ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/19
      3 ᠳ᠋ᠤᠭᠠᠷ ᠰᠠᠷ᠎ᠠ ᠶᠢᠨ 17  ᠤ ᠡᠳᠦᠷ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠵᠠᠢ᠃ ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠵᠢᠢ ᠶᠢᠩ ᠬᠤᠷᠠᠯ ᠡᠷᠭᠢᠯᠡᠪᠡ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠥᠨᠳᠥᠷ ᠲᠦᠪᠰᠢᠨ ᠲᠠᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠪᠠᠶᠢᠩᠭᠤᠵᠢᠭᠤᠯᠬᠤ᠂ ᠥᠨᠴᠥᠭ ᠪᠤᠯᠤᠩ ᠦᠭᠡᠢ ᠪᠠᠶᠢᠯᠭᠠᠬᠤ᠂ ᠲᠡᠭ ᠠᠴᠠ ᠡᠬᠢᠯᠡᠨ ᠲᠤᠰᠬᠠᠶᠢᠵᠢᠭᠤᠯᠬᠤ᠂ ᠨᠠᠷᠢᠨ ᠲᠣᠳᠣᠷᠬᠠᠢ ᠬᠠᠭᠤᠳᠠᠰᠤ ᠶᠢ ᠭᠠᠷ ᠲᠠᠭᠠᠨ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠢ ᠲᠣᠭᠲᠠᠭᠠᠨ᠂ ᠬᠡᠮ ᠰᠣᠭᠤᠭ ᠢ ᠳᠠᠯᠳᠠᠯᠠᠬᠤ ᠭᠠᠵᠠᠷ ᠦᠭᠡᠢ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠡᠷᠡᠰ ᠰᠢᠭᠤᠷᠬᠠᠢ ᠣᠪᠣᠷ ᠢᠶᠠᠷ ᠴᠢᠩᠭ᠎ᠠ ᠠᠷᠭ᠎ᠠ ᠬᠡᠮᠵᠢᠶ᠎ᠡ ᠠᠪᠴᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠦᠨᠡᠨ ᠢ ᠪᠠᠷᠢᠮᠲᠠᠯᠠᠨ ᠦᠨᠳᠦᠰᠦᠨ ᠠᠴᠠ ᠨᠢ ᠵᠠᠰᠠᠵᠤ᠂ ᠡᠪᠡᠷᠰᠢᠶᠡᠯ ᠲᠠᠢ ᠭᠠᠵᠠᠷ ᠠᠴᠠ ᠨᠢᠭᠡ ᠶᠢ ᠵᠦᠢᠴᠢᠯᠡᠵᠦ ᠨᠦᠬᠦᠭᠡ ᠶᠢ ᠮᠡᠳᠡᠵᠦ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠠᠮᠤᠷ ᠲᠦᠪᠰᠢᠨ ᠤ ᠤᠬᠠᠮᠰᠠᠷ ᠪᠣᠯᠣᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠤ ᠲᠥᠪ ᠤᠨ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠲᠠ ᠶᠢᠨ ᠤᠳᠤᠷᠢᠳᠤᠯᠭ᠎ᠠ ᠸᠠᠩ ᠺᠦᠨ᠂ ᠸᠠᠩ ᠰᠢᠨ ᠢᠦᠢ᠂ ᠵᠢᠶᠣᠣ ᠬᠤᠩ᠂ ᠲᠠᠯ᠎ᠠ᠂ ᠭᠤᠸ ᠬᠠᠨ ᠵᠢᠴᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1