᠬᠤᠢ ᠶᠢᠨ ᠳᠠᠷᠤᠭᠠᠰᠤ ᠶᠢ | ᠬᠦᠩᠭᠡᠷᠡᠭᠦᠯᠵᠦ᠂ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠤᠯᠠᠮ ᠨᠢᠭᠡ ᠠᠯᠬᠤᠮ ᠰᠤᠯᠠᠯᠠᠨ᠎ᠠ ᠭᠡᠵᠦ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠦᠷᠦ ᠶᠢᠨ | ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠰᠤᠳᠤᠯᠭᠠᠨ ᠤ ᠲᠦᠪ ᠤᠨ ᠰᠤᠳᠤᠯᠤᠭᠠᠴᠢ ᠾᠸᠦ ᠶᠦᠩ ᡁᠢ ᠬᠡᠯᠡᠵᠡᠢ | ᠃ | ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠭᠡᠷ ᠪᠠᠶᠢᠰᠢᠩ | ᠭᠠᠵᠠᠷ ᠬᠥᠷᠥᠩᠭᠡ ᠶᠢᠨ ᠦᠨᠡᠯᠡᠭᠴᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠴᠢ ᠶᠢᠨ ᠨᠡᠶᠢᠭᠡᠮᠯᠢᠭ ᠤᠨ | ᠳᠠᠷᠤᠭ᠎ᠠ ᠽᠠᠢ ᠴᠢᠶᠠᠩ᠂ ᠮᠠᠨ ᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ | ᠨᠡᠯᠢᠶᠡᠳ ᠴᠢᠩᠭ᠎ᠠ ᠣᠷᠣᠨ ᠪᠦᠰᠡ ᠶᠢᠨ ᠴᠢᠨᠠᠷᠲᠠᠢ ᠣᠨᠴᠠᠯᠢᠭ ᠲᠠᠢ᠂ ᠵᠠᠬ᠎ᠠ ᠳᠡᠯᠭᠡᠭᠦᠷ ᠤᠨ ᠢᠯᠭᠠᠷᠠᠯ ᠢᠯᠡᠷᠬᠡᠢ᠂ | ᠠᠳᠠᠯᠢ ᠪᠤᠰᠤ ᠭᠠᠵᠠᠷ ᠣᠷᠣᠨ ᠤ ᠵᠥᠷᠢᠶ᠎ᠡ ᠨᠡᠯᠢᠶᠡᠳ ᠶᠡᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ | ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠳᠡᠭᠡᠨ ᠬᠢᠵᠠᠭᠠᠷᠯᠠᠬᠤ ᠴᠢᠨᠠᠷᠲᠠᠢ | ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠬᠤ︾ ᠬᠡᠷᠡᠭᠲᠡᠢ ᠭᠡᠵᠦ ᠴᠢᠬᠤᠯᠠᠴᠢᠯᠠᠵᠠᠢ᠂ ᠡᠨᠡ ᠨᠢ ᠣᠷᠣᠨ | ᠨᠤᠲᠤᠭ ᠲᠤ ᠨᠡᠩ ᠤᠯᠠᠨ ᠲᠣᠬᠢᠷᠠᠭᠤᠯᠤᠨ ᠡᠵᠡᠮᠳᠡᠬᠦ ᠡᠵᠡᠨ ᠮᠡᠳᠡᠬᠦ ᠡᠷᠬᠡ ᠶᠢ ᠤᠯᠭᠤᠵᠠᠢ ᠭᠡᠪᠡ᠃ | ᠨᠢᠳᠤᠨᠤᠨ ᠤ ᠳᠥᠷᠪᠡᠳᠦᠭᠡᠷ ᠤᠯᠠᠷᠢᠯ ᠠᠴᠠ ᠨᠠᠰᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ | ᠪᠣᠳᠣᠯᠭ᠎ᠠ ᠶᠢᠨ ︽ᠬᠠᠮ ᠠᠷᠭ᠎ᠠ︾ ᠶᠢ ᠨᠠᠶᠢᠳᠠᠪᠤᠷᠢᠵᠢᠭᠤᠯᠤᠨ ᠬᠡᠷᠡᠭᠵᠢᠭᠦᠯᠵᠦ ᠢᠯᠡᠳᠲᠡ ᠦᠷ᠎ᠡ ᠪᠦᠲᠦᠮᠵᠢ | ᠤᠯᠵᠠᠢ᠂ ᠡᠯ᠎ᠡ ᠭᠠᠵᠠᠷ ᠤᠨ ᠬᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ | ᠪᠦᠲᠦᠮᠵᠢᠲᠡᠶ ᠪᠠᠷ ᠳᠡᠭᠡᠭᠰᠢᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠢᠳᠡᠪᠬᠢᠲᠡᠢ | ᠬᠤᠪᠢᠷᠠᠯᠲᠠ ᠭᠠᠷᠪᠠ᠃ | ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠨᠢᠳᠤᠨᠤᠨ ᠤ ᠳᠥᠷᠪᠡᠳᠦᠭᠡᠷ ᠤᠯᠠᠷᠢᠯ ᠳᠤ᠂ | ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠪᠠ | ᠪᠣᠷᠣᠯᠠᠭᠤᠯᠤᠯᠲᠠ ᠶᠢᠨ ᠬᠡᠮᠵᠢᠶ᠎ᠡ ᠨᠢ ᠨᠡᠮᠡᠭᠳᠡᠯ ᠲᠠᠢ ᠪᠤᠯᠵᠠᠢ᠃ ᠡᠨᠡ ᠵᠢᠯ ᠠᠴᠠ ᠨᠠᠰᠢ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠯᠳᠠ ᠵᠣᠭᠰᠣᠵᠤ ᠳᠠᠬᠢᠨ ᠲᠣᠭᠲᠠᠪᠤᠷᠢᠵᠢᠬᠤ ᠢᠳᠡᠪᠬᠢᠲᠡᠢ | ᠪᠠᠶᠢᠳᠠᠯ ᠢᠶᠠᠨ ᠪᠠᠲᠤᠯᠠᠪᠠ᠃ | ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ | ᠠᠵᠢᠯ ᠢ ᠬᠦᠴᠦᠯᠡᠨ ᠬᠢᠬᠦ ᠪᠣᠯ ᠪᠠᠰᠠ ᠴᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠠᠬᠢᠭᠤᠯᠬᠤ ᠴᠢᠬᠤᠯᠠ | ᠨᠢᠭᠡᠨ ᠵᠠᠩᠭᠢᠯᠠᠭ᠎ᠠ ᠮᠥᠨ᠃ | ︽ᠣᠳᠣᠬᠠᠨ ᠳᠤ ᠵᠠᠷᠢᠮ ᠭᠠᠵᠠᠷ ᠣᠷᠣᠨ ᠤ ᠬᠢᠨ ᠵᠤᠭᠤᠰᠵᠢᠭᠤᠯᠤᠨ ᠲᠥᠪᠬᠢᠨᠡᠭᠦᠯᠬᠦ ᠠᠵᠢᠯ ᠢ | ᠯᠠᠪᠳᠠᠭᠤᠨ ᠢᠶᠠᠷ ᠠᠬᠢᠭᠤᠯᠵᠤ ᠪᠠᠶᠢᠨ᠎ᠠ᠂ ᠡᠨᠡ ᠨᠢ ᠬᠤᠲᠠ ᠶᠢᠨ ᠲᠤᠮᠳᠠᠬᠢ ᠲᠣᠰᠬᠤᠨ ᠤ ᠰᠠᠭᠤᠭᠠᠯᠢ ᠠᠷᠠᠳ ᠢ | ᠨᠡᠩ ᠣᠯᠠᠨ ᠡᠵᠡᠨ ᠮᠡᠳᠡᠵᠦ ᠰᠣᠩᠭᠤᠬᠤ ᠡᠷᠬᠡ ᠲᠠᠢ ᠪᠣᠯᠭᠠᠵᠤ᠂ ᠡᠷᠲᠡ ᠣᠷᠣᠵᠤ ᠰᠠᠭᠤᠬᠤ᠂ ᠡᠷᠲᠡ ᠠᠮᠤᠭᠤᠯᠠᠩ | ᠰᠠᠭᠤᠬᠤ ᠶᠢ ᠪᠡᠶᠡᠯᠡᠭᠦᠯᠵᠦ ᠴᠢᠳᠠᠬᠤ ᠪᠠᠷ ᠪᠠᠷᠠᠬᠤ ᠦᠭᠡᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠪᠦᠲᠦᠮᠵᠢᠲᠡᠶ ᠪᠠᠷ | ᠬᠥᠭᠵᠢᠭᠡᠵᠦ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠰᠢᠩᠭᠡᠭᠡᠬᠦ ᠳᠤ ᠠᠰᠢᠭᠲᠠᠢ ᠶᠤᠮ︾ ᠭᠡᠵᠦ ᠵᠧᠵᠢᠶᠠᠩ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ ᠪᠠ ᠭᠡᠷ ᠭᠠᠵᠠᠷ | ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠰᠢᠶᠣᠣ ᠹᠧᠨ ᠬᠡᠯᠡᠵᠡᠢ᠃ | ︽ᠨᠢᠳᠤᠨᠤᠨ ᠲᠦᠷᠦ ᠶᠢᠨ ᠪᠤᠳᠤᠯᠭ᠎ᠠ ᠶᠢᠨ ︿ᠬᠠᠮ ᠠᠷᠭ᠎ᠠ﹀ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ | ᠨᠡᠨ ᠵᠢᠯ ᠱᠠᠲᠤ ᠱᠠᠲᠤ ᠪᠠᠷ ᠠᠬᠢᠭᠤᠯᠵᠤ᠂ ᠨᠡᠩ ᠢᠯᠡᠭᠦᠦ ᠬᠠᠨᠳᠤᠯᠭᠠᠲᠤ ᠴᠢᠨᠠᠷ᠂ ᠰᠢᠰᠲ᠋ᠧᠮᠲᠦ ᠴᠢᠨᠠᠷ ᠪᠠ ᠪᠣᠳᠠᠲᠤ | ᠠᠵᠢᠯᠯᠠᠭ᠎ᠠ ᠶᠢᠨ ᠴᠢᠨᠠᠷ ᠲᠠᠢ ᠪᠣᠯᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ | ᠢᠶᠠᠷ ᠦᠷᠭᠦᠯᠵᠢᠯᠡᠨ ᠬᠥᠭᠵᠢᠬᠦ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ︾᠃ ᠭᠡᠷ ᠪᠠᠶᠢᠰᠢᠩ ᠭᠠᠵᠠᠷ | ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠬᠤ ᠳᠤ | ᠦᠵᠦ ᠲᠥᠯᠥᠪᠯᠡᠭᠡ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠲᠠᠢ ᠨᠢᠭᠳᠠ ᠵᠣᠯᠭᠠᠭᠤᠯᠬᠤ ᠬᠡᠷᠡᠭᠳᠡᠢ | ᠭᠡᠵᠦ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠢᠶᠠᠩᠰᠤ | ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ | ᠸᠠᠩ ᠰᠢᠦᠸᠡᠢ ᠹᠧᠩ ᠢᠯᠡᠷᠬᠡᠶᠢᠯᠡᠪᠡ᠃ | ︽ᠪᠢᠳᠡ ᠲᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠥᠳᠡᠯᠦᠩᠭᠦᠢ ᠪᠠᠷ ᠲᠡᠭᠦᠯᠳᠡᠷᠵᠢᠭᠦᠯᠵᠦ᠂ ᠤᠯᠤᠰ | ᠪᠠ ᠣᠷᠣᠨ ᠨᠤᠲᠤᠭ ᠤᠨ ᠡᠯ᠎ᠡ ᠵᠦᠢᠯ ᠤᠨ ᠦᠯᠡᠳᠡᠭᠡᠯ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠡᠮᠡᠭᠳᠡᠯ ᠲᠥᠷᠥ ᠶᠢᠨ ᠪᠣᠳᠣᠯᠭ᠎ᠠ ᠶᠢ ᠬᠥᠳᠡᠯᠦᠩᠭᠦᠢ ᠪᠠᠷ ᠨᠥᠭᠡᠴᠡᠯᠡᠬᠦ ᠠᠵᠢᠯ ᠢ ᠰᠠᠶᠢᠲᠤᠷ | ᠬᠢᠵᠦ᠂ ᠭᠡᠷ ᠪᠠᠶᠢᠰᠢᠩ ᠤᠨ ᠪᠤᠷᠤᠯᠠᠭᠤᠯᠭ᠎ᠠ ᠶᠢ ᠲᠥᠪᠬᠢᠨᠡᠭᠦᠯᠬᠦ᠂ ᠣᠷᠣᠨ ᠰᠠᠭᠤᠴᠠ ᠶᠢ ︿ᠬᠠᠭᠤᠴᠢᠨ ᠢᠶᠠᠷ | ᠰᠢᠨ᠎ᠡ ᠶᠢ ᠰᠣᠯᠢᠬᠤ﹀ ᠠᠵᠢᠯ ᠢ ᠦᠷᠭᠦᠯᠵᠢᠯᠡᠨ ᠶᠡᠭᠡ ᠪᠠᠷ ᠲᠦᠯᠬᠢᠨ ᠠᠬᠢᠭᠤᠯᠵᠤ᠂ ᠣᠷᠣᠨ ᠰᠠᠭᠤᠴᠠ ᠶᠢᠨ | ᠵᠠᠶᠢᠯᠠᠰᠢ ᠦᠭᠡᠢ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢ ᠶᠡᠭᠡ ᠪᠠᠷ ᠳᠡᠮᠵᠢᠨ᠎ᠡ︾ ᠭᠡᠵᠦ ᠸᠠᠩ | ᠰᠢᠦᠸᠡᠢ ᠹᠧᠩ ᠬᠡᠯᠡᠪᠡ᠃ | ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠵᠤ ᠬᠠᠩᠭᠠᠯᠭ᠎ᠠ ᠶᠢᠨ ᠪᠦᠳᠦᠴᠡ ᠶᠢ | ᠰᠢᠯᠢᠳᠡᠭᠵᠢᠭᠦᠯᠦᠨ᠎ᠡ | ᠬᠡᠰᠡᠭ ᠭᠠᠵᠠᠷ ᠣᠷᠣᠨ ᠤ ᠬᠠᠳᠠᠭᠠᠯᠠᠯᠲᠠ ᠬᠦᠨᠳᠦ ᠨᠣᠴᠢᠲᠠᠢ ᠳᠠᠷᠤᠭᠳᠠᠵᠤ᠂ ᠪᠦᠲᠦᠴᠡ ᠶᠢᠨ ᠴᠢᠨᠠᠷᠲᠠᠢ | ᠬᠠᠩᠭᠠᠯᠭ᠎ᠠ ᠬᠦᠷᠦᠯᠴᠡᠬᠦ ᠦᠭᠡᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠩᠭᠠᠯᠭ᠎ᠠ ᠶᠢᠨ ᠲᠠᠯ᠎ᠠ ᠶᠢᠨ ︽ | ᠡᠪᠡᠷᠰᠢᠶᠡᠯ︾ ᠳᠤ ᠴᠢᠭᠯᠡᠭᠦᠯᠦᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠦᠯᠡᠳᠡᠭᠡᠯ ᠭᠠᠵᠠᠷ | ᠰᠢᠷᠣᠢ ᠶᠢ ᠴᠢᠯᠦᠭᠡᠲᠡᠢ ᠪᠣᠯᠭᠠᠬᠤ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠵᠡᠷᠭᠡ | ᠲᠠᠯ᠎ᠠ ᠪᠠᠷ ᠠᠯᠢ ᠣᠯᠠᠨ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃ | ︽ᠭᠠᠵᠠᠷ ᠰᠢᠷᠣᠢ ᠪᠣᠯᠣᠨ ᠭᠡᠷ ᠪᠠᠶᠢᠰᠢᠩ ᠤᠨ ᠬᠠᠳᠠᠭᠠᠯᠠᠯᠲᠠ ᠶᠢ ᠪᠠᠭᠠᠰᠬᠠᠬᠤ ᠪᠠᠷ ᠳᠠᠮᠵᠢᠭᠤᠯᠤᠨ | ᠬᠠᠩᠭᠠᠯᠭ᠎ᠠ ᠬᠡᠷᠡᠭᠴᠡᠭᠡᠨ ᠤ ᠬᠠᠷᠢᠴᠠᠭ᠎ᠠ ᠶᠢ ᠨᠠᠮᠳᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠬᠥᠲᠥᠯᠥᠨ | ᠵᠢᠯᠤᠭᠤᠳᠴᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ | ᠲᠤᠭᠳᠠᠪᠦᠷᠢᠵᠢᠭᠤᠯᠬᠤ ᠶᠢ ᠠᠬᠢᠭᠤᠯᠤᠨ᠎ᠠ᠂ ᠭᠠᠵᠠᠷ ᠬᠠᠩᠭᠠᠬᠤ ᠶᠢ ᠤᠬᠤᠷ ᠬᠤᠭᠤᠴᠠᠭ᠎ᠠ ᠪᠠᠷ ᠬᠢᠵᠠᠭᠠᠷᠯᠠᠵᠤ᠂ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠲᠣᠭᠲᠠᠭᠤᠨ ᠪᠣᠯᠭᠠᠭᠰᠠᠨ ᠤ ᠳᠠᠷᠠᠭ᠎ᠠ ᠢᠷᠡᠭᠡᠳᠦᠢ ᠶᠢᠨ | ᠬᠥᠭᠵᠢᠯᠲᠡ ᠶᠢ ᠪᠣᠳᠣᠯᠬᠢᠯᠠᠬᠤ ᠬᠡᠷᠡᠭᠲᠡᠢ ᠭᠡᠵᠦ ᠭᠤᠸᠠᠩᠳᠦ᠋ᠩ ᠮᠤᠵᠢ ᠶᠢᠨ ᠣᠷᠣᠨ ᠰᠠᠭᠤᠴᠠ ᠶᠢᠨ ᠲᠦᠷᠦ ᠶᠢᠨ | ᠪᠣᠳᠣᠯᠭ᠎ᠠ ᠶᠢᠨ ᠰᠤᠳᠤᠯᠭᠠᠨ ᠤ ᠲᠥᠪ ᠤᠨ ᠲᠡᠷᠢᠭᠦᠨ ᠰᠤᠳᠤᠯᠤᠭᠴᠢ ᠯᠢ ᠢᠦᠢ ᠵᠢᠶᠠ ᠬᠡᠯᠡᠪᠡ᠃ | ᠮᠠᠨ ᠤ ᠤᠯᠤᠰ ᠤᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠬᠠᠩᠭᠠᠯᠭ᠎ᠠ ᠶᠢᠨ | ᠬᠡᠪᠴᠢᠶ᠎ᠡ ᠶᠡᠭᠡ ᠪᠣᠯᠬᠤᠷ ᠬᠠᠳᠠᠭᠠᠯᠠᠯᠲᠠ ᠶᠢᠨ ᠬᠡᠮᠵᠢᠶ᠎ᠡ ᠶᠢ ᠰᠢᠩᠭᠡᠭᠡᠬᠦ ᠪᠣᠯ ᠲᠣᠬᠢᠷᠠᠭᠤᠯᠤᠯᠲᠠ ᠶᠢᠨ ᠴᠢᠬᠤᠯᠠ | ᠴᠢᠭᠯᠡᠯ ᠪᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠦᠯᠡᠳᠡᠭᠡᠯ ᠭᠠᠵᠠᠷ ᠪᠠ ᠬᠤᠳᠠᠯᠳᠤᠭ᠎ᠠ | ᠡᠷᠬᠢᠯᠡᠬᠦ ᠭᠡᠷ ᠪᠠᠶᠢᠰᠢᠩ ᠢ ᠠᠮᠢᠯᠠᠭᠤᠯᠤᠨ ᠬᠡᠷᠡᠭᠯᠡᠯᠳᠡ ᠳᠤ ᠤᠷᠤᠭᠤᠯᠵᠤ᠂ ᠦᠯᠡᠳᠡᠭᠡᠯ ᠲᠠᠸᠠᠷ ᠤᠨ ᠭᠡᠷ ᠪᠠᠶᠢᠰᠢᠩ ᠢ | ᠬᠤᠳᠠᠯᠳᠤᠨ ᠠᠪᠬᠤ ᠶᠢ ᠲᠦᠯᠬᠢᠨ ᠠᠬᠢᠭᠤᠯᠵᠤ᠂ ᠬᠤᠳᠠᠯᠳᠤᠨ ᠠᠪᠬᠤ ᠭᠤᠤᠯ ᠴᠣᠭᠴᠠ᠂ ᠦᠨ᠎ᠡ ᠬᠠᠩᠰᠢ ᠪᠠ | ᠬᠡᠷᠡᠭᠴᠡᠭᠡ ᠶᠢᠨ ᠲᠠᠯ᠎ᠠ ᠪᠠᠷ ᠬᠤᠲᠠ ᠶᠢᠨ ᠵᠠᠰᠠᠭ ᠤᠨ ᠣᠷᠳᠣᠨ ᠳᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ︾ | ᠭᠡᠵᠦ ᠳᠤᠷᠠᠳᠤᠨ ᠭᠠᠷᠭᠠᠵᠠᠢ᠃ | ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠶᠠᠩᠵᠢᠶᠠᠩ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠵᠠᠢ ᠮᠧᠶ ᠴᠢᠩ᠂ ᠬᠠᠳᠠᠭᠠᠯᠠᠯᠳᠠ ᠶᠢᠨ ᠬᠡᠮᠵᠢᠶ᠎ᠡ ᠶᠢ ᠠᠮᠢᠳᠤᠯᠢᠭ ᠪᠤᠯᠭᠠᠬᠤ ᠶᠢᠨ | ᠭᠤᠣᠯᠳᠠᠯᠭ᠎ᠠ ᠨᠢ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠠᠪᠤᠳᠠᠯ ᠪᠣᠯᠣᠨ᠎ᠠ᠂ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ᠂ ᠰᠤᠯᠠ | ᠪᠠᠶᠢᠭ᠎ᠠ ᠪᠤᠶᠤ ᠦᠷ᠎ᠡ ᠠᠰᠢᠭ ᠢᠶᠠᠷ ᠳᠣᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢ ᠪᠦᠲᠦᠮᠵᠢᠲᠡᠶ ᠠᠰᠢᠭᠯᠠᠵᠤ᠂ | ᠣᠯᠠᠨ ᠲᠠᠰ ᠳᠠᠪᠬᠤᠷᠭ᠎ᠠ ᠶᠢᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ ᠳᠠᠷᠤᠭᠳᠠᠮᠠᠯ ᠪᠡᠯᠡ | ᠮᠥᠩᠭᠦ ᠶᠢ ᠠᠮᠢᠯᠠᠭᠤᠯᠵᠤ᠂ ᠵᠠᠬ᠎ᠠ ᠳᠡᠯᠭᠡᠭᠦᠷ ᠤᠨ ᠬᠥᠳᠡᠯᠦᠩᠭᠦᠢ ᠴᠢᠨᠠᠷ ᠢ ᠳᠡᠭᠡᠭᠰᠢᠯᠡᠭᠦᠯᠦᠨ᠎ᠡ᠃ ︽ᠨᠠᠩ ᠶᠡᠭᠡ | ᠡᠵᠡᠨ ᠮᠡᠳᠡᠬᠦ ᠡᠷᠬᠡ︾ ᠨᠢ ᠣᠷᠣᠨ ᠨᠤᠲᠤᠭ ᠤᠨ ᠬᠢᠨ ᠨᠠᠩ ᠠᠮᠢᠳᠤᠯᠢᠭ᠂ ᠨᠠᠩ ᠶᠡᠭᠡ ᠲᠥᠷᠥ ᠶᠢᠨ | ᠪᠣᠳᠣᠯᠭ᠎ᠠ ᠶᠢᠨ ᠣᠷᠣᠨ ᠵᠠᠢ ᠶᠢ ᠠᠰᠢᠭᠯᠠᠨ᠂ ᠦᠯᠡᠳᠡᠭᠡᠯ ᠭᠡᠷ ᠪᠠᠶᠢᠰᠢᠩ ᠬᠤᠳᠠᠯᠳᠤᠨ ᠠᠪᠬᠤ ᠲᠦᠷᠦᠯ ᠵᠦᠢᠯ ᠢ | ᠨᠠᠩ ᠲᠦᠷᠭᠡᠨ ᠢᠶᠠᠷ ᠨᠠᠶᠢᠳᠠᠪᠤᠷᠢᠵᠢᠭᠤᠯᠵᠤ᠂ ᠦᠯᠡᠳᠡᠭᠡᠯ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠠᠩᠭᠠᠯᠭ᠎ᠠ | ᠦᠯᠡᠭᠦᠳᠡᠵᠦ ᠪᠠᠶᠢᠬᠤ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠨᠠᠮᠳᠠᠭᠤᠯᠵᠤ ᠪᠣᠯᠣᠨ᠎ᠠ ᠭᠡᠵᠡᠢ᠃ | ᠨᠢ ᠬᠤᠩ ᠬᠡᠯᠡᠬᠦ ᠳᠡᠭᠡᠨ᠂ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢ 4.4 ᠲᠦᠮᠡᠨ ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠪᠠ᠂ ᠡᠭᠦᠨ ᠳᠤ ᠭᠠᠵᠠᠷ ᠰᠢᠷᠣᠢ ᠶᠢ | ᠬᠤᠳᠠᠯᠳᠤᠨ ᠠᠪᠴᠤ ᠨᠥᠭᠡᠴᠡᠯᠡᠬᠦ ᠪᠠ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠳᠤ ᠬᠡᠷᠡᠭᠯᠡᠬᠦ | ᠪᠤᠯ ᠨᠢᠭᠡ ᠴᠢᠭᠯᠡᠯ ᠮᠦᠨ᠃ ᠬᠤᠳᠠᠯᠳᠤᠨ ᠠᠪᠤᠭᠰᠠᠨ ᠲᠠᠸᠠᠷ ᠤᠨ ᠭᠡᠷ ᠪᠠᠶᠢᠰᠢᠩ ᠢ ᠤᠷᠢᠳᠠᠪᠠᠷ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ᠂ ᠬᠤᠳᠠ ᠶᠢᠨ ᠲᠤᠮᠳᠠᠬᠢ ᠲᠣᠰᠬᠤᠨ ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠭᠡᠷ | ᠪᠠᠶᠢᠰᠢᠩ᠂ ᠴᠢᠳᠠᠪᠤᠷᠢᠲᠠᠨ ᠤ ᠭᠡᠷ ᠪᠠᠶᠢᠰᠢᠩ᠂ ᠵᠠᠯᠠᠭᠤᠴᠤᠳ ᠤᠨ ᠨᠡᠶᠢᠲᠡ ᠶᠢᠨ ᠪᠠᠶᠢᠷᠢ ᠪᠠ ᠠᠵᠢᠯᠲᠠᠨ | ᠠᠵᠢᠯᠴᠢᠨ ᠤ ᠪᠠᠶᠢᠷᠢ ᠵᠡᠷᠭᠡ ᠳᠤ ᠬᠡᠷᠡᠭᠯᠡᠨ᠎ᠡ᠃ | ︽ᠬᠠᠩᠭᠠᠯᠭ᠎ᠠ ᠶᠢᠨ ᠪᠦᠲᠦᠴᠡ ᠶᠢᠨ ᠲᠠᠯ᠎ᠠ ᠪᠠᠷ᠂ ᠣᠳᠣᠬᠠᠨ ᠳᠤ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠬᠠᠩᠭᠠᠯᠭ᠎ᠠ ᠬᠠᠷᠢᠴᠠᠩᠭᠤᠢ ᠪᠠᠷ ᠬᠦᠷᠦᠯᠴᠡᠬᠦ ᠦᠭᠡᠢ᠂ ᠶᠡᠭᠡ ᠬᠤᠲᠠ ᠶᠢᠨ ᠭᠡᠷ ᠪᠠᠶᠢᠰᠢᠩ ᠤᠨ | ᠦᠨ᠎ᠡ ᠥᠨᠳᠥᠷ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠳᠠᠷᠤᠭᠠᠰᠤ | ᠨᠡᠯᠢᠶᠡᠳ ᠬᠦᠨᠳᠦ ᠪᠠᠶᠢᠨ᠎ᠠ︾᠃ ᠡᠯ᠎ᠡ ᠭᠠᠵᠠᠷ ᠤᠨ ᠬᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠪᠠᠨ ᠨᠡᠮᠡᠭᠳᠡᠭᠦᠯᠵᠦ᠂ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢ | ᠴᠤᠭᠯᠠᠭᠤᠯᠤᠨ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠪᠠᠰᠠ ᠨᠢᠭᠡ ᠪᠦᠯᠦᠭ ᠰᠢᠨ᠎ᠡ | ᠬᠤᠲᠠ ᠶᠢᠨ ᠠᠷᠠᠳ᠂ ᠵᠠᠯᠠᠭᠤᠴᠤᠳ᠂ ᠬᠥᠯᠥᠰᠦᠨ ᠠᠵᠢᠯᠴᠢᠨ ᠵᠡᠷᠭᠡ ᠶᠢ ᠬᠠᠪᠰᠤᠷᠴᠤ ᠠᠮᠤᠷ ᠲᠠᠶᠢᠪᠤᠩ ᠣᠷᠣᠨ | ᠰᠠᠭᠤᠴᠠ ᠶᠢᠨ ᠬᠦᠰᠡᠯ ᠢ ᠪᠡᠶᠡᠯᠡᠭᠦᠯᠪᠡᠯ ᠵᠣᠬᠢᠨ᠎ᠠ ᠭᠡᠵᠦ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠳᠤᠮᠳᠠᠳᠤ ᠤᠯᠤᠰ ᠤᠨ ᠭᠠᠳᠠᠭᠠᠳᠤ ᠳᠠᠬᠢ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠶᠠᠨ ᠵᠢᠶᠠᠨ ᠭᠦᠸᠧ ᠬᠡᠯᠡᠵᠡᠢ᠃ | ᠬᠡᠰᠡᠭ ᠬᠤᠭᠤᠴᠠᠭᠠᠨ ᠤ ᠲᠤᠷᠰᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ | ᠲᠣᠬᠢᠷᠠᠭᠤᠯᠤᠯᠲᠠ ᠬᠢᠬᠦ ᠶᠠᠪᠤᠴᠠ ᠳᠤ᠂ ᠪᠡᠯᠡ ᠮᠥᠩᠭᠦ ᠶᠢᠨ ᠠᠰᠠᠭᠤᠳᠠᠯ᠂ ᠥᠷᠢ ᠥᠭᠴᠡᠭᠡ ᠶᠢᠨ ᠠᠰᠠᠭᠤᠳᠠᠯ ᠠᠴᠠ | ᠪᠣᠯᠵᠤ᠂ ᠪᠠᠶᠢᠭᠤᠯᠵᠤ ᠪᠠᠶᠢᠭ᠎ᠠ ᠪᠠ ᠬᠤᠳᠠᠯᠳᠤᠵᠤ ᠪᠠᠶᠢᠭ᠎ᠠ ᠬᠡᠰᠡᠭ ᠲᠠᠸᠠᠷ ᠤᠨ ᠣᠷᠣᠨ ᠰᠠᠭᠤᠴᠠ ᠶᠢᠨ ᠲᠦᠷᠦᠯ | ᠵᠦᠢᠯ ᠢ ᠲᠤᠰᠢᠶᠠᠨ ᠥᠭᠬᠦ ᠳᠤ ᠬᠦᠴᠢᠷᠲᠡᠢ ᠪᠠᠶᠢᠨ᠎ᠠ᠃ | ᠨᠢ ᠬᠤᠩ᠂ ︽ᠪᠠᠳᠤᠯᠠᠭᠠᠳᠤ ᠲᠤᠰᠢᠶᠠᠬᠤ ᠣᠷᠣᠨ ᠰᠠᠭᠤᠴᠠ ︾ ᠶᠢᠨ ᠪᠤᠭᠤᠮᠳᠠ ᠰᠢᠪᠳᠤᠯᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠨ᠎ᠠ︔ ︽ᠴᠠᠭᠠᠨ ᠨᠡᠷᠡᠰ︾ ᠤᠨ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ︽ | ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠵᠤ᠂ ᠵᠢᠭᠡᠯᠡᠭᠦᠯᠬᠦ ᠶᠣᠰᠣᠲᠠᠢ ᠳᠤ ᠨᠢ ᠴᠥᠮ ᠵᠢᠭᠡᠯᠡᠭᠦᠯᠬᠦ︾ | ᠱᠠᠭᠠᠷᠳᠠᠯᠭ᠎ᠠ ᠶᠣᠰᠣᠭᠠᠷ᠂ ᠨᠥᠬᠦᠴᠡᠯ ᠳᠤ ᠨᠡᠶᠢᠴᠡᠬᠦ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ | ᠪᠦᠬᠦᠨ ᠢ ︽ᠴᠠᠭᠠᠨ ᠨᠡᠷᠡᠰ︾ ᠤᠨ ᠵᠢᠭᠰᠠᠭᠠᠯᠳᠠ ᠳᠤ ᠣᠷᠣᠭᠤᠯᠵᠤ᠂ ᠪᠡᠯᠡ ᠲᠣᠬᠢᠷᠠᠭᠤᠯᠭ᠎ᠠ ᠶᠢᠨ ᠬᠦᠴᠦᠲᠡᠢ | ᠳᠡᠮᠵᠢᠯᠭᠡ ᠬᠠᠩᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠢᠶᠠᠨ ᠥᠭᠬᠦ ᠶᠢ ᠭᠦᠢᠴᠡᠳ | ᠪᠠᠲᠤᠯᠠᠨ᠎ᠠ ᠭᠡᠵᠦ ᠢᠯᠡᠷᠬᠡᠶᠢᠯᠡᠪᠡ᠃ | ᠣᠶᠢᠯᠠᠭᠠᠭᠰᠠᠨ ᠢᠶᠠᠷ᠂ ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ | ᠵᠣᠬᠢᠴᠠᠭᠤᠯᠬᠤ ᠲᠣᠭᠲᠠᠴᠠ ᠶᠢᠨ ᠬᠢᠨᠠᠨ ᠵᠦᠪᠰᠢᠶᠡᠷᠡᠭᠰᠡᠨ ᠵᠢᠭᠡᠯᠡᠯᠭᠡ 6 ᠲᠦᠮᠡᠨ ᠳ᠋ᠦᠩᠰᠢᠭᠤᠷ ᠲᠥᠭᠦᠷᠢᠭ ᠢ | ᠳᠠᠪᠠᠵᠤ᠂ ᠨᠢᠭᠡᠨᠲᠡ ᠲᠤᠰᠢᠶᠠᠭᠰᠠᠨ ᠪᠠ ᠶᠠᠭ ᠪᠦᠲᠦᠭᠡᠨ ᠪᠠᠶᠢᠭᠤᠯᠵᠤ ᠪᠠᠶᠢᠭ᠎ᠠ ᠣᠷᠣᠨ ᠰᠠᠭᠤᠴᠠ 1500 ᠲᠦᠮᠡᠨ | ᠢᠵᠢ ᠶᠢ ᠳᠠᠪᠠᠵᠠᠢ᠃ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠠᠷᠤᠭ᠎ᠠ | ᠯᠢ ᠶᠦᠨ ᠽᠧ ᠢᠯᠡᠷᠬᠡᠶᠢᠯᠡᠬᠦ ᠳᠡᠭᠡᠨ᠂ ᠡᠨᠡ ᠵᠢᠯ ᠬᠤᠶᠠᠷ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ᠄ ᠨᠢᠭᠡ ᠳᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠶᠢ ᠳᠡᠮᠵᠢᠵᠦ᠂ ᠪᠡᠯᠡ | ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ︽ᠴᠠᠭᠠᠨ ᠨᠡᠷᠡᠰ︾ ᠤᠨ ᠬᠡᠪᠴᠢᠶ᠎ᠡ ᠶᠢ ᠦᠷᠭᠡᠳᠭᠡᠵᠦ᠂ | ᠨᠥᠬᠦᠴᠡᠯ ᠳᠤ ᠨᠡᠶᠢᠴᠡᠬᠦ ᠨᠠᠩ ᠣᠯᠠᠨ ᠲᠥᠷᠥᠯ ᠵᠦᠢᠯ ᠳᠤ ᠵᠢᠭᠡᠯᠡᠯᠭᠡ ᠣᠯᠭᠤᠵᠤ᠂ ᠣᠷᠣᠨ ᠰᠠᠭᠤᠴᠠ ᠶᠢ | ᠪᠠᠲᠤᠯᠠᠭ᠎ᠠ ᠲᠠᠢ ᠲᠤᠰᠢᠶᠠᠬᠤ ᠠᠵᠢᠯ ᠢ ᠡᠷᠡᠰ ᠰᠠᠶᠢᠲᠤᠷ ᠬᠢᠨ᠎ᠡ︔ ᠬᠤᠶᠠᠷ ᠲᠤ᠂ ᠬᠡᠯᠪᠡᠷᠢ ᠬᠤᠪᠢᠷᠠᠭᠤᠯᠬᠤ ᠶᠢ | ᠠᠬᠢᠭᠤᠯᠬᠤ ᠳᠤ ᠬᠠᠮᠵᠢᠯᠴᠠᠨ᠂ ᠢᠵᠢ ᠪᠦᠷᠢᠳᠦᠭᠦᠯᠬᠦ ᠪᠡᠯᠡ ᠲᠣᠬᠢᠷᠠᠭᠤᠯᠬᠤ ᠳᠦᠷᠢᠮ ᠢ ᠰᠢᠮᠳᠠᠭᠤᠯᠤᠨ ᠰᠤᠳᠤᠯᠤᠨ | ᠲᠣᠭᠲᠠᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ | ᠳᠡᠮᠵᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠤᠨ᠎ᠠ | ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠬᠤ | ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢᠨ ᠦᠨᠳᠦᠰᠦᠨ ᠠᠴᠠ ᠨᠢ ᠵᠠᠰᠠᠬᠤ ᠪᠣᠳᠣᠯᠭ᠎ᠠ ᠮᠥᠨ᠃ | ︽ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠶᠢᠨ ᠦᠨᠳᠦᠰᠦᠨ ᠠᠷᠭ᠎ᠠ ᠪᠣᠯ ᠭᠡᠷ | ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠬᠡᠯᠪᠡᠷᠢ ᠶᠢ ᠲᠦᠷᠭᠡᠪᠴᠢᠯᠡᠨ ᠬᠤᠪᠢᠷᠠᠭᠤᠯᠬᠤ ᠠᠰᠠᠭᠤᠳᠠᠯ | ᠪᠤᠯᠤᠨ᠎ᠠ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠡᠭᠡᠳᠦ ᠲᠠᠰ ᠤᠨ ᠰᠤᠳᠤᠯᠤᠭᠴᠢ ᠯᠢᠦ ᠱᠠᠩ | ᠰᠢ ᠬᠡᠯᠡᠬᠦ ᠳᠡᠭᠡᠨ᠂ ᠥᠩᠭᠡᠷᠡᠭᠰᠡᠨ ᠳᠤ ᠥᠨᠳᠥᠷ ᠬᠥᠰᠢᠭᠦᠷᠭᠡ ᠲᠠᠢ᠂ ᠥᠨᠳᠥᠷ ᠡᠷᠭᠢᠯᠲᠡ ᠲᠠᠢ ᠪᠠᠶᠢᠭᠰᠠᠨ ᠭᠡᠷ | ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠵᠠᠭᠪᠤᠷ ᠨᠢ ᠨᠢᠭᠡᠨᠲᠡ ᠣᠳᠣᠬᠠᠨ ᠤ ᠪᠠᠶᠢᠳᠠᠯ ᠲᠠᠢ ᠵᠣᠬᠢᠴᠠᠬᠤ | ᠦᠭᠡᠢ ᠪᠣᠯᠵᠠᠢ᠂ ᠲᠣᠬᠢᠷᠠᠭᠤᠯᠤᠯᠲᠠ ᠬᠢᠵᠦ ᠬᠡᠯᠪᠡᠷᠢ ᠪᠠᠨ ᠬᠤᠪᠢᠷᠠᠭᠤᠯᠤᠨ᠂ ᠵᠠᠬ᠎ᠠ ᠳᠡᠯᠭᠡᠭᠦᠷ ᠪᠣᠯᠣᠨ ᠵᠠᠰᠠᠭ ᠤᠨ | ᠣᠷᠳᠣᠨ ᠤ ᠦᠢᠯᠡᠳᠦᠯ ᠢ ᠣᠷᠭᠠᠨᠢᠭ ᠢᠶᠠᠷ ᠤᠶᠠᠯᠳᠤᠭᠤᠯᠵᠤ᠂ ᠣᠷᠣᠨ ᠰᠠᠭᠤᠴᠠ ᠶᠢᠨ ᠬᠠᠩᠭᠠᠯᠭ᠎ᠠ ᠶᠢᠨ | ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃ | ︽ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠤᠷᠲᠤ ᠣᠬᠤᠷ ᠢ ᠤᠶᠠᠯᠳᠤᠭᠤᠯᠵᠤ᠂ | ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠡᠷᠡᠰ | ᠢᠶᠠᠷ ᠲᠣᠭᠲᠠᠭᠤᠨ ᠪᠠᠶᠢᠯᠭᠠᠨ᠎ᠠ︾᠃ ᠲᠠᠸᠠᠷ ᠤᠨ ᠭᠡᠷ ᠪᠠᠶᠢᠰᠢᠩ ᠢ ᠨᠡᠭᠡᠭᠡᠨ ᠬᠥᠭᠵᠢᠭᠦᠯᠬᠦ᠂ ᠪᠡᠯᠡ ᠲᠣᠬᠢᠷᠠᠭᠤᠯᠬᠤ᠂ | ᠪᠣᠷᠣᠯᠠᠭᠤᠯᠬᠤ ᠵᠡᠷᠭᠡ ᠰᠠᠭᠤᠷᠢ ᠴᠢᠨᠠᠷᠲᠠᠢ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠤᠨ᠎ᠠ ᠭᠡᠵᠦ ᠨᠢ ᠬᠤᠩ | ᠢᠯᠡᠷᠬᠡᠶᠢᠯᠡᠪᠡ᠃ | ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠤᠨ ︽ᠳᠥᠷᠪᠡᠨ ᠨᠢᠷᠤᠭᠤ | ᠨᠠᠢᠮᠠᠨ ᠲᠤᠯᠭᠠᠭᠤᠷᠢ︾ ᠶᠢ ᠪᠠᠶᠢᠭᠤᠯᠬᠤ ᠳᠤ ᠬᠦᠴᠦᠨ ᠵᠦᠢᠯ ᠤᠨ ᠬᠤᠯᠪᠤᠭᠠᠯᠠᠨ ᠬᠥᠳᠡᠯᠦᠯᠴᠡᠬᠦ ᠰᠢᠨ᠎ᠡ | ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠬᠤ ᠨᠢ ᠬᠠᠮᠤᠭ ᠴᠢᠬᠤᠯᠠ᠂ ᠣᠷᠣᠨ ᠰᠠᠭᠤᠴᠠ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠬᠡᠷᠡᠭᠵᠢᠭᠦᠯᠬᠦ ᠪᠠᠷ ᠭᠠᠷᠳᠠᠴᠠ | ᠪᠣᠯᠭᠠᠨ᠂ ᠬᠥᠮᠥᠨ ᠢᠶᠠᠷ ᠭᠡᠷ ᠪᠠᠶᠢᠰᠢᠩ ᠲᠣᠭᠲᠠᠭᠠᠵᠤ᠂ ᠭᠡᠷ ᠪᠠᠶᠢᠰᠢᠩ ᠢᠶᠠᠷ ᠭᠠᠵᠠᠷ ᠲᠣᠭᠲᠠᠭᠠᠵᠤ᠂ ᠭᠡᠷ | ᠪᠠᠶᠢᠰᠢᠩ ᠢᠶᠠᠷ ᠵᠣᠭᠤᠰ ᠲᠣᠭᠲᠠᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠩᠭᠠᠯᠭ᠎ᠠ ᠬᠡᠷᠡᠭᠴᠡᠭᠡ ᠶᠢᠨ | ᠲᠡᠩᠴᠡᠭᠦᠷᠢᠲᠡᠢ ᠪᠠᠶᠢᠬᠤ᠂ ᠵᠠᠬ᠎ᠠ ᠳᠡᠯᠭᠡᠭᠦᠷ ᠤᠨ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠲᠡᠢ᠃ | ︽ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠨᠢ ᠦᠨᠳᠦᠰᠦ᠂ ᠵᠢᠱᠢᠶᠡᠯᠡᠪᠡᠯ ᠬᠡᠳᠦᠢ ᠭᠡᠷ ᠪᠠᠶᠢᠰᠢᠩ | ᠲᠠᠢ᠂ ᠬᠡᠳᠦᠢ ᠬᠥᠮᠥᠨ ᠠᠮᠠ ᠲᠠᠢ᠂ ᠬᠡᠳᠦᠢ ᠬᠡᠷᠡᠭᠴᠡᠭᠡ ᠲᠠᠢ᠂ ᠶᠠᠮᠠᠷ ᠬᠡᠯᠪᠡᠷᠢ ᠶᠢᠨ ᠬᠡᠷᠡᠭᠴᠡᠭᠡ ᠲᠠᠢ᠂ ᠬᠡᠷᠡᠭᠴᠡᠭᠡ | ᠨᠢ ᠬᠠᠮᠢᠭ᠎ᠠ ᠪᠠᠶᠢᠬᠤ ᠶᠢ ᠮᠡᠳᠡᠵᠦ ᠠᠪᠤᠭᠰᠠᠨ ᠤ ᠳᠠᠷᠠᠭ᠎ᠠ ᠣᠷᠣᠨ ᠰᠠᠭᠤᠴᠠ ᠪᠣᠯᠣᠨ ᠭᠠᠵᠠᠷ ᠰᠢᠷᠣᠢ ᠶᠢᠨ | ᠬᠠᠩᠭᠠᠯᠭ᠎ᠠ ᠶᠢ ᠲᠣᠭᠲᠠᠭᠠᠨ᠎ᠠ᠂ ᠲᠠᠸᠠᠷ ᠤᠨ ᠭᠡᠷ ᠪᠠᠶᠢᠰᠢᠩ ᠪᠣᠯᠣᠨ ᠪᠠᠲᠤᠯᠠᠭ᠎ᠠ ᠶᠢᠨ ᠣᠷᠣᠨ ᠰᠠᠭᠤᠴᠠ ᠶᠢ ᠴᠥᠮ | ᠬᠡᠷᠡᠭᠴᠡᠭᠡ ᠪᠠᠷ ᠨᠢ ᠬᠠᠩᠭᠠᠯᠭ᠎ᠠ ᠶᠢ ᠲᠣᠭᠲᠠᠭᠠᠨ᠎ᠠ᠂ ᠢᠩᠭᠢᠪᠡᠯ ᠰᠠᠶ᠋ᠢ ᠭᠡᠷ ᠪᠠᠶᠢᠰᠢᠩ ᠭᠠᠵᠠᠷ ᠬᠥᠷᠥᠩᠭᠡ ᠶᠢᠨ | ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢᠲᠡᠢ ᠪᠠᠶᠢᠯᠭᠠᠬᠤ᠂ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠵᠤ ᠴᠢᠳᠠᠨ᠎ᠠ︾ | ᠭᠡᠵᠦ ᠯᠢ ᠢᠦᠢ ᠵᠢᠶᠠ ᠬᠡᠯᠡᠪᠡ᠃ | ᠪᠡᠭᠡᠵᠢᠩ ᠶᠡᠭᠡ ᠰᠤᠷᠭᠠᠭᠤᠯᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠤᠯᠢ ᠶᠢᠨ ᠰᠤᠳᠤᠯᠭᠠᠨ ᠤ | ᠲᠥᠪ ᠤᠨ ᠡᠷᠬᠢᠯᠡᠭᠴᠢ ᠯᠧᠦ ᠵᠢᠶᠠᠨ ᠪᠥᠸᠧ ᠬᠡᠯᠡᠬᠦ ᠳᠡᠭᠡᠨ᠄ ︽ᠢᠷᠡᠭᠡᠳᠦᠢ ᠳᠤ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠷᠢᠳᠴᠢᠯᠠᠨ ᠬᠤᠳᠠᠯᠳᠤᠬᠤ ᠪᠠ ᠪᠡᠯᠡᠨ ᠭᠡᠷ ᠪᠠᠶᠢᠰᠢᠩ ᠬᠤᠳᠠᠯᠳᠤᠬᠤ ᠵᠡᠷᠭᠡᠪᠡᠷ | ᠣᠷᠣᠰᠢᠬᠤ ᠴᠠᠭ ᠦᠶ᠎ᠡ ᠳᠤ ᠣᠷᠣᠬᠤ ᠪᠣᠯᠣᠨ᠎ᠠ᠂ ᠰᠢᠨ᠎ᠡ ᠪᠠᠶᠢᠳᠠᠯ ᠳᠤ ᠵᠣᠬᠢᠴᠠᠭᠤᠯᠤᠨ᠂ ᠲᠠᠸᠠᠷ ᠤᠨ ᠣᠷᠣᠨ | ᠰᠠᠭᠤᠴᠠ ᠶᠢᠨ ᠪᠣᠷᠤᠯᠠᠭᠤᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠪᠡᠯᠡᠨ | ᠭᠡᠷ ᠪᠠᠶᠢᠰᠢᠩ ᠤᠨ ᠪᠣᠷᠤᠯᠠᠭᠤᠯᠭ᠎ᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠤᠷᠢᠳᠴᠢᠯᠠᠨ | ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠡᠨᠡ ᠨᠢ ᠵᠠᠬ᠎ᠠ | ᠳᠡᠯᠭᠡᠭᠦᠷ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠭᠡᠷ ᠪᠠᠶᠢᠰᠢᠩ ᠬᠤᠳᠠᠯᠳᠤᠨ ᠠᠪᠤᠭᠴᠢᠳ ᠤᠨ | ᠢᠲᠡᠭᠡᠯ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ | ᠪᠣᠯᠣᠨ᠎ᠠ︾ ᠭᠡᠵᠡᠢ᠃ | ︽ᠰᠠᠶᠢᠨ ᠭᠡᠷ ᠪᠠᠶᠢᠰᠢᠩ︾ ᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠵᠦ | ᠣᠷᠣᠭᠤᠯᠤᠭᠰᠠᠨ ᠶᠠᠪᠤᠳᠠᠯ ᠨᠢ ᠡᠯ᠎ᠡ ᠲᠠᠯ᠎ᠠ ᠶᠢᠨ ᠬᠢᠨ ᠤ ᠬᠠᠯᠠᠭᠤᠨ ᠶᠠᠷᠢᠯᠴᠠᠭ᠎ᠠ ᠪᠣᠯᠪᠠ᠃ ᠢᠯᠡᠳᠬᠡᠯ ᠳᠤ᠂ | ᠠᠷᠠᠳ ᠤᠯᠠᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ | ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ | ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠳᠤᠷᠠᠳᠴᠠᠢ᠃ | ︽︿ᠰᠠᠶᠢᠨ ᠭᠡᠷ ᠪᠠᠶᠢᠰᠢᠩ﹀ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ | ᠵᠠᠭᠪᠤᠷ ᠢ ᠪᠤᠶ ᠪᠣᠯᠭᠠᠬᠤ ᠶᠢᠨ ᠴᠢᠬᠤᠯᠠ ᠭᠠᠷᠳᠠᠴᠠ ᠮᠥᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠴᠢᠨᠠᠷ ᠴᠢᠨᠰᠠᠭ᠎ᠠ ᠪᠣᠯᠣᠨ ᠵᠣᠯ ᠵᠢᠷᠭᠠᠯᠲᠤ ᠰᠡᠳᠬᠢᠭᠳᠡᠯ ᠢ ᠳᠡᠭᠡᠭᠰᠢᠯᠡᠭᠦᠯᠬᠦ ᠪᠣᠯ ᠭᠡᠷ ᠪᠠᠶᠢᠰᠢᠩ ᠭᠠᠵᠠᠷ ᠬᠥᠷᠥᠩᠭᠡ | ᠶᠢᠨ ᠬᠥᠭᠵᠢᠯᠲᠡ ᠶᠢᠨ ᠢᠯᠡ ᠲᠣᠳᠣᠷᠬᠠᠢ ᠤᠳᠤᠷᠢᠳᠤᠮᠵᠢ ᠮᠥᠨ︾᠃ ᠬᠤᠶᠢᠰᠢᠳᠠ ᠰᠢᠨ᠎ᠡ ᠭᠡᠷ ᠪᠠᠶᠢᠰᠢᠩ ᠢ ︽ | ᠰᠠᠶᠢᠨ ᠭᠡᠷ ᠪᠠᠶᠢᠰᠢᠩ︾ ᠤᠨ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠪᠠᠷ ᠪᠠᠷᠠᠬᠤ ᠦᠭᠡᠢ ᠬᠤᠲᠠ ᠶᠢᠨ | ᠰᠢᠨᠡᠴᠢᠯᠡᠯᠲᠡ ᠲᠠᠢ ᠤᠶᠠᠯᠳᠤᠭᠤᠯᠤᠨ ᠬᠠᠭᠤᠴᠢᠨ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ | ᠥᠭᠡᠷᠡᠴᠢᠯᠡᠵᠦ᠂ ᠰᠠᠭᠤᠭᠠᠯᠢ ᠠᠷᠠᠳ ᠲᠤ ᠥᠨᠳᠥᠷ ᠶᠠᠰᠤ ᠴᠢᠨᠠᠷ ᠲᠠᠢ ᠠᠮᠢᠳᠤᠷᠠᠯ ᠤᠨ ᠣᠷᠣᠨ ᠵᠠᠢ ᠶᠢ ᠲᠠᠰᠤᠷᠠᠯᠲᠠ | ᠦᠭᠡᠢ ᠡᠭᠦᠳᠴᠦ ᠥᠭᠬᠦ ᠬᠡᠷᠡᠭᠲᠡᠢ ᠭᠡᠵᠦ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠠᠢ | ᠾᠧ ᠭᠧᠨ ᠬᠡᠯᠡᠵᠡᠢ᠃ | ᠨᠢ ᠬᠤᠩ᠂ ︽︿ᠰᠠᠶᠢᠨ ᠭᠡᠷ ᠪᠠᠶᠢᠰᠢᠩ﹀ ᠶᠢ ᠪᠠᠶᠢᠭᠤᠯᠬᠤ ᠨᠢ ᠠᠷᠠᠳ ᠤᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠢ ᠰᠢᠭᠤᠳ ᠬᠤᠯᠪᠣᠭᠳᠠᠨ᠎ᠠ︾᠃ ᠣᠳᠣᠬᠠᠨ ᠳᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ ᠪᠠᠷᠢᠮᠵᠢᠶ᠎ᠠ ᠲᠣᠭᠲᠠᠭᠠᠬᠤ᠂ | ᠰᠢᠨᠵᠢᠯᠡᠬᠦ ᠤᠬᠠᠭᠠᠨ ᠮᠡᠷᠭᠡᠵᠢᠯ ᠢ ᠴᠢᠩᠭᠠᠳᠬᠠᠬᠤ᠂ ᠲᠦᠷᠦᠯ ᠵᠦᠢᠯ ᠢ ᠠᠳᠬᠤᠬᠤ ᠵᠡᠷᠭᠡ ᠭᠤᠷᠪᠠᠨ ᠲᠠᠯ᠎ᠠ ᠪᠠᠷ ︽ | ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ ᠪᠠᠶᠢᠨ᠎ᠠ᠃ ᠤᠯᠠᠨ | ᠲᠦᠮᠡᠨ ᠤ ᠤᠯᠠᠨ ᠶᠠᠩᠵᠤ ᠶᠢᠨ ᠣᠷᠣᠨ ᠰᠠᠭᠤᠴᠠ ᠶᠢᠨ ᠬᠡᠷᠡᠭᠴᠡᠭᠡ ᠳᠤ ᠴᠢᠭᠯᠡᠭᠦᠯᠦᠨ᠂ ᠠᠳᠠᠯᠢ ᠪᠤᠰᠤ ᠣᠷᠣᠨ | ᠰᠠᠭᠤᠴᠠ ᠶᠢᠨ ᠬᠡᠯᠪᠡᠷᠢ᠂ ᠠᠳᠠᠯᠢ ᠪᠤᠰᠤ ᠲᠠᠯᠠᠪᠠᠢ ᠲᠠᠢ ︽ᠰᠠᠶᠢᠨ ᠭᠡᠷ ᠪᠠᠶᠢᠰᠢᠩ︾ ᠢ ᠨᠠᠷᠢᠨ ᠨᠢᠮᠪᠠᠢ᠂ | ᠪᠦᠲᠦᠭᠡᠯᠴᠢ ᠰᠡᠳᠬᠢᠮᠵᠢ ᠲᠠᠢ ᠪᠠᠷ ᠵᠢᠷᠤᠵᠤ ᠲᠥᠯᠥᠪᠯᠡᠨ᠂ ᠭᠡᠷ ᠪᠠᠶᠢᠰᠢᠩ ᠤᠨ ᠲᠡᠭᠰᠢ ᠳᠥᠷᠪᠡᠯᠵᠢᠨ ᠮᠧᠲᠷ | ᠪᠦᠷᠢ ᠶᠢᠨ ᠦᠢᠯᠡᠳᠦᠯ ᠴᠢᠳᠠᠪᠦᠷᠢ ᠶᠢ ᠭᠦᠢᠴᠡᠳ ᠪᠠᠳᠠᠷᠠᠭᠤᠯᠵᠤ᠂ ᠦᠨ᠎ᠡ ᠦᠷᠳᠡᠭ ᠲᠠᠢ ᠪᠣᠯᠭᠠᠬᠤ ᠬᠡᠷᠡᠭᠲᠡᠢ ᠭᠡᠵᠡᠢ | ᠃ | ︽︿ᠰᠠᠶᠢᠨ ᠭᠡᠷ ᠪᠠᠶᠢᠰᠢᠩ﹀ ᠢ ᠪᠦᠲᠦᠭᠡᠨ ᠪᠠᠶᠢᠭᠤᠯᠬᠤ ᠪᠣᠯ ᠠᠵᠤ ᠦᠢᠯᠡᠰ ᠤᠨ ᠬᠡᠯᠪᠡᠷᠢ | ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠮᠥᠨ︾᠃ ᠠᠵᠤ ᠠᠬᠤᠶᠢᠯᠠᠯ ᠤᠳ ︽ᠰᠠᠶᠢᠨ ᠭᠡᠷ ᠪᠠᠶᠢᠰᠢᠩ︾ | ᠪᠠᠶᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠦᠢᠯᠡᠳᠬᠦᠨ ᠤ ᠪᠠᠷᠢᠮᠵᠢᠶ᠎ᠠ᠂ ᠰᠤᠳᠤᠯᠤᠨ | ᠨᠡᠭᠡᠭᠡᠬᠦ᠂ ᠪᠥᠬᠦ ᠦᠶᠡᠯᠡᠯ ᠤᠨ ᠬᠤᠭᠤᠴᠠᠭ᠎ᠠ ᠠᠴᠠ ᠡᠭᠦᠰᠴᠦ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ᠂ | ᠰᠢᠨ᠎ᠡ ᠤᠷᠠᠯᠠᠯ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠣᠶᠤᠨᠴᠢ ᠪᠦᠲᠦᠭᠡᠨ | ᠪᠠᠶᠢᠭᠤᠯᠤᠯᠲᠠ ᠶᠢᠨ ᠮᠡᠷᠭᠡᠵᠢᠯ ᠢ ᠲᠠᠰᠤᠷᠠᠯᠲᠠ ᠦᠭᠡᠢ ᠬᠡᠷᠡᠭᠯᠡᠬᠦ ᠪᠠᠷ ᠳᠠᠮᠵᠢᠭᠤᠯᠤᠨ᠂ ᠴᠢᠳᠠᠮᠵᠢ᠂ ᠶᠠᠰᠤ ᠴᠢᠨᠠᠷ ᠪᠠ | ᠣᠶᠢᠯᠠᠭᠠᠯᠲᠠ ᠨᠠᠩ ᠰᠢᠯᠢᠳᠡᠭ ︽ᠰᠠᠶᠢᠨ ᠭᠡᠷ ᠪᠠᠶᠢᠰᠢᠩ︾ ᠢ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ | ᠭᠡᠵᠦ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠶᠢᠨ ᠬᠡᠷᠡᠭ ᠮᠡᠳᠡᠭᠴᠢᠳ ᠤᠨ ᠳᠠᠷᠤᠭ᠎ᠠ | ᠴᠧᠨ ᠸᠧᠢ ᠭᠦᠸᠧ ᠦᠵᠡᠵᠦ ᠪᠠᠶᠢᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |