3 ᠳ᠋ᠤᠭᠠᠷ ᠰᠠᠷ᠎ᠠ ᠶᠢᠨ 23 ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠬᠤᠤ ᠵᠢᠶᠠ ᠶᠣᠣ ᠶᠢᠨ | ᠰᠣᠶᠣᠯ ᠤᠨ ᠠᠭᠤᠳᠠᠮ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ 2025 ᠣᠨ ᠤ ᠬᠠᠳᠤᠨ ᠭᠤᠣᠯ ᠤᠨ | ᠭᠡᠰᠦᠯᠳᠡ ᠶᠢᠨ ᠠᠵᠢᠯᠯᠠᠭ᠎ᠠ ᠶᠢᠨ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠬᠡᠩᠭᠡᠷᠭᠡ ᠶᠢᠨ ᠤᠷᠤᠯᠳᠤᠭᠠᠨ ᠶᠠᠪᠤᠭᠳᠠᠪᠠ᠃ ᠪᠦᠬᠦ ᠰᠢᠶᠠᠨ ᠠᠴᠠ ᠬᠦᠷᠦᠯᠴᠡᠨ ᠢᠷᠡᠭᠰᠡᠨ ᠬᠠᠷᠠᠩᠭ᠎ᠠ ᠬᠡᠩᠭᠡᠷᠭᠡ ᠶᠢᠨ | ᠡᠩᠨᠡᠭᠡ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠬᠠᠷᠠᠩᠭ᠎ᠠ᠂ ᠬᠡᠩᠭᠡᠷᠭᠡ᠂ ᠴᠠᠩ ᠵᠡᠷᠭᠡ ᠪᠠᠷ ᠳᠤᠤᠭᠠᠷᠴᠤ᠂ | ᠦᠵᠡᠭᠴᠢᠳ ᠲᠤ ᠰᠣᠶᠣᠯ ᠤᠨ ᠪᠤᠰᠤ ᠰᠣᠶᠣᠯ ᠤᠨ ᠦᠵᠡᠵᠦ ᠰᠣᠨᠣᠰᠬᠤ ᠬᠦᠷᠲᠡᠭᠡᠯ ᠢ ᠠᠪᠴᠢᠷᠠᠭᠰᠠᠨ ᠪᠠᠶᠢᠨ᠎ᠠ᠃ | ᠤᠷᠤᠯᠳᠤᠭᠠᠨ ᠤ ᠳᠤᠮᠳᠠ᠂ ᠡᠯ᠎ᠡ ᠠᠩᠭᠢ ᠡᠭᠡᠯᠵᠢᠯᠡᠨ ᠲᠠᠯᠠᠪᠠᠶ ᠳᠤ ᠭᠠᠷᠴᠤ᠂ ᠭᠤᠶᠢᠳᠠ ᠰᠠᠶᠢᠬᠠᠨ | ᠤᠷᠤᠯᠳᠤᠭᠠᠨ ᠳᠤ ᠤᠷᠤᠯᠴᠠᠪᠠ᠃ ᠬᠡᠩᠭᠡᠷᠭᠡ ᠶᠢᠨ ᠳᠠᠭᠤᠨ ᠡᠯ᠎ᠡ ᠵᠦᠢᠯ ᠤᠨ ᠬᠥᠭᠵᠢᠮᠳᠡᠭᠦᠷ ᠰᠦᠯᠵᠢᠯᠳᠦᠨ᠂ | ᠵᠠᠷᠢᠮ ᠳᠠᠭᠠᠨ ᠰᠦᠷ ᠵᠢᠪᠬᠤᠯᠠᠩᠲᠠᠢ᠂ ᠵᠠᠷᠢᠮ ᠳᠠᠭᠠᠨ ᠨᠠᠮ ᠳᠥᠯᠭᠡᠬᠡᠨ᠂ ᠲᠤᠬᠠᠢ ᠶᠢᠨ ᠲᠠᠯᠠᠪᠠᠶ ᠶᠢᠨ | ᠦᠵᠡᠭᠴᠢᠳ ᠤᠨ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ᠂ ᠠᠯᠠᠭ᠎ᠠ ᠲᠡᠰᠢᠯᠲᠡ ᠶᠢᠨ ᠳᠠᠭᠤᠨ᠂ ᠤᠷᠠᠶᠢᠯᠠᠯ ᠤᠨ | ᠳᠠᠭᠤᠨ ᠪᠠ ᠬᠥᠭᠵᠢᠮ ᠤᠨ ᠳᠠᠭᠤᠨ ᠴᠤᠤᠷᠢᠶᠠᠲᠤᠨ᠎ᠠ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠾᠧ ᠺᠸᠦ ᠵᠢᠭᠤᠯᠴᠢᠯᠠᠯ ᠠᠮᠠᠷᠠᠯᠲᠠ ᠶᠢᠨ | ᠲᠣᠭᠤᠷᠢᠭ ᠤᠨ ᠬᠠᠷᠠᠩᠭ᠎ᠠ ᠬᠡᠩᠭᠡᠷᠭᠡ ᠶᠢᠨ ᠠᠩᠭᠢ ᠶᠢᠨ ᠬᠢᠨ ᠤᠷᠠᠨ ᠨᠠᠷᠢᠯᠢᠭ ᠤᠷ᠎ᠠ ᠮᠡᠷᠭᠡᠵᠢᠯ᠂ ᠡᠯᠪᠡᠭ ᠪᠠᠶᠠᠯᠢᠭ | ᠨᠠᠶᠢᠷᠠᠭᠤᠯᠭ᠎ᠠ ᠪᠠ ᠨᠥᠯᠥᠭᠡᠯᠡᠬᠦ ᠬᠦᠴᠦᠨ ᠢᠶᠠᠷ ᠲᠡᠭᠦᠯᠳᠡᠷ ᠲᠣᠭᠯᠠᠯᠲᠠ ᠪᠠᠷ ᠢᠶᠠᠨ ᠨᠢᠭᠡᠳᠦᠭᠡᠷ ᠳᠡᠰ ᠤᠨ ᠱᠠᠩᠨᠠᠯ | ᠭᠥᠷᠳᠡᠪᠡ᠃ ᠱᠤᠸᠠᠩ ᠾᠧ ᠪᠠᠯᠭᠠᠰᠤᠨ ᠤ ᠬᠠᠷᠠᠩᠭ᠎ᠠ ᠬᠡᠩᠭᠡᠷᠭᠡ ᠶᠢᠨ ᠠᠩᠭᠢ ᠪᠣᠯᠣᠨ ᠰᠢᠨ᠎ᠡ ᠶᠢᠩᠽᠢ | ᠪᠠᠯᠭᠠᠰᠤᠨ ᠤ ᠴᠢᠩ ᠹᠧᠩ ᠬᠠᠷᠠᠩᠭ᠎ᠠ ᠬᠡᠩᠭᠡᠷᠭᠡ ᠶᠢᠨ ᠠᠩᠭᠢ ᠲᠤᠰ ᠲᠤᠰ ᠬᠤᠶᠠᠳᠤᠭᠠᠷ ᠳᠡᠰ ᠤᠨ ᠱᠠᠩᠨᠠᠯ | ᠭᠥᠷᠳᠡᠵᠦ᠂ ᠢᠦᠢ ᠵᠧᠨ ᠬᠠᠷᠠᠩᠭ᠎ᠠ ᠬᠡᠩᠭᠡᠷᠭᠡ ᠶᠢᠨ ᠠᠩᠭᠢ᠂ ᠾᠧᠢ ᠱᠦᠢ ᠴᠢᠦᠸᠠᠨ ᠱᠧᠦ ᠶᠠᠩ ᠬᠡᠩᠭᠡᠷᠭᠡ ᠵᠢᠴᠢ | ᡁᠢ ᠵᠦᠩ ᠬᠠᠷᠠᠩᠭ᠎ᠠ ᠬᠡᠩᠭᠡᠷᠭᠡ ᠶᠢᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠵᠦ᠂ ᠦᠯᠡᠳᠡᠭᠰᠡᠨ | ᠳᠣᠯᠣᠭᠠᠨ ᠠᠩᠭᠢ ᠨᠢ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃ ᠲᠣᠰ ᠤᠳᠠᠭᠠᠨ ᠤ ᠠᠵᠢᠯᠯᠠᠭ᠎ᠠ ᠨᠢ | ᠬᠠᠲᠤᠨ ᠭᠤᠣᠯ ᠤᠨ ᠰᠣᠶᠣᠯ ᠢ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ | ᠤᠯᠠᠮᠵᠢᠯᠠᠯ ᠪᠠ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠨᠠᠩ ᠣᠯᠠᠨ ᠬᠥᠮᠥᠰ ᠲᠤ | ᠤᠯᠠᠮᠵᠢᠯᠠᠯᠲᠤ ᠵᠠᠩ ᠦᠶᠯᠡ ᠶᠢᠨ ᠰᠣᠶᠣᠯ ᠤᠨ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃ ᠬᠠᠲᠤᠨ ᠭᠤᠣᠯ ᠤᠨ | ᠰᠦᠷᠯᠢᠭ ᠰᠠᠶᠢᠬᠠᠨ ᠦᠵᠡᠮᠵᠢ ᠪᠣᠯᠣᠨ ᠵᠠᠩ ᠦᠢᠯᠡ ᠶᠢᠨ ᠰᠣᠶᠣᠯ ᠤᠨ ᠭᠦᠨ ᠵᠤᠵᠠᠭᠠᠨ ᠠᠭᠤᠯᠬᠤᠨ ᠢ ᠳᠠᠭᠠᠯᠳᠤᠨ᠂ | ᠲᠣᠭᠲᠠᠬᠤ ᠰᠢᠶᠠᠨ ᠤ ᠬᠠᠪᠤᠷ ᠤᠨ ᠤᠯᠠᠷᠢᠯ ᠤᠨ ᠰᠡᠳᠬᠢᠯ ᠬᠥᠳᠡᠯᠭᠡᠮ᠎ᠡ ᠵᠢᠷᠤᠭ ᠢ ᠬᠠᠮᠲᠤ ᠪᠠᠷ ᠵᠢᠷᠤᠭᠰᠠᠨ ᠪᠠᠶᠢᠨ᠎ᠠ | ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |