ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠵᠤ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠭᠡᠨᠡᠳᠲᠡ ᠶᠢᠨ ᠬᠡᠷᠡᠭ ᠢ ᠠᠷᠭᠠᠴᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 13 ᠤ ᠡᠳᠦᠷ ᠲᠣᠭᠲᠠᠬᠤ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠲᠣᠨᠣᠭᠯᠠᠯ ᠲᠦᠭᠡᠭᠡᠬᠦ ᠶᠣᠰᠣᠯᠠᠯ ᠶᠠᠪᠤᠭᠤᠯᠪᠠ᠃ | ᠶᠣᠰᠣᠯᠠᠯ ᠳᠡᠭᠡᠷ᠎ᠡ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠱᠤᠸᠠᠩ ᠾᠧ ᠪᠠᠯᠭᠠᠰᠤ᠂ ᠬᠥ᠋ ᠴᠧᠩ ᠪᠠᠯᠭᠠᠰᠤ᠂ ᠲᠠᠪᠢᠨ ᠭᠡᠷ ᠪᠠᠯᠭᠠᠰᠤ᠂ ᠰᠢᠨ᠎ᠡ ᠶᠢᠩᠽᠢ ᠪᠠᠯᠭᠠᠰᠤ ᠵᠡᠷᠭᠡ | ᠳᠥᠷᠪᠡᠨ ᠦᠨᠳᠦᠰᠦᠨ ᠱᠠᠲᠤᠨ ᠤ ᠨᠢᠭᠡᠴᠡ ᠳᠤ 244 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠣᠭᠯᠠᠯ ᠪᠠ ᠡᠳ᠋ ᠪᠣᠳᠠᠰ ᠢ ᠲᠠᠷᠬᠠᠭᠠᠪᠠ᠃ ᠡᠲᠡᠭᠡᠷ ᠡᠳ᠋ | ᠪᠣᠳᠠᠰ ᠲᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠡᠷᠭᠡ ᠬᠥᠰᠬᠡ᠂ ᠠᠶᠤᠯ ᠠᠴᠠ ᠠᠪᠤᠷᠠᠨ ᠲᠤᠰᠠᠯᠠᠬᠤ | ᠲᠣᠨᠣᠭᠯᠠᠯ᠂ ᠭᠠᠵᠠᠷ ᠬᠥᠳᠡᠯᠦᠯᠲᠡ ᠭᠠᠮᠰᠢᠭ ᠠᠴᠠ ᠠᠪᠤᠷᠠᠨ ᠲᠤᠰᠠᠯᠠᠬᠤ ᠲᠣᠨᠣᠭᠯᠠᠯ ᠵᠢᠴᠢ ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠭᠠᠮᠰᠢᠭ ᠠᠴᠠ ᠠᠪᠤᠷᠠᠬᠤ ᠲᠣᠨᠣᠭᠯᠠᠯ ᠵᠡᠷᠭᠡ ᠪᠠᠭᠲᠠᠨ᠎ᠠ᠂ ᠡᠨᠡ ᠨᠢ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠪᠦᠲᠦᠮᠵᠢᠲᠡᠶ ᠨᠥᠬᠦᠪᠦᠷᠢᠯᠡᠵᠦ᠂ ᠪᠠᠯᠭᠠᠰᠤ ᠪᠠ | ᠲᠣᠰᠬᠤᠨ ︵ᠨᠡᠶᠢᠭᠡᠮ ᠲᠣᠭᠤᠷᠢᠭ︶ ᠤ ᠭᠠᠮᠰᠢᠭ ᠡᠭᠦᠰᠬᠦ ᠦᠶ᠎ᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠠ ᠲᠦᠷᠭᠡᠨ ᠲᠤᠰᠬᠠᠬᠤ ᠴᠢᠳᠠᠪᠤᠷᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠣᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ | ᠲᠤᠰᠬᠠᠢ ᠮᠡᠷᠭᠡᠵᠢᠯ ᠤᠨ ᠠᠵᠢᠯᠲᠠᠨ ᠡᠯ᠎ᠡ ᠪᠠᠯᠭᠠᠰᠤᠨ ᠤ ᠲᠥᠯᠥᠭᠡᠯᠡᠭᠴᠢᠳ ᠲᠤ ᠭᠠᠯ ᠤᠨᠲᠠᠷᠠᠭᠠᠬᠤ ᠲᠡᠷᠭᠡ ᠶᠢ | ᠬᠡᠷᠡᠭᠯᠡᠬᠦ ᠪᠣᠯᠪᠠᠰᠤᠷᠠᠯ ᠬᠦᠷᠲᠡᠭᠡᠬᠦ ᠶᠢᠨ ᠬᠠᠮᠲᠤ᠂ ᠠᠵᠢᠯᠲᠠᠳ ᠪᠠᠰᠠ ᠡᠯ᠎ᠡ ᠲᠥᠷᠥᠯ ᠤᠨ ᠠᠪᠤᠷᠠᠨ ᠲᠤᠰᠠᠯᠠᠬᠤ ᠡᠳ᠋ | ᠪᠣᠳᠠᠰ ᠢ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠪᠠ᠃ ᠡᠳ᠋ ᠪᠣᠳᠠᠰ ᠤᠨ ᠪᠦᠲᠦᠮᠵᠢᠲᠡᠶ ᠬᠠᠮᠢᠶᠠᠷᠤᠯᠲᠠ ᠪᠠ | ᠬᠡᠷᠡᠭᠯᠡᠯᠲᠡ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠡᠯ᠎ᠡ ᠪᠠᠯᠭᠠᠰᠤ ᠲᠠᠢ ︽ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠠᠴᠠ ᠡᠳ᠋ ᠬᠥᠷᠥᠩᠭᠡ ᠵᠢᠭᠡᠯᠡᠨ ᠬᠡᠷᠡᠭᠯᠡᠬᠦ ᠰᠣᠯᠢᠯᠴᠠᠭᠠᠨ ᠤ ᠬᠠᠭᠤᠳᠠᠰᠤ︾ | ᠲᠣᠬᠢᠷᠠᠭᠤᠯᠪᠠ᠃ ᠡᠯ᠎ᠡ ᠪᠠᠯᠭᠠᠰᠤᠨ ᠤ ᠬᠠᠷᠢᠭᠤᠴᠠᠯᠭᠠᠲᠠᠨ ᠲᠣᠰ ᠤᠳᠠᠭᠠᠨ ᠤ ᠡᠳ᠋ ᠪᠣᠳᠠᠰ ᠢ ᠲᠦᠭᠡᠭᠡᠨ | ᠲᠠᠷᠬᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠮᠡᠳᠡᠷᠡᠨ ᠵᠥᠪᠰᠢᠶᠡᠷᠡᠵᠦ ᠪᠠᠶᠢᠬᠤ ᠪᠥᠭᠡᠳ ᠢᠳᠡᠪᠬᠢᠲᠡᠢ ᠬᠠᠮᠵᠢᠯᠴᠠᠵᠤ | ᠪᠠᠶᠢᠬᠤ ᠪᠠᠨ ᠢᠯᠡᠷᠬᠡᠶᠢᠯᠡᠭᠰᠡᠨ ᠪᠥᠭᠡᠳ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠳ᠋ ᠪᠣᠳᠠᠰ ᠤᠨ ᠬᠠᠮᠢᠶᠠᠷᠤᠯᠲᠠ ᠪᠠ | ᠬᠡᠷᠡᠭᠯᠡᠯᠲᠡ ᠶᠢ ᠰᠠᠶᠢᠲᠤᠷ ᠬᠢᠵᠦ᠂ ᠵᠠᠩᠭᠢᠯᠠᠭ᠎ᠠ ᠶᠢᠨ ᠦᠶ᠎ᠡ ᠳᠤ ᠬᠠᠮᠤᠭ ᠤᠨ ᠶᠡᠭᠡ ᠦᠢᠯᠡᠳᠦᠯ ᠪᠠᠳᠠᠷᠠᠭᠤᠯᠬᠤ ᠶᠢ | ᠦᠨᠡᠨ ᠬᠦ ᠪᠠᠲᠤᠯᠠᠨ᠎ᠠ ᠭᠡᠵᠦ ᠠᠮᠠᠯᠠᠭᠰᠠᠨ ᠪᠠᠶᠢᠨ᠎ᠠ᠃ | ︽ᠳᠠᠷᠠᠭᠠᠴᠢ ᠶᠢᠨ ᠠᠯᠬᠤᠮ ᠳᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠠᠴᠠ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠣᠯᠪᠠᠰᠤᠷᠠᠯ ᠰᠣᠷᠢᠯᠲᠠ | ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠴᠢᠳᠠᠪᠤᠷᠢ ᠶᠢ | ᠪᠦᠲᠦᠮᠵᠢᠲᠡᠶ ᠪᠠᠷ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠣᠯᠣᠨ᠎ᠠ︾ ᠭᠡᠵᠦ ᠲᠣᠭᠲᠠᠬᠤ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ | ᠵᠢᠯᠣᠭᠤᠳᠤᠨ ᠲᠣᠬᠢᠷᠠᠭᠤᠯᠬᠤ ᠲᠠᠰᠤᠭ ᠤᠨ ᠬᠠᠷᠢᠭᠤᠴᠠᠯᠭᠠᠲᠠᠨ ᠸᠠᠩ ᠴᠢᠶᠣᠤ ᠹᠧᠨ ᠢᠯᠡᠳᠬᠡᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |