ᠣᠶᠢᠷ᠎ᠠ ᠶᠢᠨ ᠬᠤᠭᠤᠴᠠᠭᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ︽ᠬᠤᠲᠠ ᠶᠢᠨ ᠬᠠᠷᠰᠢ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠢᠨᠵᠧᠨᠧᠷᠢᠩ ᠤᠨ ᠲᠥᠷᠥᠯ ᠵᠦᠢᠯ ᠤᠨ ᠬᠠᠷᠰᠢ ᠰᠠᠭᠠᠳ | ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠠᠷᠰᠢ ᠰᠠᠭᠠᠳ | ᠦᠭᠡᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠬᠠᠷᠰᠢ ᠰᠠᠭᠠᠳ | ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠵᠡᠷᠭᠡ ᠲᠠᠯ᠎ᠠ ᠪᠠᠷ᠂ ᠠᠮᠤᠷ ᠲᠦᠪᠰᠢᠨ ᠳᠥᠭᠦᠮ ᠳᠥᠲᠡ ᠂ ᠵᠠᠯᠭᠠᠯᠳᠤᠭ᠎ᠠ ᠪᠠᠷ ᠨᠡᠪᠲᠡᠷᠡᠭᠰᠡᠨ᠂ | ᠤᠯᠠᠨ ᠡᠰᠢᠲᠦ ᠪᠠᠭᠲᠠᠭᠠᠮᠵᠢᠲᠠᠢ ᠬᠠᠷᠰᠢ ᠰᠠᠭᠠᠳ ᠦᠭᠡᠢ ᠪᠠ ᠨᠠᠰᠤᠵᠢᠯᠲᠠ ᠳᠤ ᠲᠤᠬᠢᠷᠠᠬᠤ ᠣᠷᠴᠢᠨ ᠲᠣᠭᠤᠷᠢᠨ ᠢ | ᠪᠤᠢ ᠪᠤᠯᠭᠠᠬᠤ ᠳᠤ ︽ ᠭᠤᠣᠯᠳᠠᠯᠭ᠎ᠠ︾ ᠶᠢ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ | ᠳᠦᠷᠢᠮ ᠢᠶᠠᠷ ᠪᠠᠲᠤᠯᠠᠭ᠎ᠠ ᠪᠣᠯᠭᠠᠵᠤ᠂ ᠠᠷᠠᠳ ᠤᠨ ᠰᠠᠨᠠᠭ᠎ᠠ ᠪᠠᠷ ᠲᠦᠰᠢᠭ ᠪᠣᠯᠭᠠᠵᠤ᠂ ᠬᠤᠳᠠ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠠᠮᠡᠷᠢᠯᠡᠬᠦ ᠬᠡᠷᠡᠭᠳᠡᠢ᠃ | ᠪᠠᠷᠢᠮᠵᠢᠶ᠎ᠠ ᠪᠠᠷ ᠢᠨᠵᠧᠨᠧᠷᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠴᠤ᠂ ᠬᠠᠷᠰᠢ | ᠰᠠᠭᠠᠳ ᠦᠭᠡᠢ ᠣᠷᠴᠢᠨ ᠲᠤᠭᠤᠷᠢᠨ ᠤ ︽ᠰᠠᠭᠤᠷᠢ︾ ᠶᠢ ᠪᠠᠬᠢᠵᠢᠭᠦᠯᠦᠨ᠎ᠡ᠃ ︽ᠮᠡᠳᠡᠭᠳᠡᠯ︾ ᠳᠤ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠳᠤ ︽ | ᠪᠠᠷᠢᠯᠭ᠎ᠠ ᠬᠢᠭᠡᠳ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠰᠠᠭᠠᠳ ᠦᠭᠡᠢ ᠨᠡᠶᠢᠳᠡᠮ ᠬᠡᠷᠡᠭᠯᠡᠬᠦ ᠵᠢᠷᠤᠮᠵᠢᠯ︾ | ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ | ᠲᠣᠳᠣᠷᠬᠠᠢ ᠱᠠᠭᠠᠷᠳᠠᠭᠰᠠᠨ ᠪᠠᠶᠢᠨ᠎ᠠ᠃ ᠬᠠᠷᠰᠢ ᠰᠠᠭᠠᠳ ᠦᠭᠡᠢ ᠲᠦᠭᠦᠭᠡᠷᠦᠮᠵᠢ ᠬᠢᠭᠡᠳ ᠭᠤᠣᠯ ᠴᠣᠭᠴᠠᠲᠤ | ᠢᠨᠵᠧᠨᠧᠷᠢᠩ ᠤᠨ ︽ᠵᠡᠷᠭᠡᠪᠡᠷ ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠰᠢᠯᠭᠠᠨ ᠠᠪᠬᠤ | ᠂ ᠲᠤᠰᠢᠶᠠᠨ ᠬᠡᠷᠡᠭᠯᠡᠭᠦᠯᠬᠦ︾ ︽ᠲᠠᠪᠤ ᠶᠢ ᠵᠡᠷᠭᠡᠪᠡᠷ ᠶᠠᠪᠤᠭᠳᠠᠭᠤᠯᠬᠤ︾ ᠵᠠᠷᠴᠢᠮ ᠢ ᠨᠠᠶᠢᠳᠠᠪᠤᠷᠢᠵᠢᠭᠤᠯᠤᠨ᠂ | ᠥᠩᠭᠡᠷᠡᠭᠰᠡᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ︽ᠭᠤᠣᠯ ᠴᠣᠭᠴᠠ ᠶᠢ ᠴᠢᠬᠤᠯᠠᠴᠢᠯᠠᠵᠤ᠂ ᠢᠵᠢ | ᠪᠦᠷᠢᠳᠦᠭᠦᠯᠬᠦ ᠶᠢ ᠬᠥᠩᠭᠡᠪᠴᠢᠯᠡᠬᠦ︾ ᠡᠪᠡᠷᠰᠢᠶᠡᠯ ᠳᠤ ᠴᠢᠭᠯᠡᠭᠦᠯᠦᠨ᠂ ᠬᠠᠷᠰᠢ ᠰᠠᠭᠠᠳ ᠦᠭᠡᠢ ᠣᠨᠣᠯᠵᠢᠬᠤᠨ ᠢ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠭᠧᠨ ᠳᠤ ᠰᠢᠭᠢᠳᠬᠡᠨ ᠣᠷᠣᠭᠤᠯᠵᠤ᠂ ᠬᠠᠷᠰᠢ | ᠰᠠᠭᠠᠳ ᠦᠭᠡᠢ ᠲᠦᠭᠦᠭᠡᠷᠦᠮᠵᠢ ᠶᠢᠨ ︽ᠨᠥᠬᠦᠭᠡᠰᠦ︾ ᠶᠢᠨ ᠦᠵᠡᠭᠳᠡᠯ ᠠᠴᠠ ᠡᠬᠢ ᠡᠭᠦᠰᠦᠯ ᠠᠴᠠ ᠨᠢ | ᠵᠠᠶᠢᠯᠠᠰᠬᠢᠬᠦ ᠬᠡᠷᠡᠭᠲᠡᠢ᠃ ᠪᠠᠷᠢᠯᠭ᠎ᠠ ᠶᠢᠨ ᠵᠢᠷᠤᠭ ᠲᠦᠯᠦᠪᠯᠡᠯᠭᠡ ᠶᠢᠨ ᠪᠢᠴᠢᠭ ᠮᠠᠲ᠋ᠧᠷᠢᠶᠠᠯ ᠳᠤ ᠬᠠᠷᠰᠢ ᠰᠠᠭᠠᠳ | ᠦᠭᠡᠢ ᠵᠢᠷᠤᠭ ᠲᠦᠯᠦᠪᠯᠡᠯᠭᠡ ᠶᠢᠨ ᠲᠤᠰᠬᠠᠢ ᠬᠠᠭᠤᠳᠠᠰᠤ ᠪᠠᠶᠢᠷᠢᠯᠠᠭᠤᠯᠬᠤ ᠶᠢ ᠲᠦᠯᠬᠢᠨ ᠠᠬᠢᠭᠤᠯᠵᠤ᠂ ᠬᠠᠷᠰᠢ | ᠰᠠᠭᠠᠳ ᠦᠭᠡᠢ ᠲᠦᠭᠦᠭᠡᠷᠦᠮᠵᠢ ᠶᠢᠨ ᠵᠢᠷᠤᠭ ᠲᠦᠯᠦᠪᠯᠡᠯᠭᠡ ᠶᠢᠨ ᠲᠣᠳᠣᠷᠬᠠᠶᠢᠯᠠᠯᠲᠠ᠂ ᠴᠢᠬᠤᠯᠠ ᠪᠦᠬᠦᠢ ᠴᠡᠭ | ᠪᠠᠶᠢᠷᠢ ᠶᠢᠨ ᠶᠠᠩᠵᠤ ᠮᠠᠶ᠋ᠢᠭ ᠵᠡᠷᠭᠡ ᠠᠭᠤᠯᠭ᠎ᠠ ᠶᠢ ᠨᠠᠷᠢᠯᠢᠭᠵᠢᠭᠤᠯᠤᠨ᠂ ᠵᠢᠷᠤᠭ ᠲᠦᠯᠦᠪᠯᠡᠯᠭᠡ ᠶᠢᠨ ᠰᠢᠨᠵᠢᠯᠡᠬᠦ | ᠤᠬᠠᠭᠠᠨᠴᠢ ᠴᠢᠨᠠᠷ ᠬᠢᠭᠡᠳ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠂ ᠲᠠᠷᠠᠭᠠᠴᠢ ᠶᠢᠨ | ᠪᠠᠷᠢᠯᠭ᠎ᠠ ᠶᠢᠨ ᠠᠵᠢᠯ ᠪᠠ ᠰᠢᠯᠭᠠᠨ ᠠᠪᠬᠤ ᠲᠤ ᠲᠣᠳᠣᠷᠬᠠᠢ ᠦᠨᠳᠦᠰᠦᠯᠡᠯ ᠬᠠᠩᠭᠠᠬᠤ ᠬᠡᠷᠡᠭᠲᠡᠢ᠃ ᠪᠦᠲᠦᠭᠡᠨ | ᠪᠠᠶᠢᠭᠤᠯᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠨᠡᠶᠢᠭᠡᠮ ᠤᠨ ᠬᠠᠮᠲᠤ ᠶᠢᠨ | ᠲᠠᠨᠢᠯᠲᠠ ᠶᠢ ︽ᠣᠨᠴᠣᠭᠤᠢ ᠬᠠᠯᠠᠮᠵᠢᠯᠠᠯ︾ ᠠᠴᠠ ︽ᠨᠡᠶᠢᠳᠡᠮ ᠬᠡᠷᠡᠭᠯᠡᠭᠡᠨ ᠤ ᠵᠢᠷᠤᠭ ᠲᠥᠯᠥᠪᠯᠡᠭᠡ︾ ᠳᠠᠰᠢ | ᠤᠯᠠᠷᠢᠭᠤᠯᠤᠨ ᠬᠤᠪᠢᠷᠠᠭᠤᠯᠬᠤ ᠶᠢ ᠠᠬᠢᠭᠤᠯᠵᠤ᠂ ᠬᠠᠷᠰᠢ ᠰᠠᠭᠠᠳ ᠦᠭᠡᠢ ᠲᠦᠭᠦᠭᠡᠷᠦᠮᠵᠢ ᠶᠢ ᠬᠤᠲᠠ ᠶᠢᠨ | ᠣᠷᠣᠨ ᠵᠠᠢ ᠶᠢᠨ ᠰᠠᠭᠤᠷᠢ ᠲᠣᠬᠢᠷᠠᠭᠤᠯᠤᠯᠲᠠ ᠪᠣᠯᠭᠠᠨ᠎ᠠ᠃ | ᠪᠡᠶ᠎ᠡ ᠶᠢᠨ ᠪᠠᠶᠢᠴᠠᠭᠠᠯᠲᠠ ᠪᠠᠷ ᠬᠠᠳᠠᠭᠠᠯᠠᠯᠲᠠ ᠶᠢᠨ ᠥᠭᠡᠷᠡᠴᠢᠯᠡᠯᠲᠡ ᠶᠢ ᠲᠠᠶᠢᠴᠢᠯᠠᠵᠦ᠂ ᠲᠡᠦᠬᠡᠨ ᠳᠠᠬᠢ ︽ | ᠠᠷᠬᠠᠭ ᠭᠡᠮ︾ ᠢ ᠠᠷᠢᠯᠭᠠᠨ᠎ᠠ᠃ ᠨᠢᠭᠡᠨᠲᠡ ᠪᠠᠶᠢᠭ᠎ᠠ ᠲᠥᠬᠦᠭᠡᠷᠦᠮᠵᠢ ᠶᠢᠨ ᠲᠤᠳᠠᠭᠳᠠᠯ ᠳᠤ ᠴᠢᠭᠯᠡᠭᠦᠯᠦᠨ᠂ ︽ | ᠮᠡᠳᠡᠭᠳᠡᠯ︾ ᠳᠤ ︽ᠲᠤᠰᠬᠠᠢ ᠵᠦᠢᠯ ᠤᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠯᠲᠡ — ᠠᠰᠠᠭᠤᠳᠠᠯ ᠤᠨ ᠡᠬᠡ | ᠲᠠᠩᠰᠠ — ᠥᠭᠡᠷᠡᠴᠢᠯᠡᠯᠲᠡ ᠶᠢᠨ ᠲᠥᠯᠥᠪᠯᠡᠭᠡ︾ ᠶᠢᠨ ᠪᠢᠲᠡᠭᠦᠦ ᠴᠠᠭᠠᠷᠢᠭ ᠤᠨ ᠲᠣᠭᠲᠠᠴᠠ ᠶᠢ ᠳᠤᠷᠠᠳᠤᠨ | ᠭᠠᠷᠭᠠᠵᠤ᠂ ᠨᠠᠷᠢᠯᠢᠭ ᠣᠨᠣᠴᠠᠲᠠᠢ ᠪᠠᠷ ᠣᠨᠣᠰᠢᠯᠠᠬᠤ ᠪᠠᠷ ᠪᠦᠳᠦᠭᠦᠯᠢᠭ ᠵᠠᠰᠠᠯᠲᠠ ᠶᠢ ᠣᠷᠣᠯᠠᠭᠤᠯᠪᠠ᠃ | ᠬᠤᠲᠠ ᠶᠢᠨ ᠶᠠᠪᠤᠳᠠᠯ ᠤᠨ ᠵᠠᠮ᠂ ᠴᠡᠴᠡᠷᠯᠢᠭ᠂ ᠨᠣᠭᠤᠭᠠᠨ ᠵᠠᠮ᠂ ᠠᠭᠤᠳᠠᠮ ᠲᠠᠯᠠᠪᠠᠶ ᠵᠡᠷᠭᠡ ᠥᠨᠳᠥᠷ | ᠳᠠᠪᠲᠠᠮᠵᠢ ᠲᠠᠢ ᠬᠡᠷᠡᠭᠯᠡᠬᠦ ᠲᠠᠯᠠᠪᠤᠷ ᠭᠠᠵᠠᠷ ᠪᠠ ᠣᠷᠣᠨ ᠰᠠᠭᠤᠴᠠ ᠶᠢᠨ ᠲᠣᠭᠤᠷᠢᠭ᠂ ᠣᠷᠣᠨ ᠰᠠᠭᠤᠴᠠ ᠶᠢᠨ | ᠪᠠᠷᠢᠯᠭ᠎ᠠ ᠶᠢᠨ ᠬᠠᠷᠰᠢ ᠰᠠᠭᠠᠳ ᠦᠭᠡᠢ ᠲᠦᠭᠦᠭᠡᠷᠦᠮᠵᠢ ᠶᠢᠨ ᠲᠤᠳᠠᠭᠳᠠᠯ ᠢ ᠭᠤᠣᠯᠳᠠᠯᠭ᠎ᠠ ᠲᠠᠢ ᠵᠢᠭᠰᠠᠭᠠᠨ | ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠂ ᠡᠬᠡ ᠲᠠᠩᠰᠠ ᠪᠠᠶᠢᠭᠤᠯᠵᠤ᠂ ᠨᠠᠷᠢᠯᠢᠭ | ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ | ᠠᠷᠭ᠎ᠠ ᠵᠠᠮ ᠢ ᠥᠭᠡᠷᠡᠴᠢᠯᠡᠬᠦ ᠳᠤ ︽ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠴᠢᠬᠤᠯᠠᠴᠢᠯᠠᠵᠤ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤ ︽ᠬᠠᠲᠠᠭᠤ ᠵᠥᠭᠡᠯᠡᠨ ᠢ ᠵᠡᠷᠭᠡ ᠪᠠᠷ ᠬᠠᠷᠠᠭᠠᠯᠵᠠᠵᠤ︾᠂ | ᠥᠭᠡᠷᠡᠴᠢᠯᠡᠬᠦ ᠨᠥᠬᠦᠴᠡᠯ ᠲᠠᠢ ᠲᠥᠷᠥᠯ ᠵᠦᠢᠯ ᠳᠤ᠂ ᠬᠠᠭᠤᠴᠢᠨ ᠪᠠ ᠬᠠᠭᠤᠴᠢᠷᠠᠭᠰᠠᠨ ᠰᠠᠭᠤᠭᠠᠯᠢ ᠠᠷᠠᠳ ᠤᠨ | ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠭᠤᠣᠯᠳᠠᠯᠭ᠎ᠠ ᠲᠠᠢ ᠳᠡᠮᠵᠢᠵᠦ᠂ ᠶᠠᠪᠠᠭᠠᠨ ᠬᠥᠮᠥᠨ ᠤ | ᠬᠥᠭᠦᠷᠭᠡ᠂ ᠭᠠᠵᠠᠷ ᠳᠣᠣᠷᠠᠬᠢ ᠨᠡᠪᠲᠡᠷᠡᠬᠦ ᠵᠠᠮ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠵᠣᠷᠢᠭᠵᠢᠭᠤᠯᠤᠨ᠂ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠰᠢ ᠰᠠᠭᠠᠳ ᠦᠭᠡᠢ ᠴᠠᠬᠢᠯᠭᠠᠨ ᠴᠡᠨᠡᠭᠯᠡᠬᠦ ᠪᠠᠶᠢᠷᠢ ᠶᠢ ᠵᠦᠢ ᠵᠣᠬᠢᠰᠲᠠᠢ | ᠲᠣᠬᠢᠷᠠᠭᠤᠯᠤᠨ᠎ᠠ︔ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠣᠷᠣᠯᠠᠬᠤ ᠴᠢᠨᠠᠷᠲᠠᠢ | ᠠᠷᠭ᠎ᠠ ᠬᠡᠮᠵᠢᠶ᠎ᠡ ︵ᠵᠢᠱᠢᠶᠡᠯᠡᠪᠡᠯ ᠲᠦᠷ ᠴᠠᠭ ᠤᠨ ᠨᠠᠯᠠᠤ ᠵᠠᠮ᠂ ᠰᠠᠶᠢᠨ ᠳᠤᠷ᠎ᠠ ᠶᠢᠨ ᠦᠢᠯᠡᠴᠢᠯᠡᠭᠡ︶ ᠪᠠᠷ | ᠳᠠᠮᠵᠢᠭᠤᠯᠤᠨ ᠴᠢᠳᠠᠮᠵᠢ ᠶᠢᠨ ᠳᠤᠲᠠᠭᠳᠠᠯ ᠢ ᠨᠥᠬᠦᠪᠦᠷᠢᠯᠡᠵᠦ᠂ ︽ᠦᠢᠯᠡᠴᠢᠯᠡᠭᠡ ︾ ᠪᠠᠷ ᠬᠠᠲᠠᠭᠤ ᠬᠡᠷᠡᠭᠰᠡᠯ ᠤᠨ | ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ᠂ ᠬᠤᠲᠠ ᠶᠢᠨ ᠣᠯᠠᠨ ᠨᠡᠶᠢᠲᠡ ᠶᠢᠨ ᠣᠷᠣᠨ ᠵᠠᠢ ᠶᠢᠨ ︽ | ᠪᠠᠭᠤᠷᠠᠶᠢᠴᠠᠳ ᠤᠨ ᠲᠡᠳᠬᠦᠮᠵᠢ︾ ᠶᠢ ᠦᠨᠡᠨ ᠬᠦ ᠪᠡᠶᠡᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠵᠤ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ | ᠪᠣᠯᠭᠠᠵᠤ᠂ ᠬᠠᠷᠰᠢ ᠰᠠᠭᠠᠳ ᠦᠭᠡᠢ ᠰᠢᠰᠲ᠋ᠧᠮ ᠤᠨ ︽ᠠᠮᠢ ᠠᠬᠤᠢ︾ ᠶᠢ ᠲᠠᠬᠢᠨ ᠴᠣᠭᠴᠠᠯᠠᠨ᠎ᠠ᠃ ︽ᠮᠡᠳᠡᠭᠳᠡᠯ︾ | ᠳᠤ ᠬᠥᠮᠥᠨᠴᠢᠯᠡᠭᠰᠡᠨ᠂ ᠰᠢᠰᠲ᠋ᠧᠮᠵᠢᠭᠰᠡᠨ᠂ ᠣᠶᠤᠨᠴᠢᠯᠠᠭᠰᠠᠨ ᠪᠥᠭᠡᠳ ᠡᠷᠬᠢᠨ ᠲᠣᠭᠤᠷᠢᠨ ᠤ ᠣᠷᠴᠢᠨ ᠲᠣᠭᠤᠷᠢᠨ | ᠯᠤᠭ᠎ᠠ ᠬᠠᠷᠢᠯᠴᠠᠨ ᠵᠣᠬᠢᠴᠠᠯᠳᠤᠭᠰᠠᠨ ᠬᠠᠷᠰᠢ ᠰᠠᠭᠠᠳ ᠦᠭᠡᠢ ᠲᠦᠭᠦᠭᠡᠷᠦᠮᠵᠢ ᠶᠢ ᠪᠦᠲᠦᠭᠡᠨ ᠪᠠᠶᠢᠭᠤᠯᠵᠤ᠂ | ᠬᠡᠰᠡᠭᠴᠢᠯᠡᠭᠰᠡᠨ᠂ ᠣᠶᠤᠨᠴᠢᠯᠠᠭᠰᠠᠨ ᠮᠡᠷᠭᠡᠵᠢᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠶᠢ | ᠵᠣᠷᠢᠭᠵᠢᠭᠤᠯᠤᠨ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠬᠠᠷᠰᠢ ᠰᠠᠭᠠᠳ ᠦᠭᠡᠢ ᠲᠦᠭᠦᠭᠡᠷᠦᠮᠵᠢ ᠶᠢᠨ ᠭᠦᠨᠵᠡᠭᠡᠢ | ᠠᠭᠤᠰᠤᠯᠴᠠᠯ ᠢ ᠴᠢᠩᠭᠠᠳᠬᠠᠨ᠎ᠠ ᠭᠡᠵᠦ ᠳᠤᠷᠠᠳᠤᠨ ᠭᠠᠷᠭᠠᠪᠠ᠃ ᠵᠢᠱᠢᠶᠡᠯᠡᠪᠡᠯ ᠣᠶᠤᠨᠴᠢᠯᠠᠭᠰᠠᠨ ᠬᠠᠷᠠᠭ᠎ᠠ | ᠮᠠᠭᠤᠴᠤᠳ ᠢ ᠵᠢᠯᠤᠭᠤᠳᠬᠤ ᠰᠢᠰᠲ᠋ᠧᠮ᠂ ᠨᠠᠯᠠᠤ ᠵᠠᠮ ᠳᠤ ᠵᠣᠬᠢᠴᠠᠬᠤ ᠵᠡᠷᠭᠡ ᠰᠢᠨ᠎ᠡ ᠮᠡᠷᠭᠡᠵᠢᠯ ᠢ ᠬᠡᠷᠡᠭᠯᠡᠭᠰᠡᠨ ᠠᠴᠠ | ᠲᠥᠬᠦᠭᠡᠷᠦᠮᠵᠢ ᠶᠢᠨ ᠬᠡᠷᠡᠭᠯᠡᠭᠡᠨ ᠤ ᠴᠢᠨᠠᠷ ᠢ ᠳᠡᠭᠡᠭᠰᠢᠯᠡᠭᠦᠯᠦᠭᠰᠡᠨ ᠮᠥᠷᠲᠡᠭᠡᠨ ᠬᠠᠷᠰᠢ ᠰᠠᠭᠠᠳ ᠦᠭᠡᠢ ᠣᠷᠴᠢᠨ | ᠲᠣᠭᠤᠷᠢᠨ ᠢ ︽ᠳᠠᠯᠳᠠᠴᠢᠯᠠᠬᠤ︾ ᠪᠠ ︽ᠬᠥᠮᠥᠨᠴᠢᠯᠡᠬᠦ︾᠂ ︽ᠣᠶᠤᠨᠴᠢᠯᠠᠬᠤ︾ ᠶᠢ ᠣᠷᠭᠠᠨᠢᠭ ᠢᠶᠠᠷ | ᠠᠭᠤᠰᠤᠯᠴᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ | ᠬᠠᠷᠰᠢ ᠰᠠᠭᠠᠳ ᠦᠭᠡᠢ ᠲᠦᠭᠦᠭᠡᠷᠦᠮᠵᠢ ᠶᠢᠨ ᠲᠤᠰᠬᠠᠢ ᠵᠦᠢᠯ ᠤᠨ ᠪᠡᠶ᠎ᠡ ᠶᠢᠨ ᠪᠠᠶᠢᠴᠠᠭᠠᠯᠲᠠ ᠦᠨᠡᠯᠡᠯᠳᠡ ᠵᠡᠷᠭᠡ | ᠠᠵᠢᠯ ᠲᠠᠢ ᠤᠶᠠᠯᠳᠤᠭᠤᠯᠤᠨ᠂ ᠬᠠᠷᠰᠢ ᠰᠠᠭᠠᠳ ᠦᠭᠡᠢ ᠲᠦᠭᠦᠭᠡᠷᠦᠮᠵᠢ ᠶᠢᠨ ᠮᠡᠳᠡᠭᠡ ᠵᠠᠩᠭᠢ ᠶᠢ ᠬᠤᠲᠠ ᠶᠢᠨ | ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠵᠡᠷᠭᠡ ᠬᠠᠮᠢᠶ᠎ᠠ ᠪᠦᠬᠦᠢ ᠲᠣᠭᠠᠴᠢᠯᠠᠭᠰᠠᠨ | ᠲᠠᠪᠴᠠᠩ ᠳᠤ ᠣᠷᠣᠭᠤᠯᠵᠤ᠂ ᠣᠶᠤᠨᠲᠤ ᠦᠢᠯᠡᠴᠢᠯᠡᠭᠡ ᠶᠢ ᠦᠷᠭᠦᠯᠵᠢᠯᠡᠭᠦᠯᠵᠦ᠂ ᠲᠤᠭ᠎ᠠ ᠪᠠᠷᠢᠮᠲᠠ ᠶᠢᠨ | ᠲᠤᠨᠳᠠᠰᠤ ᠳᠤ ᠲᠦᠰᠢᠭᠯᠡᠨ ᠲᠥᠯᠦᠪᠵᠢᠭᠦᠯᠭᠡ ᠶᠢᠨ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠨᠠᠩ ᠤᠶᠠᠨ | ᠬᠠᠲᠠᠨ ᠴᠢᠨᠠᠷ ᠲᠠᠢ ᠬᠠᠷᠰᠢ ᠰᠠᠭᠠᠳ ᠦᠭᠡᠢ ᠠᠮᠢ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃ | ᠬᠠᠮᠲᠤᠪᠠᠷ ᠵᠠᠰᠠᠬᠤ ᠪᠠᠷ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠷᠳᠤ | ᠬᠤᠭᠤᠴᠠᠭᠠᠨ ᠤ ᠪᠦᠲᠦᠮᠵᠢᠲᠡᠢ ᠪᠠᠳᠤᠯᠠᠭ᠎ᠠ ᠶᠢᠨ ︽ᠪᠢᠲᠡᠭᠦᠦ ᠴᠠᠭᠠᠷᠢᠭ︾ ᠢ ᠪᠠᠶᠢᠭᠤᠯᠤᠨ᠎ᠠ᠃ ︽ᠮᠡᠳᠡᠭᠳᠡᠯ︾ ᠳᠤ | ᠂ ᠬᠠᠷᠰᠢ ᠰᠠᠭᠠᠳ ᠦᠭᠡᠢ ᠲᠦᠭᠦᠭᠡᠷᠦᠮᠵᠢ ᠶᠢᠨ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ᠂ ᠠᠷᠠᠴᠢᠯᠠᠨ ᠬᠠᠮᠠᠭᠠᠯᠠᠵᠦ ᠬᠠᠮᠢᠶᠠᠷᠬᠤ ᠪᠥᠬᠦ ᠶᠠᠪᠤᠴᠠ ᠶᠢᠨ ᠬᠠᠷᠠᠭᠠᠰᠤ ᠠᠴᠠ | ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠳᠤᠷᠠᠳᠴᠤ᠂ ᠬᠠᠷᠰᠢ ᠰᠠᠭᠠᠳ ᠦᠭᠡᠢ ᠲᠦᠭᠦᠭᠡᠷᠦᠮᠵᠢ ᠶᠢ ᠣᠷᠳᠣ | ᠬᠤᠭᠤᠴᠠᠭᠠᠨ ᠤ ᠲᠤᠷᠰᠢ ᠪᠠᠶᠢᠭᠤᠯᠤᠭᠠᠳ ᠬᠠᠮᠢᠶᠠᠷᠬᠤ ᠦᠭᠡᠢ︾ ︽ᠬᠡᠷᠡᠭᠯᠡᠭᠡᠳ ᠬᠠᠮᠠᠭᠠᠯᠠᠬᠤ ᠦᠭᠡᠢ︾ | ᠠᠰᠠᠭᠤᠳᠠᠯ ᠢ ᠰᠢᠢᠳᠪᠦᠷᠢᠯᠡᠨ᠎ᠡ᠃ ᠨᠢᠭᠡ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠬᠠᠷᠰᠢ ᠰᠠᠭᠠᠳ | ᠦᠭᠡᠢ ᠵᠢᠷᠤᠭ ᠲᠥᠯᠥᠪᠯᠡᠭᠡ ᠶᠢ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠ ᠬᠠᠶᠢᠨ ᠪᠠᠶᠢᠴᠠᠭᠠᠬᠤ ᠶᠠᠰᠤ | ᠴᠢᠨᠠᠷ ᠤᠨ ᠪᠠᠶᠢᠴᠠᠭᠠᠯᠲᠠ ᠳᠤ ᠣᠷᠣᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠭᠡᠳᠡᠷᠭᠦ ᠰᠢᠬᠠᠮᠳᠠᠭᠤᠯᠵᠤ | ᠪᠠᠶᠢᠭᠠᠳ ᠬᠡᠷᠡᠭᠵᠢᠭᠦᠯᠬᠦ ᠪᠠᠷᠢᠮᠵᠢᠶ᠎ᠠ ᠶᠢ ᠵᠢᠷᠤᠮᠵᠢᠭᠤᠯᠤᠨ᠎ᠠ︔ ᠬᠤᠶᠠᠷ ᠲᠤ᠂ ᠰᠢᠯᠭᠠᠨ ᠠᠪᠬᠤ ᠳᠤ ᠦᠨᠳᠦᠰᠦᠨ | ᠵᠦᠢᠯ ᠢ ᠪᠠᠲᠤᠯᠠᠵᠤ᠂ ᠬᠠᠷᠰᠢ ᠰᠠᠭᠠᠳ ᠦᠭᠡᠢ ᠲᠥᠬᠦᠭᠡᠷᠦᠮᠵᠢ ᠶᠢ ᠰᠢᠯᠭᠠᠨ ᠠᠪᠬᠤ ᠦᠭᠡᠢ ᠪᠠᠷ ᠲᠤᠰᠢᠶᠠᠨ | ᠥᠭᠴᠦ ᠪᠣᠯᠬᠤ ᠦᠭᠡᠢ ᠭᠡᠳᠡᠭ ᠢ ᠲᠣᠳᠣᠷᠬᠠᠶᠢᠯᠠᠵᠤ᠂ ︽ᠠᠰᠠᠭᠤᠳᠠᠯ ᠲᠠᠢ ᠪᠠᠶᠢᠲᠠᠯ᠎ᠠ ᠬᠡᠷᠡᠭᠯᠡᠯᠳᠡ ᠳᠤ ᠤᠷᠤᠭᠤᠯᠬᠤ | ︾ ᠶᠢ ᠲᠠᠰᠤ ᠬᠤᠷᠢᠭᠯᠠᠨ᠎ᠠ︔ ᠭᠤᠷᠪᠠ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠰᠢ ᠰᠠᠭᠠᠳ ᠦᠭᠡᠢ | ᠲᠥᠬᠦᠭᠡᠷᠦᠮᠵᠢ ᠶᠢᠨ ᠥᠮᠴᠢᠯᠡᠯ ᠤᠨ ᠡᠷᠬᠡᠲᠦ ᠬᠥᠮᠥᠨ ᠪᠤᠶᠤ ᠬᠠᠮᠢᠶᠠᠷᠤᠭᠴᠢ ᠶᠢ ᠱᠠᠯᠠᠪᠳᠠᠭᠤᠯᠤᠨ ᠠᠷᠠᠴᠢᠯᠠᠨ | ᠬᠠᠮᠠᠭᠠᠯᠠᠬᠤ ᠪᠠ ᠬᠠᠮᠢᠶᠠᠷᠬᠤ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠳᠥᠷᠪᠡ ᠳᠤ᠂ | ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠵᠤ᠂ ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠵᠢᠴᠢ | ᠬᠤᠯᠪᠣᠭᠳᠠᠯ ᠪᠦᠬᠦᠢ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠤᠷᠢᠵᠤ ᠬᠢᠨᠠᠯᠲᠠ ᠲᠠᠯᠪᠢᠬᠤ ᠳᠤ | ᠣᠷᠣᠯᠴᠠᠭᠤᠯᠵᠤ᠂ ᠬᠤᠳᠠ ᠶᠢᠨ ᠠᠷᠠᠳ ᠲᠦᠮᠡᠨ ᠤ ᠤᠯᠠᠨ ᠵᠦᠢᠯ ᠤᠨ ᠠᠷᠭ᠎ᠠ ᠵᠠᠮ ᠢᠶᠠᠷ ᠬᠠᠷᠰᠢ ᠰᠠᠭᠠᠳ ᠦᠭᠡᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠡᠷᠡᠭᠯᠡᠯᠲᠡ ᠶᠢᠨ ᠲᠠᠯ᠎ᠠ ᠶᠢᠨ ᠠᠰᠠᠭᠤᠳᠠᠯ ᠢ ᠬᠠᠷᠢᠭᠤ | ᠲᠤᠰᠬᠠᠬᠤ ᠶᠢ ᠵᠣᠷᠢᠭᠵᠢᠭᠤᠯᠵᠤ᠂ ︽ᠠᠰᠠᠭᠤᠳᠠᠯ ᠢ ᠢᠯᠡᠷᠡᠭᠦᠯᠬᠦ — ᠴᠡᠭᠴᠡᠯᠡᠨ ᠰᠠᠶᠢᠵᠢᠷᠠᠭᠤᠯᠬᠤ — | ᠬᠠᠷᠢᠭᠤ ᠲᠤᠰᠬᠠᠬᠤ︾ ᠲᠣᠭᠲᠠᠴᠠ ᠶᠢ ᠪᠦᠷᠢᠯᠳᠦᠭᠦᠯᠵᠦ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠶᠢ ︽ᠵᠠᠰᠠᠭ ᠤᠨ ᠣᠷᠳᠣᠨ ᠤ ᠢᠨᠵᠧᠨᠧᠷᠢᠩ︾ ᠠᠴᠠ ︽ᠠᠷᠠᠳ ᠤᠨ ᠰᠡᠳᠬᠢᠯ ᠤᠨ | ᠢᠨᠵᠧᠨᠧᠷᠢᠩ︾ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ | ︽ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠠᠷᠰᠢ ᠰᠠᠭᠠᠳ ᠦᠭᠡᠢ ᠲᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠡᠷᠴᠢᠮ ᠢ ᠠᠷᠠᠳ ᠤᠨ | ᠠᠮᠢᠳᠤᠷᠠᠯ ᠤᠨ ᠲᠤᠯᠠᠭᠠᠴᠠ ᠪᠣᠯᠭᠠᠨ ᠬᠤᠪᠢᠷᠠᠭᠤᠯᠵᠤ᠂ ︽ᠡᠷᠬᠡ ᠲᠡᠭᠰᠢ᠂ ᠠᠭᠤᠰᠤᠯᠴᠠᠭᠰᠠᠨ᠂ ᠬᠠᠮᠲᠤ ᠪᠠᠷ | ᠡᠳ᠋ᠯᠡᠬᠦ︾ ᠬᠤᠲᠠ ᠶᠢᠨ ᠬᠠᠷᠰᠢ ᠰᠠᠭᠠᠳ ᠦᠭᠡᠢ ᠲᠣᠣᠷ ᠢ ᠰᠦᠯᠵᠢᠵᠦ᠂ ︽ᠬᠠᠷᠰᠢ ᠰᠠᠭᠠᠳ ᠲᠠᠢ︾ ᠪᠠᠶᠢᠭᠰᠠᠨ | ᠠᠴᠠ ︽ᠬᠠᠷᠰᠢ ᠰᠠᠭᠠᠳ ᠦᠭᠡᠢ︾ ᠪᠤᠯᠭᠠᠬᠤ ᠪᠣᠯᠪᠠᠰᠤᠨ ᠤ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |