ᠲᠣᠭᠲᠠᠬᠤ ᠰᠢᠶᠠᠨ ᠤ ᠴᠠᠭ ᠠᠭᠤᠷ ᠤᠨ ᠲᠣᠪᠴᠢᠶ᠎ᠠ᠄ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/3/18
      ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠡᠯᠪᠡᠭ ᠬᠤᠷᠢᠶᠠᠯᠲᠠ ᠶᠢ ᠪᠠᠳᠤᠯᠠᠵᠤ᠂ ᠲᠣᠭᠲᠠᠬᠤ ᠰᠢᠶᠠᠨ 2025 ᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠣᠰ ᠰᠢᠶᠠᠨ ᠤ ᠬᠠᠷᠢᠶ᠎ᠠ ᠣᠷᠣᠨ ᠳᠠᠬᠢ ᠬᠥᠮᠦᠨ ᠤ ᠬᠦᠴᠦ ᠪᠠᠷ ᠪᠣᠷᠣᠭᠠᠨ ︵ᠴᠠᠰᠤ︶ ᠣᠷᠣᠭᠤᠯᠬᠤ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠦᠷᠢᠮ︾ ︵2020 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 726 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠪᠥᠬᠦ ᠰᠢᠶᠠᠨ ᠤ ᠬᠠᠷᠢᠶ᠎ᠠ ᠣᠷᠣᠨ ᠤ ᠳᠣᠲᠣᠷᠠᠬᠢ ᠲᠡᠶᠢᠷᠦᠯᠲᠦ ᠰᠤᠮᠤ ᠶᠢᠨ ᠪᠣᠷᠣᠭᠠᠨ ᠨᠡᠮᠡᠭᠳᠡᠭᠦᠯᠬᠦ ᠠᠵᠢᠯ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃ ᠳᠡᠭᠡᠷ᠎ᠡ ᠳᠤᠷᠠᠳᠤᠭᠰᠠᠨ ᠠᠵᠢᠯ ᠤᠨ ᠬᠤᠭᠤᠴᠠᠭᠠᠨ ᠳᠤ ᠥᠷᠭᠡᠨ ᠣᠯᠠᠨ ᠠᠷᠠᠳ ᠲᠦᠮᠡᠨ ᠬᠡᠷᠪᠡ ᠮᠠᠨ ᠤ ᠰᠢᠶᠠᠨ ᠤ ᠠᠵᠢᠯᠯᠠᠬᠤ ᠣᠷᠣᠨ ᠤ ᠳᠣᠲᠣᠷ᠎ᠠ ᠪᠣᠷᠣᠭᠠᠨ ᠣᠷᠣᠭᠤᠯᠬᠤ ᠲᠡᠢᠷᠦᠯᠲᠦ ᠰᠤᠮᠤ ᠣᠯᠵᠤ ᠮᠡᠳᠡᠪᠡᠯ᠂ ᠥᠪᠡᠰᠦᠪᠡᠨ ᠵᠠᠳᠠᠯᠵᠤ ᠪᠣᠯᠬᠤ ᠦᠭᠡᠢ᠂ ᠲᠤᠬᠠᠶ ᠶᠢᠨ ᠭᠠᠵᠠᠷ ᠤᠨ ᠴᠠᠭ ᠠᠭᠤᠷ ᠤᠨ ᠲᠣᠪᠴᠢᠶ᠎ᠠ ᠳᠤ ᠲᠦᠷᠭᠡᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠰᠤᠮᠤ ᠳᠠᠷᠢ ᠶᠢ ᠪᠣᠳᠠᠲᠠᠶᠢᠵᠢᠭᠤᠯᠤᠭᠰᠠᠨ ᠠᠴᠠ ᠪᠣᠯᠤᠭᠰᠠᠨ ᠬᠥᠮᠦᠰ ᠤᠨ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠵᠡᠷᠭᠡ ᠰᠠᠨᠠᠭᠠᠨ ᠳᠤ ᠥᠬᠡᠶ ᠠᠳᠡᠯ ᠭᠠᠷᠤᠭᠰᠠᠨ ᠪᠠᠶᠢᠪᠠᠯ᠂ ᠲᠤᠬᠠᠶ ᠶᠢᠨ ᠲᠠᠯᠠᠪᠤᠷ ᠢ ᠰᠠᠶᠢᠲᠤᠷ ᠬᠠᠮᠠᠭᠠᠯᠠᠬᠤ ᠶᠢᠨ ᠬᠠᠮᠲᠤ ᠲᠤᠬᠠᠶ ᠶᠢᠨ ᠭᠠᠵᠠᠷ ᠤᠨ ᠴᠠᠭ ᠠᠭᠤᠷ ᠤᠨ ᠲᠣᠪᠴᠢᠶ᠎ᠠ ᠬᠢᠭᠡᠳ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃      ᠤᠨᠴᠠᠭᠤᠶᠢᠯᠠᠨ ᠮᠡᠳᠡᠭᠳᠡᠪᠡ︕      ᠬᠠᠷᠢᠯᠴᠠᠬᠤ ᠤᠲᠠᠰᠤ᠄ 0471 - 3121336᠂ 3121337      ᠬᠠᠷᠢᠯᠴᠠᠬᠤ ᠬᠥᠮᠦᠨ᠄ ᠯᠢ ᠮᠢᠨ ᠵᠢᠤᠸᠠᠨ ︵15147124783︶            ᠲᠣᠭᠲᠠᠬᠤ ᠰᠢᠶᠠᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠯᠪᠠᠨ ᠬᠡᠷ              2035 ᠣᠨ ᠤ 3 ᠳ᠋ᠤᠭᠠᠷ ᠰᠠᠷ᠎ᠠ ᠶᠢᠨ 17 ᠤ ᠡᠳᠦᠷ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1