ᠤᠶᠢᠷ᠎ᠠ ᠳᠤ᠂ ᠪᠦᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ︽ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ︾ ᠶᠢ | ᠠᠬᠢᠭᠤᠯᠬᠤ ᠬᠤᠷᠠᠯ ᠴᠦᠩᠴᠢᠩ ᠳᠤ ᠬᠤᠷᠠᠯᠳᠤᠪᠠ᠃ ᠡᠨᠡ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠶᠠᠮᠤᠨ ᠤ ᠨᠡᠶᠢᠲᠡᠯᠡᠭᠰᠡᠨ ︽︿ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ﹀ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ︾ ᠶᠢ | ᠨᠡᠶᠢᠲᠡᠯᠡᠭᠰᠡᠨ ᠠᠴᠠ ᠨᠠᠰᠢ ᠡᠷᠭᠢᠯᠡᠭᠰᠡᠨ ᠠᠩᠬᠠᠳᠠᠭᠴᠢ ᠪᠥᠬᠦ ᠤᠯᠤᠰ ᠤᠨ ᠲᠠᠰ ᠳᠠᠪᠬᠤᠷᠭ᠎ᠠ ᠶᠢᠨ ︽ | ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠶᠢ ᠠᠬᠢᠭᠤᠯᠬᠤ ᠬᠤᠷᠠᠯ ᠪᠣᠯᠤᠨ᠎ᠠ᠂ 30 | ᠭᠠᠷᠤᠶ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠣᠷᠣᠯᠴᠠᠵᠤ᠂ ᠴᠦᠩᠴᠢᠩ᠂ ᠵᠧᠵᠢᠶᠠᠩ᠂ | ᠲᠢᠶᠠᠨᠵᠢᠨ ᠵᠡᠷᠭᠡ 7 ᠮᠤᠵᠢ ᠬᠤᠲᠠ ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ | ᠶᠢ ᠬᠡᠷᠡᠭᠵᠢᠭᠦᠯᠦᠭᠰᠡᠨ ᠪᠠᠶᠢᠳᠠᠯ ᠬᠢᠭᠡᠳ ᠨᠡᠶᠢᠲᠡᠯᠢᠭ ᠲᠤᠷᠰᠢᠯᠭ᠎ᠠ ᠪᠠᠨ ᠬᠤᠪᠢᠶᠠᠯᠴᠠᠵᠤ᠂ ︽ᠲᠣᠭᠠᠴᠢᠯᠠᠭᠰᠠᠨ | ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ᠂ | ᠠᠵᠢᠯ ᠲᠥᠷᠥᠯ ᠤᠨ ᠰᠢᠨ᠎ᠡ ᠶᠢ ᠡᠭᠦᠳᠬᠦ ᠬᠤᠪᠢᠰᠤᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ | ︽ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ︾ ᠪᠣᠯ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠲᠣᠭᠠᠴᠢᠯᠠᠭᠰᠠᠨ ᠳᠤᠮᠳᠠᠳᠤ ᠤᠯᠤᠰ᠂ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠮᠥᠨ᠃ | 2022 ᠣᠨ ᠳᠤ᠂ ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠲᠦᠷᠦ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠳᠤ᠂ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠬᠤ ᠪᠣᠯ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ | ᠤᠯᠤᠰ ᠢ ᠪᠠᠶᠢᠭᠤᠯᠬᠤ ᠶᠢᠨ ᠰᠠᠭᠤᠷᠢ ᠴᠢᠨᠠᠷᠲᠠᠢ ᠪᠠ ᠤᠳᠤᠷᠢᠳᠤᠮᠵᠢ ᠶᠢᠨ ᠴᠢᠨᠠᠷᠲᠠᠢ ᠢᠨᠵᠧᠨᠧᠷᠢᠩ ᠪᠣᠯᠤᠨ᠎ᠠ᠂ ᠡᠯ᠎ᠡ | ᠠᠵᠢᠯ ᠲᠦᠷᠦᠯ ᠡᠯ᠎ᠡ ᠬᠦᠷᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠰᠢᠰᠲ᠋ᠧᠮ ᠤᠨ ᠡᠷᠴᠢᠮᠵᠢᠭᠰᠡᠨ | ᠪᠠᠶᠢᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠬᠠᠮᠵᠢᠯᠴᠠᠨ ᠬᠠᠮᠲᠤᠷᠠᠯᠴᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠪᠠ ᠵᠠᠰᠠᠯᠲᠠ ᠶᠢᠨ | ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠴᠠᠢ᠃ 2023 ᠣᠨ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠲᠣᠭᠠᠴᠢᠯᠠᠭᠰᠠᠨ | ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ | ᠲᠥᠯᠥᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠪᠠ ᠳ᠋ᠠᠶᠢᠲ᠋ᠠ ᠶᠢᠨ | ᠡᠬᠢ ᠪᠠᠶᠠᠯᠢᠭ ᠤᠨ ᠰᠢᠰᠲ᠋ᠧᠮ ᠭᠡᠬᠦ ᠬᠤᠶᠠᠷ ᠶᠡᠭᠡ ᠰᠠᠭᠤᠷᠢ ᠶᠢ ᠪᠠᠬᠢᠵᠢᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠮᠤᠷ ᠲᠦᠪᠰᠢᠨ ᠤ ᠬᠠᠯᠬᠠᠪᠴᠢ ᠬᠤᠶᠠᠷ ᠶᠡᠭᠡ ᠴᠢᠳᠠᠪᠤᠷᠢ ᠶᠢ ᠴᠢᠩᠭᠠᠳᠬᠠᠵᠤ᠂ ᠠᠵᠤ ᠠᠬᠤᠶ᠂ ᠤᠯᠤᠰ | ᠲᠥᠷᠥ᠂ ᠰᠣᠶᠣᠯ᠂ ᠨᠡᠶᠢᠭᠡᠮ᠂ ᠠᠮᠢ ᠠᠬᠤᠶ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠬᠦᠷᠢᠶᠡᠨ ᠤ | ᠲᠣᠭᠠᠴᠢᠯᠠᠭᠰᠠᠨ ᠬᠥᠭᠵᠢᠯᠲᠡ ᠶᠢ ᠨᠠᠩ ᠵᠣᠬᠢᠴᠠᠩᠭᠤᠶ ᠪᠥᠭᠡᠳ ᠭᠦᠢᠴᠡᠳ ᠠᠬᠢᠭᠤᠯᠬᠤ ᠬᠡᠷᠡᠭᠲᠡᠶ ᠭᠡᠵᠦ ᠲᠣᠳᠣᠷᠬᠠᠶ | ᠲᠣᠭᠲᠠᠭᠠᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠣᠯ ᠨᠠᠮ | ᠪᠠ ᠤᠯᠤᠰ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ︽ᠲᠣᠭᠠᠴᠢᠯᠠᠭᠰᠠᠨ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ︾ ᠪᠣᠯ ᠲᠣᠭᠠᠴᠢᠯᠠᠭᠰᠠᠨ ᠳᠤᠮᠳᠠᠳᠤ ᠤᠯᠤᠰ᠂ ᠲᠣᠭᠠᠴᠢᠯᠠᠭᠰᠠᠨ | ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠢᠯᠡᠷᠡᠯ ᠮᠥᠨ᠃ ᠣᠶᠢᠷ᠎ᠠ ᠶᠢᠨ ᠵᠢᠯ ᠤᠨ ᠲᠤᠷᠰᠢ᠂ ᠪᠥᠬᠦ | ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ | ᠬᠤᠷᠠᠯ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠯᠠᠨ ᠤᠳᠠᠭ᠎ᠠ ᠴᠢᠬᠤᠯᠠᠴᠢᠯᠠᠵᠤ᠂ ︽ | ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠶᠢ ᠰᠢᠨᠵᠢᠯᠡᠬᠦ ᠤᠬᠠᠭᠠᠨ ᠮᠡᠷᠭᠡᠵᠢᠯ ᠢᠶᠠᠷ | ᠬᠥᠳᠡᠯᠭᠡᠭᠦᠷ ᠪᠣᠯᠭᠠᠬᠤ ᠶᠢ ᠴᠢᠩᠭᠠᠳᠬᠠᠬᠤ᠂ ᠰᠠᠭᠤᠷᠢ ᠲᠤᠯᠭᠠᠭᠤᠷᠢᠯᠠᠯ ᠢ ᠪᠠᠲᠤᠳᠬᠠᠬᠤ ᠭᠤᠤᠯᠳᠠᠯᠭ᠎ᠠ ᠲᠠᠢ | ᠡᠭᠦᠷᠭᠡ ᠶᠢᠨ ᠨᠢᠭᠡ ᠪᠣᠯᠭᠠᠵᠤ᠂ ︽ᠪᠥᠬᠦ ᠠᠵᠢᠯ ᠲᠥᠷᠥᠯ ᠤᠨ ᠬᠦᠴᠦᠨ ᠢ ᠳᠠᠶᠢᠴᠢᠯᠠᠨ ︽ᠲᠣᠭᠠᠴᠢᠯᠠᠭᠰᠠᠨ | ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠲᠦᠷᠭᠡᠳᠬᠡᠨ | ᠠᠬᠢᠭᠤᠯᠬᠤ︾ ᠠᠴᠠ ᠳᠠᠬᠢᠨ ︽ᠥᠨᠳᠥᠷ ᠬᠢᠷᠢ ᠲᠦᠪᠰᠢᠨ ᠪᠥᠬᠦᠶ ᠲᠣᠭᠠᠴᠢᠯᠠᠭᠰᠠᠨ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ ᠶᠢ ᠪᠣᠶ ᠪᠣᠯᠭᠠᠬᠤ︾ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠨ ᠢᠶᠠᠷ | ᠬᠦᠴᠦᠯᠡᠬᠦ ᠴᠡᠭ ᠪᠣᠯᠭᠠᠨ ᠲᠣᠭᠠᠴᠢᠯᠠᠭᠰᠠᠨ ᠮᠡᠷᠭᠡᠵᠢᠯ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠢᠯ ᠲᠥᠷᠥᠯ ᠤᠨ | ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ᠃ | ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠲᠠ ᠶᠢᠨ | ᠬᠡᠯᠪᠡᠷᠢ ᠬᠤᠪᠢᠷᠠᠭᠤᠯᠬᠤ ᠳᠤ ᠥᠨᠳᠥᠷ ᠪᠦᠲᠦᠮᠵᠢᠲᠡᠶ ᠬᠦᠴᠦᠨ ᠨᠠᠮᠠᠷᠢᠯᠠᠨ᠎ᠠ᠃ ᠣᠶᠢᠷ᠎ᠠ ᠶᠢᠨ ᠵᠢᠯ ᠤᠳ ᠲᠤ᠂ ︽ | ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠶᠢᠨ ᠦᠵᠦ ᠲᠥᠯᠥᠪᠯᠡᠭᠡ ᠶᠢ ᠲᠠᠰᠤᠷᠠᠯᠲᠠ | ᠥᠬᠡᠶ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠬᠢᠨ ᠭᠦᠨᠵᠡᠭᠡᠶ ᠠᠬᠢᠭᠤᠯᠵᠤ᠂ ᠡᠯ᠎ᠡ ᠵᠦᠢᠯ ᠤᠨ ᠠᠵᠢᠯ ᠢ ᠪᠥᠬᠦ | ᠲᠠᠯ᠎ᠠ ᠪᠠᠷ ᠥᠷᠨᠢᠭᠦᠯᠵᠦ᠂ ᠲᠣᠪᠤᠶᠢᠮ᠎ᠠ ᠦᠷ᠎ᠡ ᠪᠦᠲᠦᠮᠵᠢ ᠲᠠᠢ ᠪᠣᠯᠭᠠᠪᠠ᠃ ᠴᠦᠩᠴᠢᠩ ᠬᠤᠲᠠ ᠨᠢ ︽ | ᠲᠣᠭᠠᠴᠢᠯᠠᠭᠰᠠᠨ ᠬᠤᠭᠤᠯᠠᠢ ᠲᠤᠤᠷ︾ ︽ᠰᠦᠯᠵᠢᠶᠡᠨ ᠳᠡᠭᠡᠷ᠎ᠡ ᠢᠨᠵᠧᠨᠧᠷᠢᠩ ᠢ ᠬᠢᠨᠠᠨ ᠵᠦᠪᠰᠢᠶᠡᠷᠡᠬᠦ︾ ︽ | ᠨᠡᠶᠢᠳᠡ ᠶᠢᠨ ᠲᠦᠷᠢᠶᠡᠰᠦᠨ ᠭᠡᠷ ᠤᠨ ᠣᠶᠤᠨᠴᠢ ᠬᠠᠮᠢᠶᠠᠷᠤᠯᠲᠠ︾ ᠵᠡᠷᠭᠡ 24 ᠨᠡᠶᠢᠳᠡᠯᠢᠭ ᠬᠡᠷᠡᠭᠯᠡᠭᠡ ᠶᠢ ᠡᠭᠦᠳᠴᠦ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠬᠦᠷᠢᠶᠡᠨ ᠤ ᠡᠯ᠎ᠡ ᠵᠦᠢᠯ ᠤᠨ | ᠭᠤᠤᠯᠯᠠᠭᠴᠢ ᠲᠤᠬᠠᠶᠢᠯᠠᠭᠰᠠᠨ ᠠᠵᠢᠯ ᠢ ᠬᠠᠮᠤᠷᠴᠤ᠂ ᠬᠡᠳᠦ ᠶᠡᠭᠡ ᠬᠤᠲᠠ ᠶᠢᠨ ᠵᠠᠰᠠᠯᠲᠠ ᠶᠢᠨ | ᠣᠳᠣᠬᠢᠴᠢᠯᠠᠯᠲᠠ ᠶᠢᠨ ᠬᠢᠷᠢ ᠲᠦᠪᠰᠢᠨ ᠢ ᠪᠦᠲᠦᠮᠵᠢᠲᠡᠢ ᠲᠡᠭᠡᠭᠰᠢᠯᠡᠭᠦᠯᠪᠡ᠃ ︽ᠳᠥᠷᠪᠡᠨ ᠰᠠᠶᠢᠨ︾ ᠪᠦᠲᠦᠭᠡᠨ | ᠪᠠᠶᠢᠭᠤᠯᠤᠯᠳᠠ ᠶᠢ ᠠᠬᠢᠭᠤᠯᠬᠤ ᠲᠠᠯ᠎ᠠ ᠪᠠᠷ᠂ ᠬᠠᠶᠢᠨᠠᠨ ᠮᠣᠵᠢ ᠨᠢ ᠰᠠᠶᠢᠨ ᠭᠡᠷ ᠪᠠᠶᠢᠰᠢᠩ ᠢᠶᠠᠷ ᠭᠤᠣᠯ ᠪᠣᠯᠭᠠᠨ | ᠢᠨᠵᠧᠨᠧᠷᠢᠩ ᠤᠨ ᠪᠠᠲᠤᠯᠠᠭ᠎ᠠ᠂ ᠭᠡᠷ ᠪᠠᠶᠢᠰᠢᠩ ᠤᠨ ᠳᠠᠭᠠᠳᠭᠠᠯ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠢ | ᠪᠣᠢ ᠪᠣᠯᠭᠠᠵᠤ᠂ ᠰᠠᠶᠢᠨ ᠰᠠᠭᠤᠭᠠᠯᠢ ᠠᠷᠠᠳ ᠤᠨ ᠲᠣᠭᠤᠷᠢᠭ᠂ ᠰᠠᠶᠢᠨ ᠨᠡᠢᠭᠡᠮ ᠲᠣᠭᠤᠷᠢᠭ ᠢᠶᠠᠷ ᠬᠠᠷᠠᠯᠲᠠ ᠪᠣᠯᠭᠠᠨ | ᠨᠢᠭᠡ ᠴᠣᠭᠴᠠᠵᠢᠭᠤᠯᠤᠭᠰᠠᠨ ᠲᠦᠷᠢᠶᠡᠰᠦᠯᠡᠵᠦ ᠬᠤᠳᠠᠯᠳᠤᠨ ᠠᠪᠬᠤ ᠲᠠᠪᠴᠠᠩ ᠢ ᠪᠠᠶᠢᠭᠤᠯᠵᠦ᠂ ᠰᠠᠶᠢᠨ ᠬᠤᠲᠠ | ᠲᠣᠭᠤᠷᠢᠭ ᠢᠶᠠᠷ ᠤᠳᠤᠷᠢᠳᠤᠮᠵᠢ ᠪᠣᠯᠭᠠᠵᠤ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠴᠡᠴᠡᠷᠯᠢᠭ ᠤᠨ | ᠨᠣᠭᠤᠭᠠᠷᠠᠭᠤᠯᠤᠯᠲᠠ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠣᠶᠤᠨᠴᠢ | ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ ᠪᠠᠶᠢᠨ᠎ᠠ᠃ ᠳ᠋ᠠᠶᠢᠲ᠋ᠠ ᠶᠢᠨ ᠡᠬᠢ ᠪᠠᠶᠠᠯᠢᠭ ᠤᠨ | ᠠᠰᠢᠭᠯᠠᠯᠲᠠ ᠶᠢ ᠴᠢᠩᠭᠠᠳᠬᠠᠬᠤ ᠲᠠᠯ᠎ᠠ ᠪᠠᠷ᠂ ᠬᠤᠪᠸᠢ ᠮᠤᠵᠢ ᠬᠤᠲᠠ ᠶᠢᠨ ᠲᠣᠭᠠᠴᠢᠯᠠᠭᠰᠠᠨ ᠣᠯᠠᠨ ᠨᠡᠶᠢᠲᠡ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠵᠢᠯᠯᠠᠭᠠᠨ ᠤ ᠬᠠᠮᠠᠭᠠᠯᠠᠯᠲᠠ᠂ ᠠᠮᠤᠷ | ᠲᠦᠪᠰᠢᠨ ᠵᠡᠷᠭᠡ ᠲᠠᠯ᠎ᠠ ᠪᠠᠷ 33 ᠵᠦᠢᠯ ᠤᠨ ᠮᠤᠵᠢ ᠶᠢᠨ ᠱᠠᠲᠤᠨ ᠤ ᠳᠦᠷᠢᠮ ᠤᠨ ᠵᠢᠷᠤᠮᠵᠢᠯ ᠢ ᠲᠣᠭᠲᠠᠭᠠᠵᠤ᠂ | ᠨᠢᠭᠡᠳᠦᠯᠲᠡᠶ ᠢᠯᠭᠠᠨ ᠲᠠᠨᠢᠬᠤ ᠺᠣᠳ᠋ ᠣᠯᠭᠤᠬᠤ ᠪᠠᠷ ᠳᠠᠮᠵᠢᠭᠤᠯᠤᠨ ᠬᠤᠲᠠ ᠶᠢᠨ ᠪᠣᠳᠠᠲᠤ ᠴᠣᠭᠴᠠ ᠶᠢᠨ | ᠡᠲᠡᠭᠡᠳ ᠢ ᠲᠣᠭᠠᠴᠢᠯᠠᠭᠰᠠᠨ ᠣᠷᠣᠨ ᠵᠠᠶ ᠳᠤ ᠢᠯᠭᠠᠨ ᠲᠠᠨᠢᠵᠤ ᠪᠣᠯᠬᠤ᠂ ᠮᠥᠷᠳᠡᠵᠦ ᠪᠣᠯᠬᠤ᠂ ᠰᠢᠯᠵᠢᠭᠦᠯᠦᠨ | ᠬᠡᠷᠡᠭᠯᠡᠵᠦ ᠪᠣᠯᠬᠤ ᠶᠢ ᠪᠡᠶᠡᠯᠡᠭᠦᠯᠵᠦ᠂ ᠳ᠋ᠠᠶᠢᠲ᠋ᠠ ᠶᠢᠨ ᠰᠠᠭᠤᠷᠢ ᠪᠠᠶᠢᠷᠢ ᠶᠢᠨ ᠪᠠᠷᠢᠮᠵᠢᠶᠠᠵᠢᠭᠤᠯᠤᠯᠲᠠ ᠶᠢᠨ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠴᠢᠳᠠᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ | ᠲᠠᠯ᠎ᠠ ᠪᠠᠷ᠂ ᠲᠢᠶᠠᠨᠵᠢᠨ ᠬᠤᠲᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ ᠲᠥᠷᠥᠯ ᠤᠨ ᠪᠠᠷᠢᠮᠵᠢᠶ᠎ᠠ ᠪᠠ ᠬᠡᠷ | ᠪᠠᠶᠢᠰᠢᠩ ᠤᠨ ᠪᠠᠷᠢᠯᠭ᠎ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠵᠡᠷᠭᠡ ᠶᠡᠭᠡ | ᠬᠡᠮᠵᠢᠶᠡᠨ ᠤ ᠲᠤᠭ᠎ᠠ ᠪᠠᠷᠢᠮᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ︽AI + ᠮᠡᠳᠡᠯᠭᠡ ᠶᠢᠨ ᠵᠢᠷᠤᠭ ᠤᠨ ᠵᠢᠭᠰᠠᠯ︾ | ᠤᠨ ᠬᠤᠤᠰ ᠬᠥᠳᠡᠯᠭᠡᠭᠦᠷ ᠢ ᠪᠠᠶᠢᠭᠤᠯᠵᠤ᠂ ᠮᠡᠳᠡᠯᠭᠡ ᠶᠢᠨ ᠰᠢᠰᠲ᠋ᠧᠮ ᠤᠨ ᠣᠶᠤᠨᠴᠢᠯᠠᠭᠰᠠᠨ ᠲᠠᠰ ᠳᠡᠪᠰᠢᠬᠦ ᠶᠢ | ᠪᠡᠶᠡᠯᠡᠭᠦᠯᠪᠡ᠃ | ︽ᠰᠢᠨ᠎ᠡ ᠬᠤᠲᠠ ᠶᠢᠨ ᠪᠦᠲᠦᠭᠡᠨ ᠪᠠᠶᠢᠭᠤᠯᠤᠯᠳᠠ︾ ᠪᠠᠷ ᠬᠥᠳᠡᠯᠭᠡᠭᠦᠷ ᠪᠣᠯᠭᠠᠵᠤ ᠥᠨᠳᠥᠷ ᠬᠢᠷᠢ | ᠲᠦᠪᠰᠢᠨ ᠪᠦᠬᠦᠢ ︽ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠳᠠ︾ ᠶᠢ ᠪᠣᠢ ᠪᠤᠯᠭᠠᠨ᠎ᠠ᠃ | 2024 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠤᠶᠠᠨ ᠬᠠᠳᠠᠨ ᠬᠤᠲᠠ ᠶᠢ ᠪᠥᠲᠥᠭᠡᠨ ᠪᠠᠶᠢᠭᠤᠯᠬᠤ | ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠲᠣᠭᠠᠴᠢᠯᠠᠭᠰᠠᠨ ᠬᠡᠷ ᠪᠦᠯᠢ᠂ ᠣᠶᠤᠨᠴᠢ ᠣᠷᠣᠨ ᠰᠠᠭᠤᠴᠠ᠂ | ᠣᠶᠤᠨᠴᠢ ᠪᠥᠲᠥᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠭᠤᠤᠯᠳᠠᠯᠭ᠎ᠠ ᠲᠠᠢ ᠡᠭᠦᠷᠭᠡ ᠶᠢ | ᠲᠤᠳᠤᠷᠬᠠᠶᠢᠯᠠᠭᠰᠠᠨ ᠪᠣᠯ ᠤᠶᠠᠨ ᠬᠠᠳᠠᠨ ᠬᠤᠲᠠ ᠶᠢ ᠪᠥᠲᠥᠭᠡᠨ ᠪᠠᠶᠢᠭᠤᠯᠬᠤ ᠪᠡᠯᠭᠡ ᠲᠡᠮᠳᠡᠭ ᠤᠨ ᠬᠡᠯᠪᠡᠷᠢ ᠶᠢᠨ | ᠪᠢᠴᠢᠭ ᠮᠠᠲ᠋ᠧᠷᠢᠶᠠᠯ ᠮᠥᠨ᠂ ᠡᠨᠡ ᠨᠢ ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ | ᠶᠢ ᠠᠬᠢᠭᠤᠯᠬᠤ ᠳᠤ ᠴᠢᠬᠤᠯᠠ ᠶᠡᠭᠡ ᠠᠵᠠ ᠲᠣᠬᠢᠶᠠᠯ ᠠᠪᠴᠢᠷᠠᠭᠰᠠᠨ ᠪᠠᠶᠢᠨ᠎ᠠ᠃ ᠪᠢᠴᠢᠭ ᠮᠠᠲ᠋ᠧᠷᠢᠶᠠᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ︽ᠰᠢᠨ᠎ᠡ ᠬᠤᠲᠠ ᠶᠢᠨ ᠪᠥᠲᠥᠭᠡᠨ ᠪᠠᠶᠢᠭᠤᠯᠤᠯᠲᠠ︾ ᠶᠢᠨ | ᠭᠤᠤᠯᠳᠠᠯᠭ᠎ᠠ ᠲᠠᠢ ᠡᠭᠦᠷᠭᠡ ᠬᠢᠭᠡᠳ ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠶᠢᠨ | ᠪᠦᠬᠦᠯᠢ ᠴᠣᠭᠴᠠ ᠶᠢᠨ ᠠᠵᠢᠯ ᠢ ᠬᠠᠮᠵᠢᠯᠴᠠᠨ ᠠᠬᠢᠭᠤᠯᠬᠤ ᠬᠡᠷᠡᠭᠲᠡᠶ᠃ ᠨᠢᠭᠡ ᠳᠤ᠂ ᠬᠤᠶᠠᠷ ᠶᠡᠭᠡ ᠰᠠᠭᠤᠷᠢ ᠶᠢ | ᠪᠠᠬᠢᠵᠢᠭᠦᠯᠦᠨ᠎ᠡ᠃ ᠲᠣᠭᠠᠴᠢᠯᠠᠭᠰᠠᠨ ᠰᠠᠭᠤᠷᠢ ᠪᠡᠯᠡᠳᠬᠡᠮᠵᠢ ᠪᠣᠯ ︽ᠲᠣᠭᠠᠴᠢᠯᠠᠭᠰᠠᠨ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ︾ ᠶᠢᠨ ᠰᠠᠭᠤᠷᠢ ᠮᠥᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠪᠣᠯ ᠲᠡᠭᠦᠨ ᠤ | ᠳᠣᠲᠣᠷᠠᠬᠢ ᠭᠤᠤᠯ ᠡᠯᠧᠮᠧᠨ᠋ᠲ ᠮᠥᠨ᠂ ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ | ᠶᠢᠨ ᠲᠤᠭ᠎ᠠ ᠪᠠᠷᠢᠮᠲᠠ ᠶᠢᠨ ᠲᠥᠪ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵CIM︶ ᠤᠨ ᠰᠠᠭᠤᠷᠢ | ᠲᠠᠪᠴᠠᠩ ᠢ ᠪᠥᠲᠥᠭᠡᠨ ᠪᠠᠶᠢᠭᠤᠯᠬᠤ ᠪᠠᠷ ᠳᠠᠮᠵᠢᠭᠤᠯᠤᠨ᠂ ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ︾ ᠶᠢᠨ ᠲᠤᠭ᠎ᠠ ᠪᠠᠷᠢᠮᠲᠠ ᠶᠢᠨ ᠰᠠᠭᠤᠷᠢ ᠶᠢ ᠪᠣᠶ ᠪᠣᠯᠭᠠᠵᠤ᠂ ᠮᠡᠳᠡᠭᠡ ᠵᠠᠩᠭᠢ ᠶᠢᠨ ᠰᠢᠰᠲ᠋ᠧᠮ ᠢ | ᠡᠮᠬᠢᠯᠡᠨ ᠨᠡᠶᠢᠯᠡᠭᠦᠯᠬᠦ ᠶᠢ ᠭᠦᠨᠵᠡᠭᠡᠶᠢᠷᠡᠭᠦᠯᠦᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠪᠠ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠲᠤᠭ᠎ᠠ ᠪᠠᠷᠢᠮᠲᠠ ᠶᠢᠨ | ᠡᠯᠧᠮᠧᠨ᠋ᠲ ᠤᠨ ᠥᠷᠲᠡᠭ ᠢ ᠭᠦᠢᠴᠡᠳ ᠢᠯᠡᠷᠡᠭᠦᠯᠦᠨ᠎ᠡ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠬᠠᠮᠢᠶ᠎ᠠ ᠪᠥᠬᠦᠶ ᠮᠡᠷᠭᠡᠵᠢᠯ ᠤᠨ ᠰᠢᠰᠲ᠋ᠧᠮ ᠪᠠ ᠪᠠᠷᠢᠮᠵᠢᠶ᠎ᠠ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠵᠣᠬᠢᠶᠠᠮᠠᠯ ᠣᠶᠤᠨ᠂ ᠲᠣᠮᠣ ᠳ᠋ᠠᠶᠢᠲ᠋ᠠ ᠵᠡᠷᠭᠡ ᠶᠢ ᠬᠡᠷᠡᠭᠯᠡᠨ ᠪᠠᠶᠢᠩᠭᠤ | ᠲᠠᠰ ᠳᠡᠪᠰᠢᠭᠦᠯᠵᠦ᠂ ᠡᠯ᠎ᠡ ᠭᠤᠭᠴᠤᠭ᠎ᠠ ᠶᠢᠨ ᠬᠠᠮᠵᠢᠯᠴᠠᠨ ᠬᠡᠷᠡᠭᠯᠡᠬᠦ ᠶᠢ ᠨᠡᠪᠲᠡᠷᠡᠭᠦᠯᠵᠦ᠂ ᠰᠢᠨ᠎ᠡ ᠶᠢ ᠡᠭᠦᠳᠬᠦ | ᠴᠢᠳᠠᠪᠤᠷᠢᠲᠠᠨ ᠢ ᠬᠥᠮᠦᠵᠢᠭᠦᠯᠦᠨ᠂ ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠳᠤ | ᠬᠦᠴᠦᠨ ᠨᠡᠮᠡᠷᠢᠯᠡᠨ᠎ᠡ᠃ ᠭᠤᠷᠪᠠ ᠳᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ | ᠵᠠᠩᠭᠢ ᠶᠢᠨ ᠰᠠᠭᠤᠷᠢ ᠲᠥᠬᠦᠭᠡᠷᠦᠮᠵᠢ᠂ ᠰᠡᠷᠡᠯ ᠮᠡᠳᠡᠷᠡᠮᠵᠢ ᠶᠢᠨ ᠲᠥᠬᠦᠭᠡᠷᠦᠮᠵᠢ ᠪᠠ ᠣᠶᠤᠨᠴᠢ ᠬᠡᠷᠡᠭᠯᠡᠯᠲᠡ | ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠣᠣᠷ ᠰᠦᠯᠵᠢᠶ᠎ᠡ ᠪᠠ ᠲᠤᠭ᠎ᠠ | ᠪᠠᠷᠢᠮᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ︽ᠲᠣᠭᠠᠴᠢᠯᠠᠭᠰᠠᠨ ᠣᠷᠣᠨ ᠰᠠᠭᠤᠴᠠ ᠶᠢᠨ | ᠪᠦᠳᠦᠭᠡᠨ ᠪᠠᠶᠢᠭᠤᠯᠤᠯᠲᠠ︾ ᠶᠢᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠨᠢ ᠲᠣᠭᠠᠴᠢᠯᠠᠭᠰᠠᠨ ᠬᠥᠳᠡᠯᠭᠡᠭᠦᠷ ᠠᠴᠠ ᠰᠠᠯᠵᠤ ᠴᠢᠳᠠᠬᠤ ᠥᠬᠡᠶ ᠶᠤᠮ᠃ ︽ | ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ︾ ᠨᠢ ᠣᠷᠣᠨ ᠰᠠᠭᠤᠴᠠ ᠬᠢᠭᠡᠳ ᠬᠡᠷ | ᠪᠠᠶᠢᠰᠢᠩ ᠭᠠᠵᠠᠷ ᠬᠥᠷᠥᠩᠭᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠷᠢᠯᠭ᠎ᠠ ᠶᠢᠨ ᠦᠢᠯᠡᠰ ᠵᠡᠷᠭᠡ | ᠡᠯ᠎ᠡ ᠬᠦᠷᠢᠶ᠎ᠡ ᠶᠢ ᠬᠠᠮᠤᠷᠴᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠯᠦᠭᠡ ᠭᠦᠨᠵᠡᠭᠡᠶ ᠠᠭᠤᠰᠤᠯᠴᠠᠭᠤᠯᠬᠤ ᠶᠢᠨ | ᠴᠢᠬᠤᠯᠠ ᠢᠯᠡᠷᠡᠯ ᠪᠣᠯᠤᠨ᠎ᠠ᠃ ᠲᠣᠰ ᠤᠳᠠᠭᠠᠨ ᠤ ᠠᠬᠢᠭᠤᠯᠬᠤ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠲᠤᠷᠰᠢᠯᠭ᠎ᠠ ᠠᠷᠭ᠎ᠠ ᠬᠢᠳᠡᠯ ᠪᠠ ᠬᠡᠷᠡᠭᠯᠡᠭᠡᠨ ᠤ ᠦᠷ᠎ᠡ | ᠪᠦᠲᠦᠭᠡᠯ ᠢᠶᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ᠂ ︽ᠰᠢᠨ᠎ᠡ ᠬᠤᠲᠠ ᠶᠢᠨ ᠪᠥᠲᠥᠭᠡᠨ ᠪᠠᠶᠢᠭᠤᠯᠤᠯᠲᠠ︾ ᠶᠢ | ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠨᠠᠩ ᠶᠡᠭᠡ ᠡᠷᠴᠢᠮ ᠢᠶᠠᠷ ᠥᠨᠳᠥᠷ ᠬᠢᠷᠢ ᠲᠦᠪᠰᠢᠨ ᠪᠥᠬᠦᠶ | ︽ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ︾ ᠶᠢ ᠴᠣᠭᠴᠠᠯᠠᠵᠤ᠂ ᠰᠢᠰᠲ᠋ᠧᠮ ᠢ | ᠬᠠᠮᠲᠤ ᠪᠠᠷ ᠵᠠᠰᠠᠬᠤ᠂ ᠲᠤᠭ᠎ᠠ ᠪᠠᠷᠢᠮᠲᠠ ᠶᠢ ᠣᠶᠤᠨᠴᠢ ᠪᠠᠷ ᠵᠠᠰᠠᠬᠤ᠂ ᠦᠢᠯᠡᠴᠢᠯᠡᠭᠡ ᠪᠠᠷ ᠠᠷᠠᠳ ᠲᠤ ᠠᠰᠢᠭ | ᠬᠦᠷᠲᠡᠭᠡᠬᠦ ᠶᠢ ᠪᠡᠶᠡᠯᠡᠭᠦᠯᠵᠦ᠂ ᠪᠥᠬᠦ ᠠᠵᠢᠯ ᠲᠥᠷᠥᠯ ᠤᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ | ᠲᠦᠷᠭᠡᠳᠬᠡᠨ ᠠᠬᠢᠭᠤᠯᠬᠤ ᠬᠡᠷᠡᠭᠲᠡᠶ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |