ᠲᠣᠭᠲᠠᠬᠤ ᠰᠢᠶᠠᠨ ᠰᠢᠨ᠎ᠡ ᠴᠡᠷᠢᠭ ᠢ ᠦᠳᠡᠨ ᠮᠣᠷᠳᠠᠭᠤᠯᠬᠤ ᠵᠢᠴᠢ ᠭᠠᠪᠢᠶ᠎ᠠ ᠪᠠᠶᠢᠭᠤᠯᠤᠭᠰᠠᠨ ᠴᠡᠷᠢᠭ ᠢ ᠬᠥᠬᠢᠭᠦᠯᠦᠨ ᠰᠠᠶᠢᠰᠢᠶᠠᠬᠤ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2025/3/18
      ᠤᠶᠢᠷ᠎ᠠ ᠳᠤ᠂ ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ ᠬᠠᠮᠲᠤᠷᠠᠨ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠵᠢᠴᠢ ᠵᠢᠩᠬᠢᠨᠢ ᠠᠯᠪᠠᠨ ᠤ ᠴᠡᠷᠢᠭ ᠤᠨ ᠭᠠᠪᠢᠶ᠎ᠠ ᠪᠠᠶᠢᠭᠤᠯᠤᠭᠰᠠᠨ ᠱᠠᠩᠨᠠᠯ ᠬᠦᠷᠲᠡᠬᠦ ᠶᠣᠰᠣᠯᠠᠯ ᠢ ᠡᠷᠬᠢᠯᠡᠨ ᠶᠠᠪᠤᠭᠳᠠᠭᠤᠯᠪᠠ᠃ ᠰᠢᠶᠠᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ᠂ ᠬᠠᠪᠤᠷ ᠤᠨ ᠤᠯᠠᠷᠢᠯ ᠤᠨ  28 ᠰᠢᠨ᠎ᠡ ᠴᠡᠷᠢᠭ ᠵᠢᠴᠢ ᠭᠡᠷ ᠪᠦᠯᠢ ᠶᠢᠨ ᠬᠢᠨ᠂ 6 ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠵᠢᠴᠢ ᠭᠤᠷᠪᠠᠳᠤᠭᠠᠷ ᠳᠡᠰ ᠤᠨ ᠬᠥᠬᠢᠭᠦᠯᠦᠯ ᠬᠦᠷᠲᠡᠭᠰᠡᠨ ᠴᠡᠷᠢᠭ ᠤᠨ ᠭᠡᠷ ᠪᠦᠯᠢ ᠶᠢᠨ ᠲᠥᠯᠥᠭᠡᠯᠡᠭᠴᠢ ᠬᠠᠮᠲᠤᠪᠠᠷ ᠬᠠᠯᠠᠭᠤᠨ ᠴᠢᠰᠤᠲᠤ ᠵᠠᠯᠠᠭᠤᠴᠤᠳ ᠤᠨ ᠴᠡᠷᠢᠭ ᠤᠨ ᠠᠶᠠᠨ ᠳᠤ ᠮᠣᠷᠳᠠᠬᠤ ᠶᠢ ᠭᠡᠷᠡᠴᠢᠯᠡᠵᠦ᠂ ᠴᠡᠷᠢᠭ ᠬᠥᠮᠦᠨ ᠤ ᠭᠡᠷ ᠪᠦᠯᠢ ᠶᠢᠨ ᠢᠷᠠᠭᠤ ᠠᠯᠳᠠᠷ ᠢ ᠬᠤᠪᠢᠶᠠᠯᠴᠠᠪᠠ᠃      ᠶᠣᠰᠣᠯᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ ᠰᠢᠨ᠎ᠡ ᠴᠡᠷᠢᠭ ᠤᠨ ᠨᠡᠷᠡᠰ ᠢ ᠤᠩᠰᠢᠨ ᠨᠡᠶᠢᠲᠡᠯᠡᠬᠦ᠂ ︽ᠢᠷᠠᠭᠤ ᠠᠯᠳᠠᠷᠲᠤ ᠭᠡᠷ ᠪᠦᠯᠢ︾ ᠭᠡᠬᠦ ᠫᠠᠶᠢᠰᠠ ᠢᠯᠡᠷᠬᠡᠶᠢᠯᠡᠯ ᠢ ᠣᠯᠭᠤᠬᠤ᠂ ᠭᠠᠪᠢᠶ᠎ᠠ ᠪᠠᠶᠢᠭᠤᠯᠤᠭᠰᠠᠨ ᠭᠡᠷ ᠪᠦᠯᠢ ᠳᠤ ᠪᠠᠶᠠᠷ ᠤᠨ ᠮᠡᠳᠡᠭᠡ ᠬᠦᠷᠭᠡᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ︽ᠨᠢᠭᠡ ᠬᠥᠮᠦᠨ ᠴᠡᠷᠢᠭ ᠲᠤ ᠣᠷᠣᠬᠤ᠂ ᠪᠦᠬᠦ ᠭᠡᠷ ᠪᠦᠯᠢ ᠪᠠᠷ ᠢᠶᠠᠨ ᠢᠷᠠᠭᠤ ᠠᠯᠳᠠᠷᠲᠠᠢ︾ ᠭᠡᠬᠦ ᠭᠦᠨ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠪᠦᠬᠦ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠢᠯᠡᠷᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨ᠎ᠡ ᠴᠡᠷᠢᠭ ᠤᠨ ᠭᠡᠷ ᠪᠦᠯᠢ ᠶᠢᠨ ᠬᠢᠨ ᠢᠷᠠᠭᠤ ᠠᠯᠳᠠᠷ ᠰᠡᠶᠢᠯᠦᠭᠰᠡᠨ ᠫᠠᠶᠢᠰᠠ ᠢᠯᠡᠷᠬᠡᠶᠢᠯᠡᠯ ᠢ ᠲᠤᠰᠴᠤ᠂ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠶᠢᠨ ᠲᠥᠯᠥᠭᠡᠯᠡᠭᠴᠢ ᠪᠦᠴᠡ ᠨᠥᠮᠥᠷᠴᠦ᠂ ᠪᠠᠶᠠᠷ ᠤᠨ ᠰᠣᠨᠢᠨ᠂ ᠱᠠᠩᠨᠠᠯ ᠤᠨ ᠮᠥᠩᠭᠦ ᠪᠣᠯᠤᠨ ᠰᠣᠷᠭᠤᠭ ᠴᠡᠴᠡᠭ ᠢ ᠲᠥᠪ ᠬᠢᠴᠢᠶᠡᠩᠭᠦᠢ ᠪᠠᠷ ᠲᠤᠰᠪᠠ᠃ ᠠᠯᠠᠭ᠎ᠠ ᠲᠡᠰᠢᠯᠲᠡ ᠶᠢᠨ ᠲᠠᠭᠤᠨ ᠳᠤᠮᠳᠠ᠂ ᠰᠢᠨ᠎ᠡ ᠴᠡᠷᠢᠭ ᠤᠨ ᠲᠥᠯᠥᠭᠡᠯᠡᠭᠴᠢ ᠣᠮᠤᠭ ᠲᠡᠭᠦᠯᠳᠡᠷ ᠢᠶᠠᠷ ︽ᠪᠢᠳᠡ ᠠᠬᠠᠮᠠᠳ ᠴᠡᠷᠢᠭ ᠬᠦᠮᠦᠨ ᠢᠶᠠᠷ ᠳᠠᠭᠤᠷᠢᠶᠠᠯ ᠪᠣᠯᠭᠠᠵᠤ᠂ ᠴᠡᠷᠢᠭ ᠤᠨ ᠬᠤᠸᠠᠷᠠᠨ ᠳᠤ ᠦᠨᠳᠦᠰᠦᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠦᠨᠡᠨᠴᠢ ᠰᠢᠳᠤᠷᠭᠤ᠂ ᠡᠷᠡᠯᠬᠡᠭᠯᠡᠨ ᠲᠡᠮᠡᠴᠡᠵᠦ ᠨᠤᠲᠤᠭ ᠤᠰᠤᠨ ᠳᠠᠭᠠᠨ ᠭᠡᠷᠡᠯ ᠭᠢᠯᠪᠠᠭ᠎ᠠ ᠨᠡᠮᠡᠷᠢᠯᠡᠨ᠎ᠡ︕︾ ᠭᠡᠵᠦ ᠲᠠᠩᠭᠠᠷᠢᠭᠯᠠᠪᠠ᠃ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠶᠢᠨ ᠬᠢᠨ᠄ ︽ᠬᠡᠦᠬᠡᠳ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠤᠭᠰᠠᠨ ᠪᠣᠯ ᠪᠦᠬᠦ ᠭᠡᠷ ᠤᠨ ᠣᠮᠣᠭᠰᠢᠯ ᠮᠥᠨ᠂ ᠪᠢᠳᠡ ᠲᠡᠭᠦᠨ ᠤ ᠤᠯᠤᠰ ᠣᠷᠣᠨ ᠳᠠᠭᠠᠨ ᠠᠴᠢ ᠬᠠᠷᠢᠭᠤᠯᠬᠤ ᠶᠢ ᠡᠭᠦᠷᠢᠳᠡ ᠳᠡᠮᠵᠢᠨ᠎ᠡ︕︾ ᠭᠡᠵᠦ ᠲᠣᠪᠴᠢ ᠠᠪᠰᠠᠷᠬᠠᠨ ᠲᠠᠩᠭᠠᠷᠢᠭ ᠪᠠ ᠦᠨᠡᠨ ᠰᠡᠳᠬᠢᠯᠭᠡ ᠢᠯᠡᠷᠡᠵᠦ᠂ ᠴᠡᠷᠢᠭ ᠬᠥᠮᠦᠨ ᠤ ᠬᠠᠯᠠᠭᠤᠨ ᠴᠢᠰᠤ ᠡᠭᠦᠷᠭᠡᠯᠡᠬᠦ ᠪᠠ ᠭᠡᠷ ᠪᠦᠯᠢ ᠶᠢᠨ ᠬᠢᠨ ᠤ ᠭᠤᠶᠠᠴᠢ ᠦᠭᠡᠢ ᠬᠤᠪᠢ ᠨᠡᠮᠡᠷᠢ ᠦᠵᠡᠭᠦᠯᠪᠡ᠃      ᠶᠣᠰᠣᠯᠠᠯ ᠨᠢ ᠰᠢᠨ᠎ᠡ ᠴᠡᠷᠢᠭ ᠤᠨ ᠭᠡᠷ ᠤᠨ ᠠᠬᠠᠮᠠᠳ ᠤᠨ ᠦᠭᠡ ᠬᠡᠯᠡᠬᠦ ᠭᠤᠭᠴᠤᠭ᠎ᠠ ᠶᠢ ᠣᠨᠴᠠᠭᠠᠶᠢᠯᠠᠨ ᠲᠤᠬᠢᠷᠠᠭᠤᠯᠵᠦ᠂ ᠡᠴᠢᠭᠡ ᠡᠬᠡ ᠨᠢ ᠬᠡᠦᠬᠡᠳ ᠤᠨ ᠬᠤᠶᠠᠷ ᠭᠠᠷ ᠢ ᠴᠢᠩᠭ᠎ᠠ ᠠᠳᠬᠤᠵᠤ᠂ ︽ᠨᠠᠮ ᠤᠨ ᠵᠢᠯᠤᠭᠤᠳᠤᠯᠭ᠎ᠠ ᠶᠢ ᠳᠠᠭᠠᠵᠤ᠂ ᠲᠡᠷᠢᠭᠦᠨ ᠤ ᠬᠢ ᠶᠢ ᠲᠡᠮᠡᠴᠡᠨ ᠤᠯᠬᠤ︾ ᠠᠵᠢᠯᠯᠠᠭ᠎ᠠ ᠪᠠᠷ ᠴᠡᠷᠢᠭ ᠢ ᠬᠦᠴᠦᠷᠬᠡᠭᠵᠢᠭᠦᠯᠬᠦ ᠡᠭᠦᠷᠭᠡ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠵᠠᠬᠢᠪᠠ᠃      ᠲᠣᠰ ᠤᠳᠠᠭᠠᠨ ᠤ ᠠᠵᠢᠯᠯᠠᠭ᠎ᠠ ᠪᠣᠯ ᠲᠣᠭᠲᠠᠬᠤ ᠰᠢᠶᠠᠨ ᠠᠩᠬ᠎ᠠ ᠤᠳᠠᠭ᠎ᠠ ᠰᠢᠨ᠎ᠡ ᠴᠡᠷᠢᠭ ᠢ ᠭᠠᠪᠢᠶ᠎ᠠ ᠪᠠᠶᠢᠭᠤᠯᠵᠤ ᠬᠥᠬᠢᠭᠦᠯᠦᠨ ᠰᠠᠶᠢᠰᠢᠶᠠᠬᠤ ᠲᠠᠢ ᠤᠶᠠᠯᠳᠤᠭᠤᠯᠵᠤ᠂ ᠰᠢᠨ᠎ᠡ ᠴᠡᠷᠢᠭ ᠤᠨ ︽ᠴᠡᠷᠢᠭ ᠤᠨ ᠬᠤᠸᠠᠷᠠᠨ ᠤ ᠨᠢᠭᠡᠳᠦᠭᠡᠷ ᠬᠢᠴᠢᠶᠡᠯ︾ ᠢ ᠰᠠᠶᠢᠲᠤᠷ ᠬᠦᠷᠭᠡᠭᠰᠡᠨ ᠢᠶᠠᠷ ᠪᠠᠷᠠᠬᠤ ᠥᠬᠡᠶ᠂ ᠪᠠᠰᠠ ᠴᠤ ᠨᠡᠶᠢᠭᠡᠮ ᠳᠠᠶᠠᠭᠠᠷ ᠲᠤ ᠰᠣᠳᠣᠨ ᠵᠡᠪᠰᠡᠭ ᠢᠶᠠᠷ ᠤᠯᠤᠰ ᠲᠠᠭᠠᠨ ᠵᠢᠳᠬᠦᠬᠦ ᠦᠯᠢᠭᠡᠷ ᠳᠠᠭᠤᠷᠢᠶᠠᠯ ᠢ ᠪᠣᠶ ᠪᠣᠯᠭᠠᠵᠤ ᠥᠭᠭᠦᠭᠰᠡᠨ ᠶᠠᠪᠤᠳᠠᠯ ᠪᠣᠯᠤᠨ᠎ᠠ᠃ ᠠᠵᠢᠯᠯᠠᠭ᠎ᠠ ᠨᠢ ᠰᠢᠨ᠎ᠡ ᠴᠡᠷᠢᠭ ᠢ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ ᠣᠮᠤᠭ ᠵᠣᠷᠢᠭ ᠲᠠᠢ᠂ ᠶᠣᠰᠣ ᠮᠣᠷᠠᠯ ᠲᠠᠢ ᠰᠢᠨ᠎ᠡ ᠴᠠᠭ ᠦᠶ᠎ᠡ ᠶᠢᠨ ᠴᠡᠷᠢᠭ ᠬᠥᠮᠦᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠰᠢᠨ᠎ᠡ ᠴᠡᠷᠢᠭ ᠤᠳ ᠨᠤᠲᠤᠭ ᠤᠰᠤᠨ ᠤ ᠪᠠᠨ ᠬᠦᠰᠡᠯ ᠨᠠᠶᠢᠳᠠᠯᠭ᠎ᠠ ᠶᠢ ᠡᠪᠦᠷᠯᠡᠨ᠂ ᠭᠠᠪᠢᠶ᠎ᠠ ᠪᠠᠶᠢᠭᠤᠯᠤᠭᠰᠠᠨ ᠭᠡᠷ ᠪᠦᠯᠢ ᠶᠢᠨ ᠪᠠᠶᠠᠷ ᠤᠨ ᠮᠡᠳᠡᠭᠡ ᠨᠢ ᠴᠡᠷᠢᠭ ᠠᠷᠠᠳ ᠤᠨ ᠪᠦᠯᠬᠦᠮᠳᠡᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠲᠣᠭᠲᠠᠬᠤ ᠰᠢᠶᠠᠨ ᠤ ᠬᠤᠶᠠᠷ ᠢ ᠬᠦᠷᠢᠶᠡᠯᠡᠬᠦ ᠠᠵᠢᠯ ᠳᠤ ᠲᠠᠬᠢᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠨᠠᠮᠠᠷᠢᠯᠠᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1