ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠷᠠᠳ ᠣᠯᠠᠨ ᠤ ᠴᠢᠨᠠᠷ ᠰᠠᠶᠢᠲᠠᠶ | ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ | ᠲᠦᠪᠰᠢᠨ᠂ ᠲᠠᠭᠠᠯᠠᠮᠵᠢᠲᠠᠶ᠂ ᠪᠣᠬᠢᠷᠲᠤᠯ ᠥᠬᠡᠶ᠂ ᠣᠶᠤᠨᠴᠢ ︽ᠰᠠᠶᠢᠨ ᠬᠡᠷ ᠪᠠᠶᠢᠰᠢᠩ︾ ᠢ ᠪᠥᠲᠥᠭᠡᠨ | ᠪᠠᠶᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠳᠤᠷᠠᠳᠪᠠ᠃ ᠣᠶᠢᠷ᠎ᠠ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ | ᠠᠷᠠᠳ ᠤᠨ ᠠᠮᠢᠳᠤᠷᠠᠯ ᠤᠨ ᠭᠤᠤᠯ ᠰᠡᠳᠦᠪᠲᠦ ᠰᠤᠷᠪᠤᠯᠵᠢᠯᠠᠭᠴᠢ ᠶᠢᠨ ᠬᠤᠷᠠᠯ ᠳᠡᠭᠡᠷ᠎ᠡ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ ︽ᠰᠠᠶᠢᠨ ᠭᠡᠷ ᠪᠠᠶᠢᠰᠢᠩ︾ | ᠤᠨ ᠴᠢᠬᠤᠯᠠ ᠠᠴᠢ ᠬᠤᠯᠪᠣᠭᠳᠠᠯ᠂ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠪᠠ ᠢᠳᠡᠪᠬᠢᠲᠡᠶ | ᠦᠢᠯᠡᠳᠦᠯ ᠳᠤ ᠲᠣᠳᠣᠷᠬᠠᠶᠢᠯᠠᠯᠲᠠ ᠬᠢᠵᠦ᠂ ᠲᠠᠷᠠᠭᠠᠴᠢ ᠶᠢᠨ ᠠᠯᠬᠤᠮ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ | ᠪᠠ ᠠᠵᠢᠯ ᠤᠨ ᠭᠤᠤᠯᠳᠠᠯᠭ᠎ᠠ ᠶᠢ ᠳᠤᠷᠠᠳᠪᠠ᠃ | ︽ᠰᠠᠶᠢᠨ ᠭᠡᠷ ᠪᠠᠶᠢᠰᠢᠩ︾ ᠨᠢ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠪᠦᠬᠦ ᠠᠮᠢ ᠨᠠᠰᠤᠨ ᠤ | ᠦᠶᠡᠯᠡᠯ ᠤᠨ ᠬᠤᠭᠤᠴᠠᠭ᠎ᠠ᠂ ᠪᠦᠬᠦ ᠠᠵᠤ ᠦᠢᠯᠡᠰ ᠤᠨ ᠬᠡᠯᠬᠢᠶ᠎ᠡ ᠳᠤ ᠬᠤᠯᠪᠣᠭᠳᠠᠨ᠎ᠠ᠃ ᠠᠮᠤᠷ ᠲᠦᠪᠰᠢᠨ᠂ | ᠲᠠᠭᠠᠯᠠᠮᠵᠢᠲᠠᠶ᠂ ᠪᠣᠬᠢᠷᠲᠤᠯ ᠥᠬᠡᠶ᠂ ᠣᠶᠤᠨᠴᠢ ᠪᠣᠯ ︽ᠰᠠᠶᠢᠨ ᠭᠡᠷ ᠪᠠᠶᠢᠰᠢᠩ︾ ᠤᠨ 4 ᠦᠨᠳᠦᠰᠦᠨ ᠣᠨᠴᠠᠯᠢᠭ | ᠮᠥᠨ᠂ ᠪᠦᠲᠦᠴᠡ ᠨᠢ ᠪᠠᠲᠤ ᠪᠠᠬᠢ᠂ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠨᠢ ᠰᠠᠶᠢᠨ᠂ ᠠᠷᠠᠳ | ᠣᠯᠠᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠮᠥᠷᠲᠡᠭᠡᠨ ᠲᠣᠬᠢᠷᠠᠮᠵᠢᠲᠠᠶ ᠦᠨᠳᠦᠷᠴᠡ᠂ | ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠴᠡᠪᠡᠷᠴᠡ ᠶᠢᠨ ᠬᠡᠮᠵᠢᠶ᠎ᠡ᠂ ᠭᠡᠷᠡᠯᠳᠦᠴᠡ ᠶᠢ ᠪᠦᠷᠢᠯᠳᠦᠭᠦᠯᠵᠦ᠂ | ᠠᠷᠠᠳ ᠣᠯᠠᠨ ᠢ ᠰᠠᠨᠠᠭ᠎ᠠ ᠠᠮᠤᠷ ᠰᠠᠭᠤᠯᠭᠠᠬᠤ ᠮᠥᠷᠲᠡᠭᠡᠨ ᠪᠠᠷᠢᠯᠭ᠎ᠠ ᠶᠢᠨ ᠮᠠᠲ᠋ᠧᠷᠢᠶᠠᠯ᠂ ᠪᠥᠲᠥᠭᠡᠨ ᠪᠠᠶᠢᠭᠤᠯᠤᠯᠲᠠ᠂ | ᠠᠵᠢᠯᠯᠠᠭᠠᠨ ᠤ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠣᠯᠭᠠᠵᠤ᠂ ᠣᠯᠠᠨ ᠲᠦᠮᠡᠨ ᠳᠤ | ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠬᠠᠮᠲᠤ ᠤᠶᠤᠨᠲᠤ ᠬᠡᠷ ᠤᠨ ᠴᠠᠬᠢᠯᠭᠠᠨ ᠬᠡᠷᠡᠭᠰᠡᠯ | ᠳᠣᠭᠢᠷᠠᠭᠤᠯᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠬᠡᠷᠡᠭᠲᠡᠶ᠃ ︽ᠰᠠᠶᠢᠨ ᠭᠡᠷ ᠪᠠᠶᠢᠰᠢᠩ︾ ᠢ ᠪᠦᠳᠦᠭᠡᠨ | ᠪᠠᠶᠢᠭᠤᠯᠬᠤ ᠳᠤ ᠪᠦᠬᠦ ᠶᠠᠪᠤᠴᠠ ᠪᠠᠷ᠂ ᠡᠯ᠎ᠡ ᠲᠠᠯ᠎ᠠ ᠶᠢᠨ ᠬᠢᠨ ᠬᠠᠮᠵᠢᠯᠴᠠᠨ ᠬᠦᠴᠦᠯᠡᠬᠦ ᠬᠡᠷᠡᠭᠲᠡᠢ᠃ ᠡᠩ | ᠲᠡᠷᠢᠭᠦᠨ ᠳᠤ᠂ ᠭᠡᠷ ᠪᠠᠶᠢᠰᠢᠩ ᠤᠨ ︽ᠰᠠᠶᠢᠨ ᠡᠰᠡᠬᠦ︾ ᠨᠢ ᠥᠨᠳᠥᠷ ᠲᠦᠪᠰᠢᠨ ᠲᠠᠢ᠂ ᠪᠦᠬᠦ ᠲᠠᠯ᠎ᠠ ᠶᠢᠨ᠂ ᠤᠯᠠᠨ | ᠱᠠᠳᠤ ᠳᠠᠪᠬᠤᠷᠭ᠎ᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮ ᠲᠠᠢ | ᠪᠠᠶᠢᠬᠤ ᠶᠢ ᠱᠠᠭᠠᠷᠳᠠᠨ᠎ᠠ᠃ ᠬᠤᠶᠠᠳᠤᠭᠠᠷ ᠲᠤ᠂ ᠨᠠᠷᠢᠨ ᠨᠢᠮᠪᠠᠢ ᠲᠦᠯᠦᠪᠵᠢᠭᠦᠯᠬᠦ ᠪᠤᠯ ︽ᠰᠠᠶᠢᠨ ᠭᠡᠷ ᠪᠠᠶᠢᠰᠢᠩ︾ | ᠤᠨ ᠪᠦᠳᠦᠭᠡᠨ ᠪᠠᠶᠢᠭᠤᠯᠤᠯᠳᠠ ᠶᠢᠨ ᠤᠷᠢᠲᠠᠯ ᠮᠥᠨ᠂ ᠠᠳᠠᠯᠢ ᠪᠤᠰᠤ ᠬᠠᠮᠲᠤᠯᠢᠭ ᠤᠨ ᠣᠯᠠᠨ ᠶᠠᠩᠵᠤ ᠶᠢᠨ | ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠠᠳᠠᠯᠢ ᠪᠤᠰᠤ ᠡᠷᠦᠬᠡ ᠶᠢᠨ ᠬᠡᠯᠪᠡᠷᠢ᠂ ᠠᠳᠠᠯᠢ ᠪᠤᠰᠤ | ᠲᠠᠯᠠᠪᠠᠶ᠂ ᠠᠳᠠᠯᠢ ᠪᠤᠰᠤ ᠦᠨ᠎ᠡ ᠶᠢᠨ ᠬᠡᠷ ᠪᠠᠶᠢᠰᠢᠩ ᠳᠤ ᠴᠢᠭᠯᠡᠭᠦᠯᠦᠨ ᠨᠠᠷᠢᠨ ᠨᠢᠮᠪᠠᠶ ᠠᠳᠠᠯᠢ ᠪᠤᠰᠤ ᠵᠢᠷᠤᠭ | ᠲᠥᠯᠥᠪᠯᠡᠭᠡ ᠬᠢᠵᠦ᠂ ᠲᠡᠭᠰᠢ ᠳᠥᠷᠪᠡᠯᠵᠢᠨ ᠮᠧᠲᠷ ᠪᠦᠷᠢ ᠶᠢᠨ ᠦᠢᠯᠡᠳᠦᠯ ᠴᠢᠳᠠᠪᠦᠷᠢ ᠶᠢ ᠭᠦᠢᠴᠡᠳ ᠪᠠᠳᠠᠷᠠᠭᠤᠯᠬᠤ | ᠬᠡᠷᠡᠭᠳᠡᠢ᠃ ᠭᠤᠷᠪᠠᠳᠤᠭᠠᠷ ᠲᠤ᠂ ᠴᠢᠨᠠᠷ ᠰᠠᠶᠢᠲᠠᠢ ᠪᠦᠳᠦᠭᠡᠨ ᠪᠠᠶᠢᠭᠤᠯᠤᠯᠲᠠ ᠪᠣᠯ ︽ᠰᠠᠶᠢᠨ ᠭᠡᠷ ᠪᠠᠶᠢᠰᠢᠩ︾ ᠤᠨ | ᠪᠦᠳᠦᠭᠡᠨ ᠪᠠᠶᠢᠭᠤᠯᠤᠯᠳᠠ ᠶᠢᠨ ᠵᠠᠩᠭᠢᠯᠠᠭ᠎ᠠ ᠪᠣᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ | ᠴᠢᠩᠭᠠᠳᠬᠠᠵᠤ᠂ ᠪᠣᠬᠢᠷᠲᠤᠯ ᠦᠭᠡᠢ᠂ ᠤᠶᠤᠨᠴᠢᠯᠠᠭᠰᠠᠨ᠂ ᠠᠵᠤ ᠦᠢᠯᠡᠳᠪᠦᠷᠢᠵᠢᠯᠲᠡ ᠶᠢᠨ ᠰᠢᠨ᠎ᠡ ᠬᠡᠯᠪᠡᠷᠢ ᠶᠢᠨ | ᠪᠦᠳᠦᠭᠡᠨ ᠪᠠᠶᠢᠭᠤᠯᠬᠤ ᠠᠷᠭ᠎ᠠ ᠬᠡᠯᠪᠡᠷᠢ ᠶᠢ ᠬᠥᠭᠵᠢᠭᠦᠯᠵᠦ᠂ ︽ᠰᠠᠶᠢᠨ ᠭᠡᠷ ᠪᠠᠶᠢᠰᠢᠩ︾ ᠤᠨ ᠪᠦᠳᠦᠭᠡᠨ | ᠪᠠᠶᠢᠭᠤᠯᠤᠯᠳᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ︽ᠰᠠᠶᠢᠨ ᠭᠡᠷ ᠪᠠᠶᠢᠰᠢᠩ︾ | ᠴᠦ ᠰᠠᠶᠢᠨ ᠦᠢᠯᠡᠴᠢᠯᠡᠭᠡ ᠪᠠᠷ ᠪᠠᠲᠤᠯᠠᠭ᠎ᠠ ᠪᠣᠯᠭᠠᠵᠤ᠂ ᠨᠡᠩ ᠴᠢᠨᠠᠷ ᠰᠠᠶᠢᠲᠠᠢ ᠠᠳᠠᠯ ᠠᠬᠤᠢ ᠶᠢᠨ | ᠦᠢᠯᠡᠴᠢᠯᠡᠭᠡ ᠪᠠᠷ ᠪᠡᠯᠡᠳᠬᠡᠮᠵᠢ ᠲᠥᠬᠦᠭᠡᠷᠦᠮᠵᠢ ᠶᠢ ᠬᠠᠮᠠᠭᠠᠯᠠᠬᠤ ᠪᠠ ᠡᠯ᠎ᠡ ᠲᠥᠷᠥᠯ ᠤᠨ ᠠᠮᠢᠳᠤᠷᠠᠯ ᠤᠨ | ᠦᠢᠯᠡᠴᠢᠯᠡᠭᠡ ᠶᠢ ᠰᠠᠶᠢᠲᠤᠷ ᠬᠢᠵᠦ᠂ ᠣᠷᠣᠰᠢᠨ ᠰᠠᠭᠤᠬᠤ ᠠᠮᠤᠷ ᠲᠦᠪᠰᠢᠨ ᠤ ᠴᠢᠨᠠᠷ ᠪᠠ ᠲᠥᠬᠦᠮ ᠦᠵᠡᠭᠦᠯᠬᠦ | ᠴᠢᠨᠠᠷ ᠢ ᠳᠡᠭᠡᠭᠰᠢᠯᠡᠭᠦᠯᠦᠨ᠎ᠡ᠃ | ︽ᠰᠠᠶᠢᠨ ᠭᠡᠷ ᠪᠠᠶᠢᠰᠢᠩ︾ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠢᠮᠵᠢᠶ᠎ᠠ ᠪᠠᠷ ᠬᠦᠳᠦᠯᠦᠨ | ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠲᠦᠷᠦᠯ ᠵᠦᠢᠯ ᠢᠶᠠᠷ ᠵᠢᠱᠢᠶ᠎ᠡ | ᠦᠵᠡᠭᠦᠯᠬᠦ ᠶᠢ ᠰᠠᠶᠢᠲᠤᠷ ᠬᠢᠬᠦ ᠬᠡᠷᠡᠭᠲᠡᠢ᠃ ︽ᠰᠠᠶᠢᠨ ᠭᠡᠷ ᠪᠠᠶᠢᠰᠢᠩ︾ ᠤᠨ ᠠᠵᠢᠯ ᠢ ᠥᠷᠨᠢᠭᠦᠯᠦᠭᠰᠡᠨ ᠠᠴᠠ ᠨᠠᠰᠢ | ᠂ ᠤᠯᠤᠰ ᠪᠠ ᠣᠷᠣᠨ ᠨᠤᠲᠤᠭ ᠤᠨ ᠲᠠᠰ ᠳᠠᠪᠬᠤᠷᠭ᠎ᠠ ᠠᠴᠠ ᠢᠳᠡᠪᠬᠢᠲᠡᠶ ᠪᠠᠷ ᠠᠷᠭ᠎ᠠ ᠪᠤᠳᠤᠯᠭ᠎ᠠ ᠰᠦᠪᠡᠭᠴᠢᠯᠡᠨ | ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠲᠦᠷᠢᠮ ᠤᠨ ᠰᠢᠰᠲ᠋ᠧᠮ᠂ ᠪᠠᠷᠢᠮᠵᠢᠶ᠎ᠠ ᠶᠢᠨ ᠰᠢᠰᠲ᠋ᠧᠮ᠂ | ᠠᠵᠤ ᠦᠢᠯᠡᠰ ᠤᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠪᠠᠶᠢᠨ᠎ᠠ᠃ ᠵᠢᠱᠢᠶᠡᠯᠡᠪᠡᠯ᠂ ᠪᠦᠬᠦ | ᠤᠯᠤᠰ ᠤᠨ ︽ᠰᠠᠶᠢᠨ ᠭᠡᠷ ᠪᠠᠶᠢᠰᠢᠩ︾ ᠤᠨ ᠵᠢᠷᠤᠭ ᠲᠥᠯᠥᠪᠯᠡᠭᠡ ᠶᠢᠨ ᠤᠷᠤᠯᠳᠤᠭᠠᠨ᠂ ᠳᠤᠮᠳᠠᠳᠤ ᠤᠯᠤᠰ ᠤᠨ | ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠦᠯᠭᠡ ᠶᠢ ᠡᠷᠬᠢᠯᠡᠵᠤ᠂ ᠴᠥᠭᠡᠨ ᠪᠤᠰᠤ ᠭᠠᠵᠠᠷ | ᠣᠷᠣᠨ ᠤ ᠬᠢᠨ ︽ᠰᠠᠶᠢᠨ ᠭᠡᠷ ᠪᠠᠶᠢᠰᠢᠩ︾᠂ ᠴᠢᠨᠠᠷ ᠰᠠᠶᠢᠲᠠᠢ ᠣᠷᠣᠨ ᠰᠠᠭᠤᠴᠠ ᠶᠢᠨ ᠪᠦᠳᠦᠭᠡᠨ | ᠪᠠᠶᠢᠭᠤᠯᠤᠯᠲᠠ ᠶᠢᠨ ᠲᠤᠬᠠᠢ ᠬᠡᠷᠡᠭᠵᠢᠭᠦᠯᠬᠦ ᠰᠠᠨᠠᠯ᠂ ᠵᠢᠷᠤᠭ ᠲᠥᠯᠥᠪᠯᠡᠭᠡ ᠶᠢᠨ ᠵᠢᠯᠣᠭᠤᠳᠬᠤ ᠲᠦᠷᠢᠮ᠂ | ᠮᠡᠷᠭᠡᠵᠢᠯ ᠤᠨ ᠭᠤᠣᠯᠳᠠᠯᠭ᠎ᠠ ᠶᠢ ᠨᠡᠶᠢᠳᠡᠯᠡᠪᠡ᠃ ᠳᠠᠷᠠᠭᠠᠴᠢ ᠶᠢᠨ ᠠᠯᠬᠤᠮ ᠳᠤ᠂ ︽ᠰᠠᠶᠢᠨ ᠭᠡᠷ ᠪᠠᠶᠢᠰᠢᠩ︾ ᠤᠨ | ᠪᠦᠲᠦᠭᠡᠨ ᠪᠠᠶᠢᠭᠤᠯᠤᠯᠲᠠ ᠶᠢ ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠬᠦᠴᠦᠯᠡᠨ᠎ᠡ᠃ ᠨᠢᠭᠡ ᠳᠤ᠂ | ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠤᠰᠬᠠᠶᠢᠯᠠᠨ | ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠪᠠᠷᠢᠮᠵᠢᠶ᠎ᠠ ᠶᠢᠨ ᠬᠢᠷᠢ ᠲᠦᠪᠰᠢᠨ ᠠᠴᠠ ᠣᠷᠣᠨ ᠰᠠᠭᠤᠴᠠ ᠶᠢᠨ ᠶᠠᠰᠤ | ᠴᠢᠨᠠᠷ ᠲᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ︽ | ᠰᠠᠶᠢᠨ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠵᠦᠭᠯᠡᠭᠦᠷ︾ ᠢᠶᠠᠷ ᠲᠥᠯᠥᠭᠡᠯᠡᠭᠦᠯᠦᠭᠰᠡᠨ ᠰᠢᠨ᠎ᠡ | ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ᠂ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ︔ ᠡᠭᠦᠨ ᠤ ᠬᠠᠮᠲᠤ ︽ᠣᠷᠣᠨ ᠰᠠᠭᠤᠴᠠ ᠶᠢᠨ ᠲᠦᠷᠦᠯ ᠵᠦᠢᠯ ᠤᠨ | ᠵᠢᠷᠤᠮᠵᠢᠯ︾ ᠵᠡᠷᠭᠡ ᠨᠢᠭᠡᠨᠲᠡ ᠪᠠᠶᠢᠭ᠎ᠠ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠲᠠᠪᠬᠤᠷᠯᠢᠭ ᠤᠨ ᠥᠨᠳᠥᠷ᠂ ᠳᠠᠭᠤ | ᠬᠦᠨᠳᠡᠷᠡᠶᠢᠷᠡᠭᠦᠯᠬᠦ᠂ ᠭᠡᠷᠡᠯ ᠤᠨ ᠲᠤᠰᠤᠯᠳᠠ ᠵᠡᠷᠭᠡ ᠪᠠᠷᠢᠮᠵᠢᠶᠠᠲᠤ ᠰᠠᠭᠤᠷᠢ ᠶᠢ ᠳᠡᠭᠡᠭᠰᠢᠯᠡᠭᠦᠯᠵᠦ᠂ ᠣᠷᠣᠨ | ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠢ᠃ ᠬᠤᠶᠠᠷ ᠲᠤ᠂ ᠰᠢᠨᠵᠢᠯᠡᠬᠦ | ᠤᠬᠠᠭᠠᠨ ᠮᠡᠷᠭᠡᠵᠢᠯ ᠢ ᠬᠦᠴᠦᠷᠬᠡᠭᠵᠢᠭᠦᠯᠦᠨ᠎ᠡ᠃ ︽ᠰᠠᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ | ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠦᠰᠢᠭ ᠪᠣᠯᠭᠠᠵᠤ᠂ ᠬᠠᠷᠢᠯᠴᠠᠨ ᠨᠥᠬᠦᠴᠡᠯᠳᠦᠵᠦ ᠪᠠᠶᠢᠨ᠎ᠠ᠃ ᠨᠢᠭᠡ | ᠲᠠᠯ᠎ᠠ ᠪᠠᠷ ᠳᠠᠭᠤ ᠱᠤᠤᠭᠢᠶᠠᠨ ᠢ ᠪᠠᠭᠠᠰᠬᠠᠬᠤ᠂ ᠤᠰᠤ ᠶᠢ ᠰᠡᠷᠭᠡᠶᠢᠯᠡᠵᠦ ᠬᠠᠭᠠᠷᠠᠬᠤ ᠶᠢ ᠰᠡᠷᠭᠡᠶᠢᠯᠡᠬᠦ ᠵᠡᠷᠭᠡ | ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠠᠷᠠᠳ ᠤᠯᠠᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ︔ | ᠨᠥᠭᠦᠭᠡ ᠲᠠᠯ᠎ᠠ ᠪᠠᠷ᠂ ᠣᠶᠤᠨᠴᠢ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠳᠥᠯᠭᠢᠨ ᠠᠬᠢᠭᠤᠯᠵᠤ᠂ ︽ᠰᠠᠶᠢᠨ | ᠬᠡᠷ ᠪᠠᠶᠢᠰᠢᠩ︾ ᠢ ᠨᠠᠩ ᠣᠶᠤᠨᠴᠢ ᠪᠣᠯᠭᠠᠬᠤ ᠬᠡᠷᠡᠭᠲᠡᠶ᠃ ᠭᠤᠷᠪᠠ ᠳᠤ᠂ ᠲᠥᠷᠥᠯ ᠵᠦᠢᠯ ᠢ ᠠᠳᠬᠤᠨ᠎ᠠ᠃ | ᠬᠤᠲᠠ ᠶᠢᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ | ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠲᠦᠷᠦᠭᠦᠯᠡᠨ ︽ᠰᠠᠶᠢᠨ ᠭᠡᠷ ᠪᠠᠶᠢᠰᠢᠩ︾ ᠪᠣᠯᠭᠠᠨ ᠪᠥᠲᠥᠭᠡᠨ | ᠪᠠᠶᠢᠭᠤᠯᠵᠤ᠂ ᠥᠯᠢᠭᠡᠷ ᠳᠠᠭᠤᠷᠢᠶᠠᠯ ᠦᠵᠡᠭᠦᠯᠬᠦ ᠲᠥᠷᠥᠯ ᠵᠦᠢᠯ ᠢ ᠪᠣᠶ ᠪᠣᠯᠭᠠᠬᠤ ᠪᠠᠷ ᠪᠠᠷᠠᠬᠤ ᠥᠬᠡᠶ ᠬᠤᠲᠠ ᠶᠢᠨ | ᠰᠢᠨᠡᠴᠢᠯᠡᠯᠲᠡ ᠲᠠᠢ ᠤᠶᠠᠯᠳᠤᠭᠤᠯᠤᠨ ᠬᠠᠭᠤᠴᠢᠨ ᠣᠷᠣᠨ ᠰᠠᠭᠤᠴᠠ ᠶᠢ ︽ᠰᠠᠶᠢᠨ ᠭᠡᠷ ᠪᠠᠶᠢᠰᠢᠩ︾ ᠪᠣᠯᠭᠠᠨ | ᠥᠭᠡᠷᠡᠴᠢᠯᠡᠵᠦ᠂ ᠣᠷᠣᠰᠢᠨ ᠰᠠᠭᠤᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | ︽ᠰᠠᠶᠢᠨ ᠭᠡᠷ ᠪᠠᠶᠢᠰᠢᠩ︾ ᠤᠨ ᠬᠦᠴᠦᠷᠬᠡᠭ ᠶᠡᠭᠡ ᠦᠢᠯᠡᠳᠦᠯ ᠴᠢᠳᠠᠪᠤᠷᠢ ᠶᠢ ᠪᠠᠳᠠᠷᠠᠭᠤᠯᠵᠤ᠂ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠮᠡᠷᠭᠡᠵᠢᠯ ᠤᠨ ᠬᠡᠷᠡᠭᠯᠡᠯᠲᠡ᠂ ᠠᠵᠤ ᠦᠢᠯᠡᠰ ᠤᠨ ᠬᠡᠯᠪᠡᠷᠢ | ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ᠃ ᠨᠢᠭᠡ ᠳᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠢ ᠬᠦᠭᠵᠢᠭᠡᠨ᠎ᠡ᠃ ᠠᠵᠤ | ᠠᠬᠤᠢ ᠨᠡᠶᠢᠭᠡᠮ ᠤᠨ ᠬᠥᠭᠵᠢᠯᠲᠡ ᠪᠠ ᠠᠮᠢᠳᠤᠷᠠᠯ ᠤᠨ ᠶᠠᠰᠤ ᠴᠢᠨᠠᠷ ᠤᠨ ᠳᠡᠭᠡᠭᠰᠢᠯᠡᠬᠦ ᠶᠢ ᠳᠠᠭᠠᠯᠳᠤᠨ᠂ ᠠᠷᠠᠳ | ᠣᠯᠠᠨ ᠤ ᠣᠷᠣᠨ ᠰᠠᠭᠤᠴᠠ ᠶᠢᠨ ᠱᠠᠭᠠᠷᠳᠠᠯᠭ᠎ᠠ ᠨᠢ ᠦᠨᠳᠦᠰᠦᠨ ᠴᠢᠳᠠᠮᠵᠢ ᠶᠢ ᠬᠠᠩᠭᠠᠵᠤ ᠪᠠᠶᠢᠭᠰᠠᠨ ᠠᠴᠠ ᠪᠠᠨ | ᠣᠷᠣᠰᠢᠨ ᠰᠠᠭᠤᠬᠤ ᠶᠠᠰᠤ ᠴᠢᠨᠠᠷ ᠢ ᠬᠥᠭᠡᠭᠡᠴᠡᠯᠳᠦᠬᠦ ᠲᠡᠶᠢᠰᠢ ᠰᠢᠯᠵᠢᠵᠦ᠂ ︽ᠰᠠᠶᠢᠨ ᠭᠡᠷ ᠪᠠᠶᠢᠰᠢᠩ︾ ᠨᠢ ᠠᠷᠠᠳ | ᠣᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠨᠥᠬᠦᠴᠡᠯ᠂ ᠰᠠᠭᠤᠷᠢ ᠲᠥᠬᠦᠭᠡᠷᠦᠮᠵᠢ᠂ ᠣᠷᠣᠨ ᠰᠠᠭᠤᠴᠠ ᠶᠢᠨ | ᠣᠷᠴᠢᠨ ᠨᠥᠬᠦᠴᠡᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ ᠬᠠᠩᠭᠠᠵᠤ᠂ ᠳᠠᠯᠳᠠ ᠬᠡᠷᠡᠭᠴᠡᠭᠡ ᠱᠠᠭᠠᠷᠳᠠᠯᠭ᠎ᠠ ᠶᠢ | ᠪᠦᠲᠦᠮᠵᠢᠲᠡᠶ ᠢᠯᠡᠷᠡᠭᠦᠯᠵᠦ᠂ ᠣᠷᠣᠨ ᠰᠠᠭᠤᠴᠠ ᠶᠢᠨ ᠬᠡᠷᠡᠭᠯᠡᠭᠡ ᠶᠢ ᠬᠥᠭᠵᠢᠭᠡᠵᠦ᠂ ᠬᠡᠷᠡᠭᠯᠡᠭᠡᠨ ᠤ ᠲᠠᠰ ᠳᠡᠪᠰᠢᠬᠦ ᠶᠢ | ᠠᠬᠢᠭᠤᠯᠬᠤ ᠪᠣᠯᠤᠨ᠎ᠠ᠃ ᠬᠤᠶᠠᠷ ᠲᠤ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ ᠤᠨ | ᠬᠡᠷᠡᠭᠯᠡᠭᠡᠨ ᠤ ᠰᠢᠨ᠎ᠡ ᠪᠠᠶᠢᠳᠠᠯ ᠢ ᠥᠷᠭᠡᠳᠬᠡᠨ᠎ᠡ᠃ ︽ᠰᠠᠶᠢᠨ ᠭᠡᠷ ᠪᠠᠶᠢᠰᠢᠩ︾ ᠨᠢ ᠰᠢᠨ᠎ᠡ ᠬᠡᠷ ᠪᠠᠶᠢᠰᠢᠩ ᠤᠨ | ᠪᠥᠲᠥᠭᠡᠨ ᠪᠠᠶᠢᠭᠤᠯᠤᠯᠲᠠ ᠳᠤ ᠬᠤᠯᠪᠣᠭᠳᠠᠬᠤ ᠪᠠᠷ ᠪᠠᠷᠠᠬᠤ ᠥᠬᠡᠶ᠂ ᠬᠠᠭᠤᠴᠢᠨ ᠬᠡᠷ ᠪᠠᠶᠢᠰᠢᠩ ᠢ ᠥᠭᠡᠷᠡᠴᠢᠯᠡᠨ | ᠰᠢᠨᠡᠳᠬᠡᠬᠦ ᠲᠠᠢ ᠬᠤᠯᠪᠣᠭᠳᠠᠵᠦ᠂ ᠬᠡᠮᠵᠢᠶ᠎ᠡ ᠪᠠᠷ ᠶᠡᠭᠡ᠂ ᠬᠡᠪᠴᠢᠶ᠎ᠡ ᠪᠠᠷ ᠥᠷᠭᠡᠨ᠂ ᠬᠡᠯᠬᠢᠶᠡᠰᠦ ᠪᠠᠷ ᠣᠷᠳᠣ | ᠣᠨᠴᠠᠯᠢᠭ ᠢᠯᠡᠷᠡᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠂ ᠬᠡᠰᠡᠭᠵᠢᠭᠦᠯᠦᠨ ᠪᠠᠶᠢᠭᠤᠯᠬᠤ ᠮᠡᠷᠭᠡᠵᠢᠯ ᠵᠡᠷᠭᠡ ᠰᠢᠨ᠎ᠡ | ᠮᠡᠷᠭᠡᠵᠢᠯ ᠤᠨ ᠲᠤᠯᠭᠠᠭᠤᠷᠢᠯᠠᠯ ᠬᠡᠷᠡᠭᠰᠡᠬᠦ ᠮᠥᠷᠲᠡᠭᠡᠨ ᠪᠠᠷᠢᠯᠭ᠎ᠠ ᠶᠢᠨ ᠲᠡᠷᠢᠭᠦᠨ ᠤ ᠲᠥᠬᠦᠭᠡᠷᠦᠮᠵᠢ᠂ ᠪᠦᠬᠦᠯᠢ | ᠴᠤᠭᠴᠠᠳᠤ ᠤᠬᠢᠶᠠᠯᠭ᠎ᠠ᠂ ᠤᠶᠤᠨᠲᠤ ᠬᠡᠷ ᠤᠨ ᠴᠠᠬᠢᠯᠭᠠᠨ ᠬᠡᠷᠡᠭᠰᠡᠯ ᠵᠡᠷᠭᠡ ᠰᠢᠨ᠎ᠡ ᠦᠢᠯᠡᠳᠬᠦᠨ ᠢ ᠬᠡᠷᠡᠭᠯᠡᠬᠦ | ᠴᠢᠬᠤᠯᠠᠲᠠᠶ ᠪᠥᠭᠡᠳ ᠠᠮᠤᠷ ᠲᠦᠪᠰᠢᠨ᠂ ᠳᠠᠭᠠᠭᠠᠮᠠᠭᠠᠶ᠂ ᠣᠷᠴᠢᠨ ᠲᠣᠭᠤᠷᠢᠨ ᠢ ᠬᠠᠮᠠᠭᠠᠯᠠᠬᠤ ᠥᠨᠳᠥᠷ | ᠴᠢᠳᠠᠪᠬᠢᠲᠤ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠠᠴᠠ ᠰᠠᠯᠵᠤ ᠴᠢᠳᠠᠬᠤ ᠥᠬᠡᠶ ᠪᠠᠶᠢᠵᠤ᠂ ᠳᠡᠭᠡᠳᠦ | ᠳᠣᠤᠷᠠᠳᠤ ᠤᠷᠤᠰᠬᠠᠯ ᠤᠨ ᠠᠵᠤ ᠦᠢᠯᠡᠰ ᠲᠤ ᠢᠯᠡᠳᠲᠡ ᠳᠠᠶᠢᠴᠢᠯᠠᠬᠤ ᠦᠢᠯᠡᠳᠦᠯ ᠦᠵᠡᠭᠦᠯᠬᠦ ᠪᠣᠯᠤᠨ᠎ᠠ᠃ | ᠭᠤᠷᠪᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠪᠠ ᠪᠠᠷᠢᠯᠭ᠎ᠠ ᠶᠢᠨ ᠦᠢᠯᠡᠰ ᠤᠨ | ᠬᠡᠯᠪᠡᠷᠢ ᠬᠤᠪᠢᠷᠠᠭᠤᠯᠤᠨ ᠬᠥᠭᠵᠢᠬᠦ ᠰᠢᠨ᠎ᠡ ᠤᠷᠤᠯᠳᠤᠭᠠᠨ ᠤ ᠵᠠᠮ ᠢ ᠨᠡᠭᠡᠭᠡᠨ᠎ᠡ᠃ ︽ᠰᠠᠶᠢᠨ ᠭᠡᠷ ᠪᠠᠶᠢᠰᠢᠩ︾ ᠤᠨ | ᠪᠦᠲᠦᠭᠡᠨ ᠪᠠᠶᠢᠭᠤᠯᠤᠯᠲᠠ ᠶᠢᠨ ᠠᠬᠤᠶ ᠪᠠᠶᠢᠳᠠᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠵᠥᠪᠬᠡᠨ ᠠᠵᠠ ᠲᠣᠬᠢᠶᠠᠯ ᠢ ᠡᠵᠡᠮᠳᠡᠵᠦ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠢ ᠴᠢᠳᠠᠮᠠᠭᠠᠶ ᠪᠠᠷ | ᠬᠡᠷᠡᠭᠯᠡᠵᠦ᠂ ᠴᠢᠨᠠᠷ ᠰᠠᠶᠢᠲᠠᠶ ᠪᠠᠶᠢᠬᠤ ᠶᠢ ᠬᠥᠭᠡᠭᠡᠴᠡᠯᠳᠦᠵᠦ᠂ ᠦᠢᠯᠡᠴᠢᠯᠡᠭᠡ ᠶᠢ ᠰᠠᠶᠢᠲᠤᠷ ᠬᠠᠩᠭᠠᠪᠠᠯ ᠰᠠᠶ᠋ᠢ | ᠦᠷᠭᠦᠯᠵᠢᠯᠡᠬᠦ ᠬᠥᠭᠵᠢᠯᠲᠡ ᠶᠢ ᠣᠯᠵᠤ ᠴᠢᠳᠠᠨ᠎ᠠ︔ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠵᠥᠪᠬᠡᠨ | ᠱᠠᠭᠠᠷᠳᠠᠯᠭ᠎ᠠ ᠳᠤ ᠨᠡᠶᠢᠴᠡᠭᠦᠯᠵᠦ᠂ ᠴᠢᠨᠠᠷ ᠰᠠᠶᠢᠲᠠᠶ ᠪᠠᠷᠢᠯᠭ᠎ᠠ ᠶᠢᠨ ᠦᠢᠯᠡᠳᠬᠦᠨ ᠬᠠᠩᠭᠠᠬᠤ ᠤᠭ ᠰᠠᠨᠠᠭ᠎ᠠ ᠪᠠᠨ | ᠪᠠᠲᠤ ᠰᠠᠬᠢᠵᠤ᠂ ᠲᠣᠭᠠᠴᠢᠯᠠᠭᠰᠠᠨ ᠣᠶᠤᠨ ᠤ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠬᠡᠷᠡᠭᠯᠡᠨ ᠠᠵᠤ | ᠦᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠪᠠᠯ ᠰᠠᠶ᠋ᠢ ᠢᠯᠠᠯᠲᠠ ᠶᠢᠨ ᠡᠷᠴᠢᠨ ᠳᠡᠭᠡᠷ᠎ᠡ | ᠤᠷᠤᠭᠰᠢᠯᠠᠵᠤ ᠴᠣᠯᠭᠤᠷᠠᠨ ᠭᠠᠷᠴᠤ ᠴᠢᠳᠠᠨ᠎ᠠ᠃ | ᠣᠷᠣᠨ ᠰᠠᠭᠤᠴᠠ ᠶᠢᠨ ᠬᠥᠭᠵᠢᠯᠲᠡ ᠪᠣᠯ ᠡᠴᠦᠰ ᠤᠨ ᠡᠴᠦᠰ ᠲᠡᠭᠡᠨ ᠠᠷᠠᠳ ᠤᠯᠠᠨ ᠤ ᠣᠷᠣᠰᠢᠨ | ᠰᠠᠭᠤᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠠᠷᠠᠳ ᠤᠯᠠᠨ ᠳᠤ ᠠᠪᠴᠤ ᠬᠡᠯᠡᠪᠡᠯ᠂ ︽ | ᠰᠠᠶᠢᠨ ᠭᠡᠷ ᠪᠠᠶᠢᠰᠢᠩ︾ ᠨᠢ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠭ᠎ᠠ ᠪᠣᠯᠬᠤᠷ | ᠦᠷᠭᠡᠨ ᠤᠯᠠᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠲᠠᠢ ᠰᠢᠭᠤᠳ ᠬᠤᠯᠪᠣᠭᠳᠠᠵᠤ ᠪᠠᠶᠢᠳᠠᠭ᠃ ᠠᠵᠢᠯ ᠲᠥᠷᠥᠯ ᠳᠤ ᠠᠪᠴᠤ ᠬᠡᠯᠡᠪᠡᠯ᠂ ︽ | ᠰᠠᠶᠢᠨ ᠭᠡᠷ ᠪᠠᠶᠢᠰᠢᠩ︾ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠬᠠᠮᠵᠢᠯᠴᠠᠨ ᠠᠬᠢᠭᠤᠯᠵᠤ᠂ ᠤᠳᠠᠭᠠᠨ | ᠳᠠᠭᠠᠭᠠᠮᠠᠭᠠᠢ ᠴᠢᠷᠮᠠᠶᠢᠵᠤ᠂ ᠬᠤᠯᠪᠣᠭᠳᠠᠯ ᠪᠦᠬᠦᠢ ᠳᠦᠷᠢᠮ ᠢ ᠥᠭᠡᠷᠡᠴᠢᠯᠡᠵᠦ᠂ ᠠᠵᠤ ᠦᠢᠯᠡᠰ ᠤᠨ ᠰᠢᠰᠲ᠋ᠧᠮ ᠢ | ᠳᠠᠬᠢᠨ ᠪᠠᠶᠢᠭᠤᠯᠬᠤ ᠴᠢᠬᠤᠯᠠᠲᠠᠢ ᠶᠤᠮ᠃ ᠠᠵᠤ ᠠᠬᠤᠶᠢᠯᠠᠯ ᠳᠤ ᠠᠪᠴᠤ ᠬᠡᠯᠡᠪᠡᠯ᠂ ︽ᠰᠠᠶᠢᠨ ᠭᠡᠷ ᠪᠠᠶᠢᠰᠢᠩ︾ | ᠪᠣᠯ ᠢᠷᠡᠭᠡᠳᠦᠶ ᠶᠢᠨ ᠬᠥᠭᠵᠢᠯᠲᠡ ᠶᠢᠨ ᠬᠠᠨᠳᠤᠰᠢ ᠶᠢ ᠲᠥᠯᠥᠭᠡᠯᠡᠵᠦ᠂ ᠵᠠᠬ᠎ᠠ ᠳᠡᠯᠭᠡᠭᠦᠷ ᠤᠨ ᠰᠢᠨ᠎ᠡ ᠠᠵᠠ | ᠲᠣᠬᠢᠶᠠᠯ ᠢ ᠤᠯᠭᠤᠬᠤ ᠪᠤᠯᠤᠨ᠎ᠠ᠃ ᠣᠳᠣᠬᠠᠨ ᠳᠤ᠂ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠨᠢ | ᠨᠢᠭᠡᠨᠲᠡ ᠨᠡᠶᠢᠭᠡᠮ ᠤᠨ ᠬᠠᠮᠲᠤ ᠶᠢᠨ ᠲᠠᠨᠢᠯᠲᠠ ᠪᠣᠯᠵᠤ᠂ ᠠᠷᠠᠳ ᠣᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ | ᠬᠡᠷᠡᠭᠴᠡᠭᠡ ᠳᠤ ᠨᠠᠩ ᠰᠠᠶᠢᠲᠤᠷ ᠵᠣᠬᠢᠴᠠᠵᠤ᠂ ᠦᠷᠭᠦᠯᠵᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠠᠯᠳᠠ | ᠴᠢᠳᠠᠪᠤᠷᠢ ᠶᠢ ᠪᠠᠳᠠᠷᠠᠭᠤᠯᠵᠤ᠂ ᠮᠠᠨ ᠤ ᠤᠯᠤᠰ ᠤᠨ ᠣᠷᠣᠨ ᠰᠠᠭᠤᠴᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠵᠠᠮ ᠳᠤ ᠰᠢᠨ᠎ᠡ ᠤᠷᠤᠭᠰᠢᠯᠠᠯᠳᠠ ᠶᠢ ᠠᠬᠢᠭᠤᠯᠬᠤ ᠪᠤᠯᠤᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |