︽ᠤᠭ ᠴᠢᠨᠠᠷ - ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠠᠮᠢᠳᠤᠷᠠᠯ ᠤᠨ | ᠪᠣᠳᠠᠲᠤ ᠲᠡᠮᠳᠡᠭᠯᠡᠯ︾ ᠭᠡᠬᠦ ᠰᠢᠨ᠎ᠡ ᠨᠣᠮ ᠤᠨ ᠲᠠᠷᠬᠠᠭᠠᠯᠲᠠ ᠶᠢᠨ ᠶᠣᠰᠣᠯᠠᠯ ᠣᠶᠢᠷ᠎ᠠ ᠳᠤ ᠪᠤᠭᠤᠲᠤ ᠬᠤᠳᠠ ᠶᠢᠨ | ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ | ᠶᠢᠨ ᠦᠢᠯᠡ ᠬᠡᠷᠡᠭ ᠤᠨ ᠦᠵᠡᠭᠦᠯᠭᠡ ᠶᠢᠨ ᠣᠷᠳᠣᠨ ᠳᠤ ᠶᠠᠪᠤᠭᠳᠠᠪᠠ᠃ ᠲᠠᠯ᠎ᠠ ᠨᠤᠲᠤᠭ ᠤᠨ ᠪᠢᠴᠢᠬᠠᠨ ᠪᠠᠭᠠᠲᠤᠷ | ᠡᠭᠡᠴᠢ ᠥᠬᠢᠨ ᠳᠡᠭᠦᠦ ᠯᠦᠩ ᠮᠧᠢ᠂ ᠢᠦᠢ ᠷᠦᠩ ᠪᠣᠯᠣᠨ ᠲᠤᠰ ᠨᠣᠮ ᠤᠨ ᠵᠣᠬᠢᠶᠠᠭᠴᠢ ᠪᠡ᠊ ᠆ · ᠨᠠᠰᠤᠨ᠋ᠤ᠋ᠷᠲᠤ | ᠨᠣᠮ ᠲᠠᠷᠬᠠᠭᠠᠯᠲᠠ ᠶᠢᠨ ᠶᠣᠰᠣᠯᠠᠯ ᠳᠤ ᠤᠷᠤᠯᠴᠠᠵᠦ᠂ ᠭᠠᠷ ᠤᠨ ᠦᠰᠦᠭ ᠵᠢᠷᠤᠵᠤ ᠨᠣᠮ ᠲᠠᠷᠬᠠᠭᠠᠭᠰᠠᠨ ᠪᠠᠶᠢᠨ᠎ᠠ᠃ | | ︽ᠤᠭ ᠴᠢᠨᠠᠷ - ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠠᠮᠢᠳᠤᠷᠠᠯ ᠤᠨ | ᠪᠣᠳᠠᠲᠤ ᠲᠡᠮᠳᠡᠭᠯᠡᠯ︾ ᠨᠣᠮ ᠪᠣᠯ ᠵᠣᠬᠢᠶᠠᠯᠴᠢ ᠪᠡ᠊ ᠆ · ᠨᠠᠰᠤᠨ᠋ᠤ᠋ᠷᠲᠤ 2021 ᠣᠨ ᠤ 3 ᠰᠠᠷ᠎ᠠ ᠳᠤ ᠪᠤᠭᠤᠲᠤ | ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠣᠨ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠠᠶᠢᠳᠠᠯᠭ᠎ᠠ ᠶᠢ ᠬᠦᠯᠢᠶᠡᠵᠦ᠂ ᠭᠤᠷᠪᠠᠨ ᠵᠢᠯ ᠤᠨ ᠴᠠᠭ | ᠵᠠᠷᠤᠴᠠᠭᠤᠯᠤᠨ ᠵᠣᠬᠢᠶᠠᠨ ᠪᠦᠲᠦᠭᠡᠭᠰᠡᠨ ᠤᠷᠳᠤ ᠮᠡᠳᠡᠭᠡᠯᠡᠯ ᠤᠨ ᠤᠷᠠᠨ ᠵᠣᠬᠢᠶᠠᠯ ᠪᠣᠯᠣᠨ᠎ᠠ᠃ ᠲᠤᠰ ᠨᠣᠮ ᠳᠤ ︽ | ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠬᠡᠳᠦᠨ ᠠᠷᠪᠠᠨ ᠵᠢᠯ ᠤᠨ ᠲᠤᠷᠰᠢ ᠤᠭ | ᠴᠢᠨᠠᠷ ᠢᠶᠠᠨ ᠬᠠᠳᠠᠭᠠᠯᠠᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ | ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠶᠢ ᠴᠠᠭ ᠢᠮᠠᠭᠲᠠ ᠪᠠᠷᠢᠮᠲᠠᠯᠠᠨ᠂ ᠤᠯᠤᠰ ᠢᠶᠠᠨ ᠬᠠᠶᠢᠷᠠᠯᠠᠬᠤ | ᠦᠵᠡᠯ᠂ ᠨᠡᠶᠢᠲᠡᠴᠢ ᠦᠵᠡᠯ᠂ ᠯᠧᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠬᠥᠭᠵᠢᠯᠲᠡ ᠶᠢᠨ ᠦᠢᠯᠡᠰ ᠲᠤ ᠭᠠᠪᠢᠶ᠎ᠠ ᠵᠢᠳᠬᠦᠯ | ᠦᠵᠡᠭᠦᠯᠵᠦ ᠶᠠᠪᠤᠭᠰᠠᠨ ᠠᠮᠢᠳᠤᠷᠠᠯ ᠲᠡᠮᠡᠴᠡᠯ ᠤᠨ ᠲᠡᠦᠬᠡ ᠶᠢ ᠪᠢᠴᠢᠭᠯᠡᠭᠰᠡᠨ ᠪᠠᠶᠢᠨ᠎ᠠ᠃ ᠭᠤᠷᠪᠠᠨ ᠵᠢᠯ ᠤᠨ | ᠬᠤᠭᠤᠴᠠᠭᠠᠨ ᠳᠤ᠂ ᠵᠣᠬᠢᠶᠠᠯᠴᠢ ᠪᠡ᠊ ᠆ · ᠨᠠᠰᠤᠨ᠋ᠤ᠋ᠷᠲᠤ ᠲᠠᠰᠤᠷᠠᠯᠳᠠ ᠦᠭᠡᠢ ᠰᠤᠷᠪᠤᠯᠵᠢᠯᠠᠨ ᠣᠶᠢᠯᠠᠭᠠᠵᠤ᠂ ᠪᠣᠷᠣ | ᠮᠠᠲ᠋ᠧᠷᠢᠶᠠᠯ ᠬᠤᠷᠠᠮᠳᠤᠭᠤᠯᠤᠨ᠂ ᠨᠢᠮᠪᠠᠢ ᠰᠡᠳᠬᠢᠨ ᠪᠢᠴᠢᠵᠡᠢ᠃ ᠣᠶᠢᠯᠠᠭᠠᠭᠰᠠᠨ ᠢᠶᠠᠷ᠂ ᠲᠤᠰ ᠨᠣᠮ ᠨᠢ ᠮᠥᠨ ᠴᠤ | ᠥᠪᠡᠷᠲᠡᠭᠡᠨ ᠵᠠᠰᠠᠬᠤ ᠣᠷᠣᠨ ᠤ 2024 ᠣᠨ ᠤ ᠴᠢᠬᠤᠯᠠ ᠶᠡᠭᠡ ᠭᠤᠣᠯ ᠰᠡᠳᠦᠪᠲᠦ ᠡᠭᠦᠳᠦᠨ ᠪᠦᠲᠦᠭᠡᠯᠭᠡ ᠶᠢᠨ | ᠲᠦᠷᠤᠯ ᠵᠦᠢᠯ ᠪᠣᠯᠣᠨ᠎ᠠ᠃ |