3 ᠳ᠋ᠤᠭᠠᠷ ᠰᠠᠷ᠎ᠠ ᠶᠢᠨ 9 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠬᠠᠷᠢᠭᠤᠴᠠᠯᠭᠠᠲᠠᠨ ᠪᠥᠬᠦ ᠤᠯᠤᠰ ᠤᠨ ᠬᠤᠶᠠᠷ ᠬᠤᠷᠠᠯ ᠤᠨ ᠠᠷᠠᠳ ᠤᠨ | ᠠᠮᠢᠳᠤᠷᠠᠯ ᠤᠨ ᠭᠤᠣᠯ ᠰᠡᠳᠦᠪᠲᠦ ᠰᠣᠷᠪᠣᠯᠵᠢᠯᠠᠭᠴᠢᠳ ᠤᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ 2024 | ᠣᠨ ᠤ ᠳᠥᠷᠪᠡᠳᠦᠭᠡᠷ ᠤᠯᠠᠷᠢᠯ ᠳᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ | ᠪᠣᠷᠣᠯᠠᠭᠤᠯᠤᠯᠲᠠ ᠶᠢᠨ ᠲᠠᠯᠠᠪᠠᠶ ᠪᠠ ᠪᠣᠷᠣᠯᠠᠭᠤᠯᠤᠯᠲᠠ ᠶᠢᠨ ᠬᠡᠮᠵᠢᠶ᠎ᠡ ᠨᠡᠮᠡᠭᠳᠡᠯ ᠲᠠᠢ ᠪᠣᠯᠤᠭᠰᠠᠨ ᠠᠴᠠ ᠨᠠᠰᠢ᠂ | 2025 ᠣᠨ ᠤ ᠨᠢᠭᠡ ᠬᠤᠶᠠᠳᠤᠭᠠᠷ ᠰᠠᠷ᠎ᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ | ᠦᠷᠭᠦᠯᠵᠢᠯᠡᠨ ︽ ᠪᠠᠭᠤᠷᠠᠯᠳᠠ ᠵᠣᠭᠰᠣᠵᠤ ᠳᠠᠬᠢᠨ ᠲᠣᠭᠲᠠᠪᠤᠷᠢᠵᠢᠬᠤ︾ ᠢᠳᠡᠪᠬᠢᠲᠡᠢ ᠪᠠᠶᠢᠳᠠᠯ ᠢᠶᠠᠨ ᠪᠠᠲᠤᠯᠠᠵᠤ | ᠪᠠᠶᠢᠨ᠎ᠠ ᠭᠡᠵᠡᠢ᠃ ᠣᠶᠢᠯᠠᠭᠠᠭᠰᠠᠨ ᠢᠶᠠᠷ᠂ ᠣᠯᠠᠨ ᠬᠤᠲᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ | ᠠᠷᠠᠯᠵᠢᠶ᠎ᠠ ᠮᠠᠶᠢᠮᠠᠢ ᠬᠥᠭᠵᠢᠶᠡᠨᠲᠡᠢ ᠶᠠᠪᠤᠭᠳᠠᠵᠤ᠂ ᠪᠡᠭᠡᠵᠢᠩ᠂ ᠱᠠᠩᠬᠠᠢ ᠵᠡᠷᠭᠡ ᠭᠠᠵᠠᠷ ᠤᠨ ᠬᠢᠨ ᠵᠠᠯᠭᠠᠭ᠎ᠠ ᠪᠠᠷ | ᠣᠯᠠᠨ ᠬᠡᠰᠡᠭ ᠭᠠᠵᠠᠷ ᠰᠢᠷᠣᠢ ᠶᠢ ᠠᠮᠵᠢᠯᠲᠠ ᠲᠠᠢ ᠪᠠᠷ ᠰᠢᠯᠵᠢᠭᠦᠯᠦᠨ ᠥᠭᠴᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠭᠰᠡᠨ ᠪᠠᠶᠢᠨ᠎ᠠ᠃ | ᠴᠠᠭᠠᠨ ᠰᠠᠷ᠎ᠠ ᠶᠢᠨ ᠳᠠᠷᠠᠭ᠎ᠠ᠂ ᠪᠡᠭᠡᠵᠢᠩ᠂ ᠱᠠᠩᠬᠠᠢ᠂ ᠬᠠᠩᠵᠧᠦ᠂ ᠴᠧᠩᠳᠦ᠋ ᠵᠡᠷᠭᠡ ᠭᠠᠵᠠᠷ ᠤᠨ ᠭᠠᠵᠠᠷ | ᠰᠢᠷᠣᠢ ᠶᠢ ᠦᠨ᠎ᠡ ᠬᠠᠶᠠᠯᠴᠠᠨ ᠬᠤᠳᠠᠯᠳᠤᠬᠤ ᠵᠠᠬ᠎ᠠ ᠳᠡᠯᠭᠡᠭᠦᠷ ᠲᠤ ᠥᠨᠳᠥᠷ ᠥᠰᠦᠯᠲᠡ ᠶᠢᠨ ᠨᠣᠷᠮ᠎ᠠ ᠢᠶᠠᠷ | ᠵᠠᠯᠭᠠᠯᠳᠤᠭᠠᠪᠠᠷ ᠠᠷᠠᠯᠵᠢᠶ᠎ᠠ ᠪᠦᠲᠦᠵᠡᠢ᠃ ᠱᠠᠩᠬᠠᠢ ᠳᠤ᠂ 2025 ᠣᠨ ᠳᠤ ᠠᠩᠬ᠎ᠠ ᠤᠳᠠᠭ᠎ᠠ ᠰᠢᠯᠵᠢᠭᠦᠯᠦᠨ | ᠬᠤᠳᠠᠯᠳᠤᠭᠰᠠᠨ 4 ᠲᠠᠸᠠᠷ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠪᠦᠬᠦᠨ ᠢᠶᠠᠷ ᠢᠶᠠᠨ ᠠᠷᠠᠯᠵᠢᠶ᠎ᠠ ᠲᠣᠬᠢᠷᠠᠵᠤ | ᠂ ᠠᠷᠠᠯᠵᠢᠶ᠎ᠠ ᠪᠦᠲᠦᠭᠰᠡᠨ ᠶᠡᠷᠦᠩᠬᠡᠢ ᠵᠣᠭᠤᠰ ᠤᠨ ᠲᠤᠭ᠎ᠠ 159.26 ᠳ᠋ᠦᠩᠰᠢᠭᠤᠷ ᠲᠥᠭᠦᠷᠢᠭ ᠲᠤ ᠬᠦᠷᠴᠡᠢ᠃ | ᠶᠡᠷᠦᠩᠬᠡᠢ ᠳᠤᠨᠢ ᠠᠪᠴᠤ ᠦᠵᠡᠪᠡᠯ᠂ ᠱᠠᠩᠬᠠᠢ ᠶᠢᠨ 2025 ᠣᠨ ᠤ ᠭᠠᠵᠠᠷ ᠰᠢᠷᠣᠢ ᠶᠢᠨ ᠵᠠᠬ᠎ᠠ ᠳᠡᠯᠭᠡᠭᠦᠷ ᠨᠢ | ᠮᠠᠰᠢ ᠣᠯᠠᠨ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠠᠩᠬᠠᠷᠤᠯ ᠢ ᠲᠠᠲᠠᠵᠤ᠂ ᠠᠷᠠᠯᠵᠢᠶ᠎ᠠ | ᠪᠦᠲᠦᠭᠰᠡᠨ ᠪᠠᠶᠢᠳᠠᠯ ᠦᠷᠭᠦᠯᠵᠢᠯᠡᠨ ᠬᠥᠭᠵᠢᠶᠡᠨᠲᠡᠢ ᠪᠠᠶᠢᠨ᠎ᠠ᠃ | ᠣᠶᠢᠷ᠎ᠠ ᠶᠢᠨ ᠬᠤᠭᠤᠴᠠᠭᠠᠨ ᠳᠤ᠂ ᠪᠡᠭᠡᠵᠢᠩ ᠤᠨ ᠴᠣᠣᠶᠠᠩ ᠤᠨ ᠨᠢᠭᠡ ᠬᠡᠰᠡᠭ ᠭᠠᠵᠠᠷ ᠰᠢᠷᠣᠢ ᠶᠢ | ᠰᠢᠯᠵᠢᠭᠦᠯᠦᠨ ᠬᠤᠳᠠᠯᠳᠤᠬᠤ ᠶᠠᠪᠤᠴᠠ ᠳᠤ᠂ ᠣᠯᠠᠨ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ | ᠦᠨ᠎ᠡ ᠬᠠᠶᠠᠯᠴᠠᠬᠤ ᠦᠷᠢᠰᠦᠯᠳᠦᠭᠡᠨ ᠳᠤ ᠣᠷᠣᠯᠴᠠᠵᠤ᠂ ᠵᠠᠭᠤᠨ ᠡᠭᠡᠯᠵᠢ ᠶᠢᠨ ᠦᠨ᠎ᠡ ᠬᠠᠶᠠᠯᠴᠠᠬᠤ | ᠦᠷᠢᠰᠦᠯᠳᠦᠭᠡᠨ ᠢ ᠥᠩᠭᠡᠷᠡᠭᠡᠭᠰᠡᠨ ᠤ ᠳᠠᠷᠠᠭ᠎ᠠ᠂ ᠡᠴᠦᠰ ᠲᠡᠭᠡᠨ 87.295 ᠳ᠋ᠦᠩᠰᠢᠭᠤᠷ ᠲᠥᠭᠦᠷᠢᠭ ᠤᠨ | ᠦᠨ᠎ᠡ ᠪᠠᠷ ᠠᠷᠠᠯᠵᠢᠶ᠎ᠠ ᠪᠦᠲᠦᠭᠰᠡᠨ ᠪᠠᠶᠢᠨ᠎ᠠ᠃ ᠬᠠᠩᠵᠧᠦ ᠳᠤ᠂ 2 ᠳ᠋ᠤᠭᠠᠷ ᠰᠠᠷ᠎ᠠ ᠶᠢᠨ ᠭᠠᠵᠠᠷ ᠰᠢᠷᠣᠢ ᠶᠢ ᠦᠨ᠎ᠡ | ᠬᠠᠶᠠᠯᠴᠠᠨ ᠬᠤᠳᠠᠯᠳᠤᠬᠤ ᠠᠵᠢᠯ ᠳᠤ᠂ ᠠᠷᠠᠯᠵᠢᠶ᠎ᠠ ᠪᠦᠲᠦᠭᠰᠡᠨ ᠪᠥᠬᠦ ᠵᠣᠭᠤᠰ ᠤᠨ ᠲᠤᠭ᠎ᠠ 179.5 ᠳ᠋ᠦᠩᠰᠢᠭᠤᠷ | ᠲᠥᠭᠦᠷᠢᠭ ᠲᠤ ᠬᠦᠷᠴᠦ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠠᠯᠠᠭᠤᠷᠠᠯ ᠤᠨ ᠬᠡᠮᠵᠢᠶ᠎ᠡ ᠮᠥᠨ | ᠦᠷᠭᠦᠯᠵᠢᠯᠡᠭᠰᠡᠭᠡᠷ ᠪᠠᠶᠢᠨ᠎ᠠ᠃ ᠬᠤᠪᠧᠢ ᠶᠢᠨ ᠦᠬᠠᠨ ᠬᠤᠲᠠ ᠴᠤ ᠣᠶᠢᠷ᠎ᠠ ᠳᠤ 16 ᠬᠡᠰᠡᠭ ᠭᠠᠵᠠᠷ ᠢ ᠫᠠᠶᠢᠰᠠ | ᠡᠯᠭᠦᠨ᠂ 3 ᠳ᠋ᠤᠭᠠᠷ ᠰᠠᠷ᠎ᠠ ᠶᠢᠨ 28 ᠤ ᠡᠳᠦᠷ ᠦᠨ᠎ᠡ ᠬᠠᠶᠠᠵᠤ ᠬᠤᠳᠠᠯᠳᠤᠬᠤ ᠪᠣᠯᠣᠨ᠎ᠠ᠃ ᠰᠢ ᠠᠨ ᠳᠤ᠂ 2 | ᠳ᠋ᠤᠭᠠᠷ ᠰᠠᠷ᠎ᠠ ᠶᠢᠨ 28 ᠤ ᠨᠢᠭᠡ ᠡᠳᠦᠷ ᠲᠤ ᠣᠷᠣᠨ ᠰᠠᠭᠤᠴᠠ ᠳᠤ ᠬᠤᠯᠪᠣᠭᠳᠠᠭᠰᠠᠨ 4 ᠬᠡᠰᠡᠭ ᠭᠠᠵᠠᠷ ᠤᠨ | ᠠᠷᠠᠯᠵᠢᠶ᠎ᠠ ᠲᠣᠬᠢᠷᠠᠵᠤ᠂ ᠶᠡᠷᠦᠩᠬᠡᠢ ᠦᠨ᠎ᠡ ᠨᠢ 25.74 ᠳ᠋ᠦᠩᠰᠢᠭᠤᠷ ᠲᠥᠭᠦᠷᠢᠭ ᠲᠤ ᠬᠦᠷᠴᠡᠢ᠃ | ᠱᠠᠩᠬᠠᠢ ᠶᠢᠨ ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ | ᠳᠠᠷᠤᠭ᠎ᠠ ᠶᠠᠨ ᠶᠦᠸᠧ ᠶᠢᠨ ᠲᠠᠨᠢᠯᠴᠠᠭᠤᠯᠬᠤ ᠳᠠᠭᠠᠨ᠂ 2024 ᠣᠨ ᠤ ᠳᠥᠷᠪᠡᠳᠦᠭᠡᠷ ᠤᠯᠠᠷᠢᠯ ᠠᠴᠠ ᠨᠠᠰᠢ ᠵᠠᠬ᠎ᠠ | ᠳᠡᠯᠭᠡᠭᠦᠷ ᠤᠨ ᠪᠠᠭᠤᠷᠠᠯᠳᠠ ᠵᠣᠭᠰᠣᠵᠤ ᠲᠣᠭᠲᠠᠪᠤᠷᠢᠵᠢᠬᠤ ᠪᠠᠶᠢᠳᠠᠯ ᠲᠠᠢ ᠪᠣᠯᠵᠤ᠂ ᠭᠠᠵᠠᠷ ᠰᠢᠷᠣᠢ ᠶᠢᠨ ᠵᠠᠬ᠎ᠠ | ᠳᠡᠯᠭᠡᠭᠦᠷ ᠲᠤ ᠴᠦ ᠢᠳᠡᠪᠬᠢᠲᠡᠢ ᠢᠯᠡᠷᠡᠯ ᠲᠠᠢ ᠪᠣᠯᠵᠠᠢ᠃ ᠡᠨᠡ ᠬᠦ ᠥᠰᠦᠭᠰᠡᠨ ᠦᠨ᠎ᠡ ᠶᠢᠨ ᠨᠤᠷᠮ᠎ᠠ ᠶᠢᠨ | ᠭᠦᠢᠴᠡᠳᠭᠡᠯ ᠲᠤᠭ᠎ᠠ ᠂ ᠠᠵᠤ ᠠᠬᠤᠶᠢᠯᠠᠯ ᠤᠨ ᠭᠠᠵᠠᠷ ᠰᠢᠷᠣᠢ ᠬᠤᠳᠠᠯᠳᠤᠨ ᠠᠪᠬᠤ ᠶᠡᠷᠦᠩᠬᠡᠢ ᠦᠨ᠎ᠡ ᠶᠢᠨ | ᠭᠦᠢᠴᠡᠳᠭᠡᠯ ᠲᠤᠭ᠎ᠠ ᠶᠢ ᠪᠠᠭᠲᠠᠭᠠᠭᠰᠠᠨ ᠭᠦᠢᠴᠡᠳᠭᠡᠯ ᠲᠤᠭ᠎ᠠ ᠨᠢ ᠴᠥᠮ ᠮᠠᠰᠢ ᠰᠠᠶᠢᠨ ᠪᠠᠶᠢᠨ᠎ᠠ᠃ ᠡᠨᠡ ᠨᠢ ᠵᠠᠬ᠎ᠠ | ᠳᠡᠯᠭᠡᠭᠦᠷ ᠰᠠᠶᠢᠵᠢᠷᠠᠨ ᠬᠥᠭᠵᠢᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠠᠯ᠎ᠠ ᠳᠤ ᠮᠠᠰᠢ | ᠢᠳᠡᠪᠬᠢᠲᠡᠢ ᠬᠠᠷᠢᠭᠤ ᠲᠤᠰᠬᠠᠯ ᠭᠠᠷᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠢᠲᠡᠭᠡᠯ ᠨᠡᠮᠡᠭᠳᠡᠵᠦ | ᠪᠠᠶᠢᠬᠤ ᠶᠢ ᠬᠠᠷᠠᠭᠤᠯᠵᠤ ᠪᠠᠶᠢᠨ᠎ᠠ᠃ | ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠭᠤᠣᠯᠯᠠᠭᠴᠢ ᠬᠤᠲᠠ ᠶᠢᠨ ᠰᠢᠨ᠎ᠡ ᠭᠡᠷ ᠪᠠᠶᠢᠰᠢᠩ ᠤᠨ | ᠪᠣᠷᠤᠯᠠᠭᠤᠯᠭ᠎ᠠ ᠶᠢᠨ ᠬᠤᠷᠳᠤᠴᠠ ᠶᠢᠨ ᠲᠦᠷᠭᠡᠳᠬᠦ ᠶᠢ ᠳᠠᠭᠠᠯᠳᠤᠨ᠂ ᠭᠡᠷ ᠪᠠᠶᠢᠰᠢᠩ ᠤᠨ ᠠᠵᠤ ᠠᠬᠤᠶᠢᠯᠠᠯ ᠤᠨ | ᠴᠢᠨᠠᠷ ᠰᠠᠶᠢᠲᠠᠢ ᠭᠠᠵᠠᠷ ᠰᠢᠷᠣᠢ ᠶᠢᠨ ᠲᠤᠬᠠᠢ ᠢᠲᠡᠭᠡᠯ ᠵᠣᠷᠢᠭ ᠨᠢ ᠤᠯᠠᠮ ᠨᠢᠭᠡ ᠠᠯᠬᠤᠮ ᠳᠡᠭᠡᠭᠰᠢᠯᠡᠬᠦ | ᠪᠣᠯᠣᠮᠵᠢ ᠲᠠᠢ ᠪᠠᠶᠢᠨ᠎ᠠ᠃ ᠡᠭᠦᠨ ᠤ ᠵᠡᠷᠭᠡ ᠳᠤ᠂ ᠣᠷᠣᠨ ᠰᠠᠭᠤᠴᠠ ᠶᠢᠨ ᠠᠵᠤ ᠠᠬᠤᠶᠢᠯᠠᠯ ᠤᠨ ᠭᠠᠵᠠᠷ ᠰᠢᠷᠣᠢ | ᠣᠯᠬᠤ ᠢᠲᠡᠭᠡᠯ ᠵᠣᠷᠢᠭ ᠨᠡᠮᠡᠭᠳᠡᠵᠦ᠂ ᠭᠠᠵᠠᠷ ᠰᠢᠷᠣᠢ ᠣᠯᠬᠤ ᠬᠦᠰᠡᠯ ᠡᠷᠡᠮᠡᠯᠵᠡᠯ ᠳᠡᠭᠡᠭᠰᠢᠯᠡᠵᠦ ᠪᠠᠶᠢᠭ᠎ᠠ | ᠪᠠᠶᠢᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ ᠴᠦ ᠣᠳᠣᠬᠠᠨ ᠳᠤ ᠭᠠᠵᠠᠷ ᠰᠢᠷᠣᠢ ᠶᠢᠨ ᠬᠠᠩᠭᠠᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ ᠪᠠᠶᠢᠨ᠎ᠠ ᠭᠡᠵᠡᠢ᠃ | ᠲᠦᠷᠦᠭᠦᠬᠡᠨ᠂ ᠪᠡᠭᠡᠵᠢᠩ ᠬᠤᠲᠠ ᠶᠢᠨ ᠬᠢᠨ 2025 ᠣᠨ ᠤ ᠬᠤᠶᠠᠳᠤᠭᠠᠷ ᠡᠭᠡᠯᠵᠢ ᠶᠢᠨ ᠲᠠᠸᠠᠷ ᠤᠨ | ᠣᠷᠣᠨ ᠰᠠᠭᠤᠴᠠ ᠶᠢᠨ ᠲᠦᠷᠦᠯ ᠵᠦᠢᠯ ᠳᠤ ᠬᠡᠷᠡᠭᠯᠡᠬᠦ ᠭᠠᠵᠠᠷ ᠤᠨ ᠮᠡᠳᠡᠭᠡ ᠵᠠᠩᠭᠢ ᠶᠢ ᠨᠡᠶᠢᠲᠡᠯᠡᠪᠡ᠂ 6 ᠬᠡᠰᠡᠭ | ᠭᠠᠵᠠᠷ ᠨᠢ ᠴᠥᠮ ᠵᠠᠬ᠎ᠠ ᠳᠡᠯᠭᠡᠭᠦᠷ ᠤᠨ ᠬᠡᠷᠡᠭᠴᠡᠭᠡ ᠲᠣᠪᠣᠶᠢᠮ᠎ᠠ᠂ ᠰᠠᠭᠤᠷᠢ ᠲᠥᠬᠦᠭᠡᠷᠦᠮᠵᠢ ᠪᠠ ᠣᠯᠠᠨ | ᠨᠡᠶᠢᠲᠡ ᠶᠢᠨ ᠦᠢᠯᠡᠴᠢᠯᠡᠭᠡ ᠨᠡᠯᠢᠶᠡᠳ ᠪᠦᠷᠢᠨ ᠲᠡᠭᠦᠯᠳᠡᠷ ᠣᠷᠣᠨ ᠪᠦᠰᠡ ᠳᠤ ᠣᠷᠣᠰᠢᠵᠤ᠂ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠭᠠᠵᠠᠷ ᠰᠢᠷᠣᠢ ᠶᠢᠨ ᠬᠠᠩᠭᠠᠯᠭ᠎ᠠ ᠶᠢ ᠳᠠᠭᠤᠰᠬᠠᠬᠤ ᠪᠣᠯᠣᠨ᠎ᠠ᠃ ᠭᠤᠸᠠᠩᠵᠸᠦ 30 | ᠰᠢᠯᠢᠳᠡᠭ ᠭᠠᠵᠠᠷ ᠢ ᠨᠠᠷᠢᠯᠢᠭ ᠣᠨᠣᠴᠠᠲᠠᠢ ᠪᠠᠷ ᠲᠠᠨᠢᠯᠴᠠᠭᠤᠯᠵᠤ ᠠᠵᠤ ᠠᠬᠤᠶᠢᠯᠠᠯ ᠤᠨ ᠣᠯᠠᠨ ᠡᠰᠢᠵᠢᠭᠰᠡᠨ ᠪᠡᠯᠡ | ᠣᠷᠣᠭᠤᠯᠤᠯᠲᠠ ᠶᠢᠨ ᠬᠡᠷᠡᠭᠴᠡᠭᠡ ᠪᠠ ᠠᠷᠠᠳ ᠣᠯᠠᠨ ᠤ ᠣᠯᠠᠨ ᠶᠠᠩᠵᠤᠯᠠᠭᠰᠠᠨ ᠣᠷᠣᠨ ᠰᠠᠭᠤᠴᠠ ᠶᠢᠨ | ᠬᠡᠷᠡᠭᠴᠡᠭᠡ ᠶᠢ ᠲᠤᠬᠢᠷᠠᠭᠤᠯᠤᠨ᠎ᠠ᠃ | ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ | ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠰᠢᠶᠣᠣ ᠹᠧᠨ | ᠲᠠᠨᠢᠯᠴᠠᠭᠤᠯᠬᠤ ᠳᠠᠭᠠᠨ᠂ ᠡᠯ᠎ᠡ ᠭᠠᠵᠠᠷ ᠤᠨ ᠵᠠᠰᠠᠭ ᠤᠨ ᠣᠷᠳᠣᠨ ᠬᠠᠩᠭᠠᠯᠭ᠎ᠠ ᠶᠢᠨ ᠪᠦᠲᠦᠴᠡ ᠳᠤ ᠰᠠᠨᠠᠭᠠᠴᠢᠯᠠᠭ᠎ᠠ | ᠠᠴᠠ ᠪᠠᠨ ᠲᠣᠬᠢᠷᠠᠭᠤᠯᠤᠯᠲᠠ ᠬᠢᠵᠦ᠂ ᠭᠤᠣᠯᠯᠠᠬᠤ ᠣᠷᠣᠨ ᠪᠦᠰᠡ ᠶᠢᠨ ᠴᠢᠨᠠᠷ ᠰᠠᠶᠢᠲᠠᠢ ᠭᠠᠵᠠᠷ ᠰᠢᠷᠣᠢ ᠵᠢᠴᠢ ︽ | ᠵᠢᠵᠢᠭ ᠮᠥᠷᠲᠡᠭᠡᠨ ᠭᠤᠶᠣ︾ ᠭᠠᠵᠠᠷ ᠰᠢᠷᠣᠢ ᠶᠢᠨ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠪᠠ᠃ ᠬᠠᠩᠵᠧᠦ ᠪᠠᠷ | ᠵᠢᠱᠢᠶᠡᠯᠡᠪᠡᠯ᠂ 2025 ᠣᠨ ᠳᠤ ᠨᠢᠭᠡᠨᠲᠡ ᠰᠢᠯᠵᠢᠭᠦᠯᠦᠨ ᠬᠤᠳᠠᠯᠳᠤᠭᠰᠠᠨ 20 ᠵᠦᠢᠯ ᠤᠨ ᠲᠠᠸᠠᠷ ᠤᠨ ᠣᠷᠣᠨ | ᠰᠠᠭᠤᠴᠠ ᠶᠢᠨ ᠭᠠᠵᠠᠷ ᠰᠢᠷᠣᠢ ᠶᠢᠨ 90% ᠶᠢᠨ ᠲᠠᠩ ᠲᠥᠷᠥᠯ ᠤᠨ ᠪᠠᠷᠢᠯᠭ᠎ᠠ ᠶᠢᠨ ᠲᠠᠯᠠᠪᠠᠶ ᠨᠢ 9 ᠲᠦᠮᠡᠨ | ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠦᠭᠡᠢ᠃ ᠡᠲᠡᠭᠡᠷ ᠭᠠᠵᠠᠷ ᠰᠢᠷᠣᠢ ᠢᠵᠢ ᠪᠦᠷᠢᠨ᠂ | ᠪᠠᠭᠲᠠᠭᠠᠮᠵᠢ ᠶᠢᠨ ᠨᠣᠷᠮ᠎ᠠ ᠨᠢ ᠲᠣᠬᠢᠷᠠᠮᠵᠢᠲᠠᠢ ᠪᠣᠯᠬᠤᠷ ᠰᠠᠭᠤᠭᠠᠯᠢ ᠠᠷᠠᠳ ᠤᠨ ᠴᠢᠨᠠᠷ ᠴᠢᠨᠰᠠᠭ᠎ᠠ ᠲᠠᠢ ᠣᠷᠣᠰᠢᠨ | ᠰᠠᠭᠤᠬᠤ ᠭᠡᠷ ᠪᠠᠶᠢᠰᠢᠩ ᠭᠠᠵᠠᠷ ᠬᠥᠷᠥᠩᠭᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠳᠤ ᠨᠠᠩ ᠲᠣᠬᠢᠷᠠᠮᠵᠢᠲᠠᠢ | ᠶᠤᠮ᠃ | 2025 ᠣᠨ ᠤ 2 ᠳ᠋ᠤᠭᠠᠷ ᠰᠠᠷ᠎ᠠ ᠳᠤ ᠣᠯᠠᠨ ᠭᠠᠵᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ | ᠪᠠᠶᠢᠳᠠᠯ ᠢᠯᠡᠳᠲᠡ ᠰᠠᠶᠢᠵᠢᠷᠠᠪᠠ | ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠰᠠᠶᠢᠵᠢᠷᠠᠯᠲᠠ ᠪᠠᠷ ᠪᠠᠷᠠᠬᠤ ᠦᠭᠡᠢ᠂ ᠴᠠᠭᠠᠨ ᠰᠠᠷ᠎ᠠ ᠶᠢᠨ ᠳᠠᠷᠠᠭ᠎ᠠ | ᠂ ᠵᠠᠬ᠎ᠠ ᠳᠡᠯᠭᠡᠭᠦᠷ ᠤᠨ ᠠᠷᠠᠯᠵᠢᠶ᠎ᠠ ᠠᠴᠠ ᠦᠵᠡᠪᠡᠯ᠂ ᠱᠧᠨᠵᠧᠨ᠂ ᠪᠡᠭᠡᠵᠢᠩ᠂ ᠱᠠᠩᠬᠠᠢ ᠪᠠᠷ ᠲᠥᠯᠥᠭᠡᠯᠡᠭᠦᠯᠦᠭᠰᠡᠨ | ᠨᠢᠭᠡᠳᠦᠭᠡᠷ ᠲᠡᠰ ᠤᠨ ᠬᠤᠲᠠ ᠵᠢᠴᠢ ᠬᠡᠰᠡᠭ ᠬᠤᠶᠠᠳᠤᠭᠠᠷ ᠲᠡᠰ ᠤᠨ ᠬᠤᠲᠠ ᠴᠠᠭᠠᠨ ᠰᠠᠷ᠎ᠠ ᠶᠢᠨ ᠠᠮᠠᠷᠠᠯᠲᠠ ᠶᠢᠨ | ᠬᠤᠭᠤᠴᠠᠭᠠᠨ ᠤ ᠨᠥᠯᠥᠭᠡ ᠠᠴᠠ ᠲᠦᠷᠭᠡᠨ ᠠᠩᠭᠢᠵᠢᠷᠠᠵᠤ᠂ ᠰᠢᠨ᠎ᠡ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ | ᠬᠥᠭᠵᠢᠶᠡᠨᠲᠦ ᠪᠠᠶᠢᠳᠠᠯ ᠢᠯᠡᠳᠲᠡ ᠳᠡᠭᠡᠭᠰᠢᠯᠡᠵᠦ᠂ ᠠᠷᠠᠯᠵᠢᠶ᠎ᠠ ᠲᠦᠷᠭᠡᠨ ᠰᠡᠷᠭᠦᠪᠡ᠃ | ᠪᠡᠭᠡᠵᠢᠩ ᠤᠨ ᠹᠧᠩᠲ᠋ᠠᠢ ᠶᠢᠨ ᠨᠢᠭᠡᠨ ᠰᠢᠨ᠎ᠡ ᠭᠡᠷ ᠪᠠᠶᠢᠰᠢᠩ ᠤᠨ ᠲᠦᠷᠦᠯ ᠵᠦᠢᠯ ᠤᠨ ᠠᠰᠠᠷ ᠬᠤᠳᠠᠯᠳᠤᠬᠤ | ᠭᠠᠵᠠᠷ ᠲᠤ᠂ ᠲᠤᠬᠠᠢ ᠶᠢᠨ ᠲᠠᠯᠠᠪᠤᠷ ᠲᠤ ᠴᠥᠭᠡᠨ ᠪᠤᠰᠤ ᠭᠡᠷ ᠪᠠᠶᠢᠰᠢᠩ ᠬᠤᠳᠠᠯᠳᠤᠨ ᠠᠪᠬᠤ ᠰᠠᠨᠠᠭᠠᠲᠠᠢ ᠬᠥᠮᠥᠰ | ᠪᠣᠷᠣᠯᠠᠭᠤᠯᠤᠭᠴᠢ ᠠᠴᠠ ᠠᠰᠠᠷ ᠤᠨ ᠪᠠᠶᠢᠳᠠᠯ ᠢ ᠣᠶᠢᠯᠠᠭᠠᠵᠤ ᠪᠠᠶᠢᠯ᠎ᠠ᠃ ᠨᠢᠭᠡ ᠴᠠᠭ ᠤᠨ ᠳᠣᠲᠣᠷ᠎ᠠ᠂ ᠠᠰᠠᠷ | ᠬᠤᠳᠠᠯᠳᠤᠬᠤ ᠭᠠᠵᠠᠷ ᠤᠨ ᠶᠡᠭᠡ ᠲᠢᠩᠬᠢᠮ ᠳᠤ ᠭᠡᠷ ᠦᠵᠡᠬᠦ ᠪᠠᠷ ᠢᠷᠡᠭᠰᠡᠨ 40 ᠭᠠᠷᠤᠢ ᠳᠤᠭᠤᠶᠢᠯᠠᠩ ᠬᠥᠮᠥᠰ ᠢ | ᠬᠦᠯᠢᠶᠡᠨ ᠠᠪᠴᠤ ᠵᠣᠴᠢᠯᠠᠪᠠ᠃ | ᠬᠤᠯᠪᠣᠭᠳᠠᠯ ᠪᠦᠬᠦᠢ ᠪᠠᠶᠢᠭᠤᠯᠤᠮᠵᠢ ᠶᠢᠨ ᠪᠦᠷᠢᠳᠬᠡᠯ ᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ ᠳᠤ | ᠪᠡᠭᠡᠵᠢᠩ ᠤᠨ ᠴᠥᠭᠡᠨ ᠪᠤᠰᠤ ᠰᠢᠨ᠎ᠡ ᠭᠡᠷ ᠪᠠᠶᠢᠰᠢᠩ ᠤᠨ ᠲᠦᠷᠦᠯ ᠵᠦᠢᠯ ᠤᠨ ᠯᠠᠪᠯᠠᠯᠲᠠ ᠶᠢᠨ ᠬᠡᠮᠵᠢᠶ᠎ᠡ᠂ | ᠰᠦᠯᠵᠢᠶᠡᠨ ᠭᠠᠳᠠᠨᠠᠬᠢ ᠠᠶᠢᠯᠴᠢᠯᠠᠯᠲᠠ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠬᠡᠰᠡᠭ ᠲᠦᠷᠦᠯ ᠵᠦᠢᠯ ᠤᠨ | ᠠᠶᠢᠯᠴᠢᠯᠠᠯᠲᠠ ᠶᠢᠨ ᠬᠡᠮᠵᠢᠶ᠎ᠡ ᠨᠢ ᠵᠢᠯ ᠤᠨ ᠡᠬᠢᠨ ᠤ ᠬᠢ ᠠᠴᠠ ᠠᠷᠪᠠᠨ ᠤ ᠳᠣᠯᠣᠭᠠᠨ ᠬᠤᠪᠢ ᠪᠠᠷ ᠨᠡᠮᠡᠭᠳᠡᠵᠡᠢ᠃ | ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ | ᠨᠡᠶᠢᠲᠡᠯᠡᠭᠰᠡᠨ ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ 2025 ᠣᠨ ᠤ 2 ᠳ᠋ᠤᠭᠠᠷ ᠰᠠᠷ᠎ᠠ ᠳᠤ᠂ | ᠪᠥᠬᠦ ᠬᠤᠲᠠ ᠶᠢᠨ ᠰᠢᠨ᠎ᠡ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ 2295 ᠢᠵᠢ ᠭᠡᠷ᠎ᠡ ᠲᠣᠭᠲᠠᠵᠤ᠂ | ᠠᠳᠠᠯᠢ ᠬᠤᠭᠤᠴᠠᠭᠠᠨ ᠤ ᠬᠢ ᠠᠴᠠ 58.82% ᠥᠰᠴᠡᠢ᠃ | ᠪᠡᠭᠡᠵᠢᠩ ᠠᠴᠠ ᠭᠠᠳᠠᠨ᠎ᠠ᠂ ᠱᠠᠩᠬᠠᠢ᠂ ᠭᠤᠸᠠᠩᠵᠸᠦ ᠵᠡᠷᠭᠡ ᠬᠤᠲᠠ ᠶᠢᠨ ᠰᠢᠨ᠎ᠡ ᠭᠡᠷ ᠪᠠᠶᠢᠰᠢᠩ ᠤᠨ | ᠠᠷᠠᠯᠵᠢᠶ᠎ᠠ ᠪᠦᠲᠦᠭᠰᠡᠨ ᠬᠡᠮᠵᠢᠶ᠎ᠡ ᠴᠦ ᠥᠨᠳᠥᠷ ᠪᠠᠶᠢᠷᠢᠨ ᠳᠤ ᠪᠠᠶᠢᠭᠰᠠᠭᠠᠷ ᠪᠠᠶᠢᠨ᠎ᠠ᠃ 2 ᠳ᠋ᠤᠭᠠᠷ ᠰᠠᠷ᠎ᠠ ᠳᠤ᠂ | ᠱᠠᠩᠬᠠᠢ ᠶᠢᠨ ᠰᠢᠨ᠎ᠡ ᠭᠡᠷ ᠪᠠᠶᠢᠰᠢᠩ 8299 ᠢᠵᠢ ᠠᠷᠠᠯᠵᠢᠶ᠎ᠠ ᠲᠣᠬᠢᠷᠠᠵᠤ᠂ ᠠᠷᠠᠯᠵᠢᠶ᠎ᠠ ᠪᠦᠲᠦᠭᠰᠡᠨ ᠲᠠᠯᠠᠪᠠᠶ ᠨᠢ | 27.9 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.8% ᠪᠠᠷ | ᠨᠡᠮᠡᠭᠳᠡᠪᠡ︔ ᠭᠤᠸᠠᠩᠵᠸᠦ ᠶᠢᠨ ᠰᠢᠨ᠎ᠡ ᠭᠡᠷ ᠪᠠᠶᠢᠰᠢᠩ 3420 ᠢᠵᠢ ᠠᠷᠠᠯᠵᠢᠶ᠎ᠠ ᠲᠣᠬᠢᠷᠠᠵᠤ᠂ ᠠᠳᠠᠯᠢ | ᠬᠤᠭᠤᠴᠠᠭᠠᠨ ᠤ ᠬᠢ ᠠᠴᠠ 59% ᠪᠠᠷ ᠨᠡᠮᠡᠭᠳᠡᠪᠡ︔ ᠱᠧᠨᠵᠧᠨ ᠤ ᠰᠢᠨ᠎ᠡ ᠭᠡᠷ ᠪᠠᠶᠢᠰᠢᠩ ᠤᠨ ᠠᠷᠠᠯᠵᠢᠶ᠎ᠠ | ᠪᠦᠲᠦᠭᠰᠡᠨ ᠪᠠᠶᠢᠳᠠᠯ ᠠᠳᠠᠯᠢ ᠬᠤᠭᠤᠴᠠᠭᠠᠨ ᠤ ᠬᠢ ᠠᠴᠠ 141% ᠪᠠᠷ ᠨᠡᠮᠡᠭᠳᠡᠵᠡᠢ᠃ | ᠪᠡᠭᠡᠵᠢᠩ ᠱᠠᠩᠬᠠᠢ ᠶᠢᠨ ᠭᠠᠷ ᠳᠠᠮᠵᠢᠭᠰᠠᠨ ᠣᠷᠣᠨ ᠰᠠᠭᠤᠴᠠ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ | ᠪᠣᠯᠵᠤ᠂ ᠠᠷᠠᠯᠵᠢᠶ᠎ᠠ ᠪᠦᠲᠦᠭᠰᠡᠨ ᠬᠡᠮᠵᠢᠶ᠎ᠡ ᠢᠯᠡᠳᠲᠡ ᠲᠡᠭᠡᠭᠰᠢᠯᠡᠵᠡᠢ | ᠣᠶᠢᠷ᠎ᠠ ᠶᠢᠨ ᠬᠤᠭᠤᠴᠠᠭᠠᠨ ᠳᠤ ᠪᠡᠭᠡᠵᠢᠩ᠂ ᠱᠠᠩᠬᠠᠢ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ | ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠬᠤ ᠪᠠᠶᠢᠳᠠᠯ ᠲᠠᠢ ᠪᠠᠶᠢᠵᠤ᠂ ᠠᠷᠠᠯᠵᠢᠶ᠎ᠠ ᠪᠦᠲᠦᠭᠰᠡᠨ ᠬᠡᠮᠵᠢᠶ᠎ᠡ ᠴᠦ | ᠢᠯᠡᠳᠲᠡ ᠨᠡᠮᠡᠭᠳᠡᠭᠰᠡᠨ ᠪᠠᠶᠢᠨ᠎ᠠ᠃ | ᠪᠡᠭᠡᠵᠢᠩ ᠤᠨ ᠴᠣᠣᠶᠠᠩ ᠲᠣᠭᠤᠷᠢᠭ ᠤᠨ ᠨᠢᠭᠡᠨ ᠭᠡᠷ ᠪᠠᠶᠢᠰᠢᠩ ᠤᠨ ᠵᠠᠭᠤᠴᠢ ᠶᠢᠨ ᠲᠥᠪ ᠲᠤ ᠨᠢᠭᠡ | ᠴᠠᠭ ᠤᠨ ᠳᠣᠲᠣᠷ᠎ᠠ 4 ᠭᠡᠷ᠎ᠡ ᠳᠤ ᠭᠠᠷ ᠤᠨ ᠦᠰᠦᠭ ᠵᠢᠷᠤᠪᠠ᠃ ᠡᠭᠦᠨ ᠤ ᠬᠠᠮᠲᠤ ᠵᠣᠴᠢᠨ ᠡᠷᠦᠭᠡ ᠪᠠᠩᠬᠢ ᠶᠢᠨ | ᠵᠢᠭᠡᠯᠡᠯᠭᠡ ᠶᠢᠨ ᠲᠤᠬᠠᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠠᠰᠠᠭᠤᠨ ᠯᠠᠪᠯᠠᠪᠠ᠃ ᠦᠳᠡ ᠶᠢᠨ | ᠬᠤᠭᠤᠯᠠᠨ ᠤ ᠴᠠᠭ ᠪᠣᠯᠤᠭᠰᠠᠨ ᠴᠤ ᠠᠵᠢᠯᠲᠠᠳ ᠠᠴᠠ ᠭᠡᠷ᠎ᠡ ᠶᠢ ᠰᠢᠢᠳᠪᠦᠷᠢᠯᠡᠨ ᠵᠣᠴᠢᠳ ᠬᠦᠯᠢᠶᠡᠨ ᠠᠪᠴᠦ | ᠶᠠᠭᠠᠷᠠᠯᠳᠤᠨ᠎ᠠ᠃ ᠣᠶᠢᠯᠠᠭᠠᠭᠰᠠᠨ ᠢᠶᠠᠷ᠂ ᠲᠤᠬᠠᠢ ᠶᠢᠨ ᠡᠳᠦᠷ ᠲᠤ ᠤᠷᠢᠳᠴᠢᠯᠠᠨ ᠪᠣᠯᠵᠣᠭᠰᠠᠨ ᠵᠣᠴᠢᠨ ᠡᠷᠦᠬᠡ | 20 ᠳᠤᠭᠤᠶᠢᠯᠠᠩ ᠳᠤ ᠬᠦᠷᠴᠦ᠂ ᠭᠠᠷᠠᠭ ᠤᠨ ᠰᠡᠭᠦᠯᠴᠢ ᠳᠤ ᠵᠣᠴᠢᠳ ᠢ ᠭᠥᠯᠢᠶᠡᠨ ᠠᠪᠬᠤ ᠲᠤᠭ᠎ᠠ ᠨᠢ ᠡᠩ ᠤᠨ | ᠦᠶ᠎ᠡ ᠶᠢᠨ ᠬᠢ ᠠᠴᠠ ᠨᠠᠭᠠᠲᠤ ᠵᠠᠬ᠎ᠠ ᠳᠠᠭᠠᠨ ᠭᠤᠷᠪᠠᠨ ᠳᠠᠬᠢᠨ ᠪᠤᠯᠳᠠᠭ᠃ | ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠵᠥᠪᠯᠡᠯ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2025 ᠣᠨ ᠤ 2 ᠳ᠋ᠤᠭᠠᠷ | ᠰᠠᠷ᠎ᠠ ᠳᠤ᠂ ᠪᠥᠬᠦ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ | ᠵᠢᠷᠤᠭᠰᠠᠨ ᠲᠤᠭ᠎ᠠ ᠨᠡᠶᠢᠲᠡ 11876 ᠢᠵᠢ ᠪᠠᠶᠢᠪᠠ᠃ ᠠᠵᠢᠯ ᠲᠥᠷᠥᠯ ᠤᠨ ᠬᠥᠮᠥᠰ ᠤᠨ ᠬᠡᠯᠡᠬᠦ ᠪᠠᠷ᠂ ᠡᠨᠡ | ᠬᠡᠳᠦᠨ ᠭᠠᠷᠠᠭ ᠤᠨ ᠵᠠᠬ᠎ᠠ ᠳᠡᠯᠭᠡᠭᠦᠷ ᠤᠨ ᠢᠯᠡᠷᠡᠯ ᠠᠴᠠ ᠦᠵᠡᠪᠡᠯ᠂ ᠴᠠᠭᠠᠨ ᠰᠠᠷ᠎ᠠ ᠠᠴᠠ ᠡᠮᠦᠨᠡᠬᠢ ᠵᠠᠬ᠎ᠠ | ᠳᠡᠯᠭᠡᠭᠦᠷ ᠤᠨ ᠬᠠᠯᠠᠮᠰᠢᠯ ᠤᠨ ᠬᠡᠮᠵᠢᠶ᠎ᠡ ᠪᠠᠶᠠᠷ ᠤᠨ ᠡᠳᠦᠷ ᠤᠨ ᠳᠠᠷᠠᠭ᠎ᠠ ᠦᠷᠭᠦᠯᠵᠢᠯᠡᠭᠰᠡᠭᠡᠷ ᠪᠠᠶᠢᠨ᠎ᠠ᠃ | ᠠᠶᠢᠯᠴᠢᠯᠠᠯᠳᠠ ᠶᠢᠨ ᠬᠡᠮᠵᠢᠶ᠎ᠡ ᠪᠠ ᠠᠷᠠᠯᠵᠢᠶ᠎ᠠ ᠪᠦᠲᠦᠭᠰᠡᠨ ᠬᠡᠮᠵᠢᠶ᠎ᠡ ᠢᠯᠡᠳᠲᠡ ᠨᠡᠮᠡᠭᠳᠡᠭᠰᠡᠨ ᠢᠶᠠᠷ ᠪᠠᠷᠠᠬᠤ | ᠦᠭᠡᠢ᠂ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠨᠢ ᠴᠦ ᠥᠮᠴᠢᠲᠡᠨ ᠤ ᠢᠲᠡᠭᠡᠯ ᠢ ᠨᠡᠮᠡᠭᠳᠡᠭᠦᠯᠵᠦ᠂ ᠭᠡᠷ | ᠪᠠᠶᠢᠰᠢᠩ ᠤᠨ ᠰᠣᠯᠢᠬᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠨᠢ ᠴᠦ ᠣᠶᠢᠷ᠎ᠠ ᠶᠢᠨ ᠬᠤᠭᠤᠴᠠᠭᠠᠨ ᠤ | ᠪᠡᠭᠡᠵᠢᠩ ᠤᠨ ᠭᠠᠷ ᠳᠠᠮᠵᠢᠭᠰᠠᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠫᠠᠶᠢᠰᠠ ᠡᠯᠭᠦᠬᠦ ᠬᠡᠮᠵᠢᠶ᠎ᠡ ᠶᠢᠨ | ᠥᠰᠦᠯᠲᠡ ᠳᠤ ᠰᠡᠳᠡᠯᠲᠡ ᠥᠭᠭᠦᠭᠰᠡᠨ ᠪᠠᠶᠢᠨ᠎ᠠ᠃ ᠪᠡᠭᠡᠵᠢᠩ ᠤᠨ ᠨᠢᠭᠡᠨ ᠭᠡᠷ ᠪᠠᠶᠢᠰᠢᠩ ᠭᠠᠵᠠᠷ ᠬᠥᠷᠥᠩᠭᠡ ᠶᠢᠨ | ᠵᠠᠭᠤᠴᠢ ᠺᠣᠮᠫᠠᠨᠢ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠲᠤᠰ ᠺᠣᠮᠫᠠᠨᠢ ᠶᠢᠨ ᠲᠠᠪᠴᠠᠩ ᠳᠡᠭᠡᠷᠡᠬᠢ ᠫᠠᠶᠢᠰᠠ | ᠡᠯᠭᠦᠭᠰᠡᠨ ᠬᠡᠮᠵᠢᠶ᠎ᠡ ᠨᠢ 15 ᠲᠦᠮᠡᠨ ᠢᠵᠢ ᠶᠢ ᠳᠠᠪᠠᠵᠠᠢ᠃ | ᠱᠠᠩᠬᠠᠢ ᠳᠤ᠂ ᠵᠠᠷᠢᠮ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢ ᠪᠠᠶᠢᠭᠤᠯᠤᠮᠵᠢ ᠨᠢ᠂ ᠬᠤᠶᠠᠳᠤᠭᠠᠷ | ᠰᠠᠷ᠎ᠠ ᠠᠴᠠ ᠨᠠᠰᠢ᠂ ᠭᠠᠷ ᠳᠠᠮᠵᠢᠭᠰᠠᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠰᠠᠶᠢᠵᠢᠷᠠᠯᠲᠠ ᠢᠯᠡᠳᠲᠡ ᠪᠣᠯᠵᠤ᠂ | ᠵᠠᠷᠢᠮ ᠵᠠᠯᠠᠭᠤ ᠬᠥᠮᠥᠰ ᠢᠳᠡᠪᠬᠢᠲᠡᠢ ᠪᠠᠷ ᠤᠷᠤᠯᠴᠠᠵᠦ ᠪᠠᠶᠢᠨ᠎ᠠ᠃ | ᠱᠠᠩᠬᠠᠢ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠤᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ 2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠭᠠᠷ ᠳᠠᠮᠵᠢᠭᠰᠠᠨ ᠭᠡᠷ | ᠪᠠᠶᠢᠰᠢᠩ ᠤᠨ ᠠᠷᠠᠯᠵᠢᠶ᠎ᠠ ᠪᠦᠲᠦᠭᠰᠡᠨ ᠬᠡᠮᠵᠢᠶ᠎ᠡ 16742 ᠢᠵᠢ ᠪᠠᠶᠢᠵᠤ᠂ 2024 ᠣᠨ ᠤ ᠠᠳᠠᠯᠢ | ᠬᠤᠭᠤᠴᠠᠭᠠᠨ ᠤ ᠬᠢ ᠠᠴᠠ ᠬᠤᠯᠠ ᠳᠠᠪᠠᠭᠰᠠᠨ ᠪᠠᠶᠢᠨ᠎ᠠ᠃ 3 ᠳ᠋ᠤᠭᠠᠷ ᠰᠠᠷ᠎ᠠ ᠶᠢᠨ ᠨᠢᠭᠡᠳᠦᠭᠡᠷ ᠭᠠᠷᠠᠭ ᠤᠨ | ᠰᠡᠭᠦᠯᠴᠢ ᠳᠤ᠂ ᠬᠤᠶᠠᠷ ᠡᠳᠦᠷ ᠤᠨ ᠠᠷᠠᠯᠵᠢᠶ᠎ᠠ ᠪᠦᠲᠦᠭᠰᠡᠨ ᠬᠡᠮᠵᠢᠶ᠎ᠡ 2500 ᠢᠵᠢ ᠶᠢ ᠳᠠᠪᠠᠪᠠ᠂ ᠡᠭᠦᠨ ᠳᠤ 3 | ᠳ᠋ᠤᠭᠠᠷ ᠰᠠᠷ᠎ᠠ ᠶᠢᠨ 1 ᠤ ᠡᠳᠦᠷ 1296 ᠢᠵᠢ ᠶᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ᠂ 2025 | ᠣᠨ ᠤ ᠭᠠᠭᠴᠠ ᠡᠳᠦᠷ ᠤᠨ ᠬᠠᠮᠤᠭ ᠤᠨ ᠥᠨᠳᠥᠷ ᠠᠷᠠᠯᠵᠢᠶ᠎ᠠ ᠪᠦᠲᠦᠭᠰᠡᠨ ᠲᠡᠮᠳᠡᠭᠯᠡᠯ ᠢ ᠰᠢᠨᠡᠳᠬᠡᠪᠡ᠃ | ᠬᠡᠰᠡᠭ ᠭᠤᠤᠯᠯᠠᠭᠴᠢ ᠬᠤᠲᠠ ᠶᠢᠨ ᠰᠢᠨ᠎ᠡ ᠭᠡᠷ ᠪᠠᠶᠢᠰᠢᠩ ᠤᠨ ᠦᠨ᠎ᠡ ᠪᠦᠲᠦᠴᠡ ᠶᠢᠨ ᠴᠢᠨᠠᠷᠲᠠᠢ ᠪᠠᠷ | ᠥᠰᠪᠡ | ᠵᠠᠬ᠎ᠠ ᠳᠡᠯᠭᠡᠭᠦᠷ ᠤᠨ ᠪᠠᠶᠢᠭᠤᠯᠤᠮᠵᠢ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | ᠵᠠᠭᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠦᠨ᠎ᠡ ᠪᠦᠲᠦᠴᠡ ᠶᠢᠨ ᠴᠢᠨᠠᠷᠲᠠᠢ ᠪᠠᠷ | ᠪᠠᠭ᠎ᠠ ᠥᠰᠬᠦ ᠬᠠᠨᠳᠤᠰᠢ ᠲᠠᠢ ᠪᠣᠯᠵᠤ᠂ ᠭᠠᠷ ᠳᠠᠮᠵᠢᠭᠰᠠᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ | ᠪᠠᠭᠤᠷᠠᠯᠲᠠ ᠶᠢᠨ ᠬᠡᠮᠵᠢᠶ᠎ᠡ ᠦᠷᠭᠦᠯᠵᠢᠯᠡᠨ ᠪᠠᠭᠠᠰᠴᠤ ᠪᠠᠶᠢᠨ᠎ᠠ᠃ ᠠᠵᠢᠯ ᠲᠥᠷᠥᠯ ᠤᠨ ᠳᠣᠲᠣᠭᠠᠳᠤ ᠶᠢᠨ ᠬᠥᠮᠥᠰ | ᠢᠯᠡᠷᠬᠡᠶᠢᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠭᠡᠷ ᠪᠠᠶᠢᠰᠢᠩ ᠭᠠᠵᠠᠷ ᠬᠥᠷᠥᠩᠭᠡ ᠶᠢᠨ | ᠲᠤᠬᠠᠢ ᠬᠠᠮᠤᠭ ᠤᠨ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠢᠷᠡᠭᠡᠳᠦᠢ ᠳᠤ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠦᠷᠭᠦᠯᠵᠢᠯᠡᠨ ᠲᠣᠭᠲᠠᠪᠤᠷᠢᠵᠢᠬᠤ ᠪᠣᠯᠣᠮᠵᠢ ᠲᠠᠢ ᠪᠠᠶᠢᠬᠤ ᠳᠤ ᠢᠳᠡᠭᠡᠯ ᠲᠠᠢ ᠪᠠᠶᠢᠨ᠎ᠠ ᠭᠡᠵᠡᠢ᠃ | ᠣᠶᠢᠷ᠎ᠠ ᠳᠤ᠂ ᠭᠤᠷᠪᠠᠳᠠᠭᠢ ᠡᠲᠡᠭᠡᠳ ᠤᠨ ᠰᠤᠳᠤᠯᠭᠠᠨ ᠤ ᠪᠠᠶᠢᠭᠤᠯᠤᠮᠵᠢ ᠵᠥᠩ ᡁᠢ ᠰᠤᠳᠤᠯᠭᠠᠨ ᠤ | ᠬᠦᠷᠢᠶᠡᠯᠡᠩ ᠤᠨ ᠨᠡᠶᠢᠲᠡᠯᠡᠭᠰᠡᠨ ︽ᠵᠠᠭᠤᠨ ᠬᠤᠲᠠ ᠶᠢᠨ ᠦᠨ᠎ᠡ ᠬᠠᠩᠰᠢ ᠶᠢᠨ ᠭᠦᠢᠴᠡᠳᠭᠡᠯ ᠲᠤᠭ᠎ᠠ ᠶᠢᠨ | ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ 2 ᠳ᠋ᠤᠭᠠᠷ ᠰᠠᠷ᠎ᠠ ᠳᠤ᠂ ᠪᠥᠬᠦ ᠤᠯᠤᠰ ᠤᠨ 100 ᠬᠤᠲᠠ ᠶᠢᠨ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠳᠤᠮᠳᠠᠴᠢ ᠦᠨ᠎ᠡ ᠨᠢ ᠲᠡᠭᠰᠢ ᠳᠥᠷᠪᠡᠯᠵᠢᠨ ᠮᠧᠲᠷ | ᠪᠦᠷᠢ ᠳᠡᠭᠡᠨ 16711 ᠲᠥᠭᠦᠷᠢᠭ ᠬᠦᠷᠴᠦ᠂ ᠲᠦᠷᠦᠭᠦᠸ ᠰᠠᠷ᠎ᠠ ᠶᠢᠨ ᠬᠢ ᠠᠴᠠ ᠪᠠᠨ 0.11% ᠪᠠᠷ ᠥᠰᠴᠡᠢ᠃ | | ᠬᠤᠲᠠ ᠶᠢᠨ ᠪᠠᠶᠢᠳᠠᠯ ᠠᠴᠠ ᠦᠵᠡᠪᠡᠯ᠂ ᠨᠢᠭᠡᠳᠦᠭᠡᠷ ᠲᠡᠰ ᠪᠠ ᠬᠤᠶᠠᠳᠤᠭᠠᠷ ᠲᠡᠰ ᠤᠨ ᠬᠤᠲᠠ ᠶᠢᠨ ᠰᠢᠨ᠎ᠡ | ᠭᠡᠷ ᠪᠠᠶᠢᠰᠢᠩ ᠤᠨ ᠦᠨ᠎ᠡ ᠬᠠᠩᠰᠢ ᠢᠯᠡ ᠲᠣᠳᠣ ᠪᠣᠯᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 0. | 24%᠂ 0.08% ᠪᠠᠷ ᠥᠰᠴᠡᠢ᠃ ᠬᠡᠰᠡᠭ ᠭᠤᠣᠯᠯᠠᠭᠴᠢ ᠬᠤᠳᠠ ᠶᠢᠨ ᠬᠢᠨ ᠴᠢᠨᠠᠷ ᠰᠠᠶᠢᠲᠠᠢ ᠰᠠᠶᠢᠵᠢᠷᠠᠭᠤᠯᠬᠤ | ᠲᠦᠷᠦᠯ ᠵᠦᠢᠯ ᠤᠨ ᠬᠦᠴᠦᠲᠡᠢ ᠲᠠᠶᠢᠴᠢᠯᠠᠯ ᠢᠶᠠᠷ᠂ ᠰᠢᠨ᠎ᠡ ᠭᠡᠷ ᠪᠠᠶᠢᠰᠢᠩ ᠤᠨ ᠦᠨ᠎ᠡ ᠪᠦᠲᠦᠴᠡ ᠶᠢᠨ ᠴᠢᠨᠠᠷᠲᠠᠢ | ᠥᠰᠦᠭᠰᠡᠨ ᠪᠠᠶᠢᠨ᠎ᠠ᠃ | ᠭᠠᠷ ᠳᠠᠮᠵᠢᠭᠰᠠᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠲᠠᠯ᠎ᠠ ᠪᠠᠷ᠂ 2 ᠳ᠋ᠤᠭᠠᠷ ᠰᠠᠷ᠎ᠠ ᠳᠤ᠂ ᠪᠥᠬᠦ | ᠤᠯᠤᠰ ᠤᠨ 100 ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠳᠤᠮᠳᠠᠴᠢ ᠦᠨ᠎ᠡ ᠨᠢ ᠲᠡᠭᠰᠢ | ᠳᠥᠷᠪᠡᠯᠵᠢᠨ ᠮᠧᠲᠷ ᠪᠦᠷᠢ ᠳᠡᠭᠡᠨ 14071 ᠲᠥᠭᠦᠷᠢᠭ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.42% | ᠪᠠᠭᠤᠷᠠᠵᠠᠢ᠂ ᠭᠡᠪᠡᠴᠦ ᠪᠠᠭᠤᠷᠠᠭᠰᠠᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.09 ᠵᠠᠭᠤᠨ ᠤ ᠨᠢᠭᠡᠴᠢ | ᠪᠠᠭᠠᠰᠴᠤ᠂ 7 ᠰᠠᠷ᠎ᠠ ᠳᠠᠷᠠᠭᠠᠯᠠᠨ ᠪᠠᠭᠠᠰᠬᠤ ᠬᠠᠨᠳᠤᠰᠢ ᠲᠠᠢ ᠪᠣᠯᠵᠠᠢ᠃ | ᠠᠵᠢᠯ ᠲᠥᠷᠥᠯ ᠤᠨ ᠳᠣᠲᠣᠭᠠᠳᠤ ᠶᠢᠨ ᠬᠥᠮᠥᠰ ᠢᠯᠡᠷᠬᠡᠶᠢᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ | ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ︾᠂ ︽ᠬᠤᠲᠠ ᠶᠢᠨ ᠪᠠᠶᠢᠳᠠᠯ ᠳᠤᠨᠢ | ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠳᠤ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ | ᠲᠣᠬᠢᠷᠠᠭᠤᠯᠤᠨ ᠬᠠᠰᠤᠨ᠎ᠠ︾ ᠭᠡᠵᠦ ᠲᠣᠳᠣᠷᠬᠠᠢ ᠳᠤᠷᠠᠳᠤᠭᠰᠠᠨ ᠨᠢ ᠬᠡᠰᠡᠭ ᠬᠤᠲᠠ ᠶᠢᠨ ᠬᠡᠷᠡᠭᠵᠢᠭᠦᠯᠵᠦ ᠪᠠᠶᠢᠭ᠎ᠠ | ᠬᠤᠳᠠᠯᠳᠤᠨ ᠠᠪᠬᠤ ᠶᠢ ᠬᠢᠵᠠᠭᠠᠷᠯᠠᠬᠤ ᠪᠠ ᠵᠢᠭᠡᠯᠡᠯᠭᠡ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠦᠷᠭᠦᠯᠵᠢᠯᠡᠨ | ᠲᠣᠬᠢᠷᠠᠭᠤᠯᠤᠯᠲᠠ ᠬᠢᠬᠦ ᠣᠷᠣᠨ ᠵᠠᠢ ᠣᠷᠣᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠡᠭᠦᠨ ᠤ ᠵᠡᠷᠭᠡ ᠳᠤ᠂ ︽ | ᠰᠠᠶᠢᠨ ᠭᠡᠷ ᠪᠠᠶᠢᠰᠢᠩ︾ ᠢ ᠴᠤ ᠠᠩᠬ᠎ᠠ ᠤᠳᠠᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠨ | ᠣᠷᠣᠭᠤᠯᠵᠤ᠂ ᠤᠯᠤᠰ ᠠᠴᠠ ︽ᠰᠠᠶᠢᠨ ᠭᠡᠷ ᠪᠠᠶᠢᠰᠢᠩ︾ ᠤᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠲᠦᠯᠬᠢᠨ ᠠᠬᠢᠭᠤᠯᠬᠤ ᠪᠣᠯᠣᠨ᠎ᠠ᠃ ᠡᠶᠢᠮᠦ ᠠᠴᠠ ᠶᠡᠷᠦᠩᠬᠡᠢ ᠳᠤᠨᠢ ᠠᠪᠴᠤ ᠦᠵᠡᠪᠡᠯ᠂ 2025 | ᠣᠨ ᠪᠣᠯ ᠮᠥᠨ ᠬᠦ ᠲᠥᠷᠥ ᠶᠢᠨ ᠪᠣᠳᠣᠯᠭ᠎ᠠ ᠶᠢᠨ ᠠᠰᠢᠭᠲᠠᠢ ᠨᠢᠭᠡ ᠵᠢᠯ ᠪᠣᠯᠣᠨ᠎ᠠ ᠭᠡᠵᠡᠢ᠃ | ᠢᠦᠢ ᠰᠢᠶᠣᠣ ᠹᠧᠨ ᠢᠯᠡᠷᠬᠡᠶᠢᠯᠡᠬᠦ ᠳᠡᠭᠡᠨ᠂ ᠡᠯ᠎ᠡ ᠭᠠᠵᠠᠷ ᠤᠨ ᠵᠠᠰᠠᠭ ᠤᠨ ᠣᠷᠳᠣᠨ ᠴᠤ ᠴᠢᠨᠠᠷ ᠰᠠᠶᠢᠲᠠᠢ | ᠭᠠᠵᠠᠷ ᠰᠢᠷᠣᠢ ᠶᠢᠨ ᠬᠠᠩᠭᠠᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠬᠠᠮᠲᠤ ᠭᠠᠵᠠᠷ | ᠰᠢᠷᠣᠢ ᠶᠢᠨ ᠦᠨ᠎ᠡ ᠬᠠᠶᠠᠯᠴᠠᠨ ᠬᠤᠳᠠᠯᠳᠤᠬᠤ ᠳᠦᠷᠢᠮ᠂ ᠭᠠᠵᠠᠷ ᠰᠢᠷᠣᠢ ᠶᠢᠨ ᠪᠠᠭᠲᠠᠭᠠᠮᠵᠢ ᠶᠢ ᠪᠤᠳᠤᠬᠤ | ᠳᠦᠷᠢᠮ ᠵᠡᠷᠭᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ ︽ᠰᠠᠶᠢᠨ ᠭᠡᠷ ᠪᠠᠶᠢᠰᠢᠩ︾ ᠤᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠡᠭᠦᠨ ᠤ ᠵᠡᠷᠭᠡ ᠳᠤ᠂ ᠬᠤᠲᠠ ᠶᠢᠨ ᠲᠤᠮᠳᠠᠬᠢ ᠲᠣᠰᠬᠤᠨ ᠢ | ᠥᠭᠡᠷᠡᠴᠢᠯᠡᠬᠦ᠂ ᠵᠤᠭᠤᠰᠵᠢᠭᠤᠯᠤᠨ ᠲᠥᠪᠬᠢᠨᠡᠭᠦᠯᠬᠦ᠂ ᠲᠤᠰᠬᠠᠢ ᠵᠦᠢᠯ ᠤᠨ ᠵᠢᠭᠡᠯᠡᠯᠭᠡ ᠲᠠᠯᠪᠢᠬᠤ ᠵᠡᠷᠭᠡ ᠠᠷᠭ᠎ᠠ | ᠬᠡᠮᠵᠢᠶ᠎ᠡ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠢ ᠵᠠᠰᠠᠨ ᠰᠡᠷᠭᠦᠭᠡᠬᠦ ᠵᠢᠱᠢᠯᠲᠡ ᠤᠯᠠᠮ ᠨᠢᠭᠡ ᠠᠯᠬᠤᠮ | ᠲᠦᠷᠭᠡᠳᠬᠡᠬᠦ ᠪᠣᠯᠣᠨ᠎ᠠ᠃ | ᠢᠷᠡᠯᠲᠡ᠄ ᠲᠥᠪ ᠲᠧᠯᠸᠢᠰ ᠤᠨ ᠰᠦᠯᠵᠢᠶ᠎ᠡ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |