2025 ᠣᠨ ᠤ 1 ︱ 2 ᠳ᠋ᠤᠭᠠᠷ ᠰᠠᠷ᠎ᠠ ᠳᠤ ᠲᠣᠭᠲᠠᠬᠤ ᠰᠢᠶᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠣᠷᠣᠯᠭ᠎ᠠ 7562.15 ᠲᠦᠮᠡᠨ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2025/3/25
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ       ᠨᠡᠶᠢᠭᠡᠮ ᠤᠨ ᠳᠠᠭᠠᠳᠬᠠᠯ ᠢ ᠨᠠᠶᠢᠳᠠᠪᠤᠷᠢᠲᠠᠢ ᠪᠡᠯᠡ ᠮᠥᠩᠭᠦᠨ ᠤ ᠪᠠᠲᠤᠯᠠᠭ᠎ᠠ ᠲᠠᠢ ᠪᠣᠯᠭᠠᠬᠤ ᠶᠢᠨ ᠲᠥᠯᠥᠭᠡ᠂ ᠤᠯᠤᠰ ᠠᠴᠠ ᠬᠠᠤᠯᠢ ᠲᠣᠭᠲᠠᠭᠠᠬᠤ ᠪᠠᠷ ᠳᠠᠮᠵᠢᠭᠤᠯᠤᠨ ᠨᠡᠶᠢᠭᠡᠮ ᠳᠠᠶᠠᠭᠠᠷ ᠲᠤ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠲᠤᠰᠬᠠᠢ ᠪᠡᠯᠡ ᠮᠥᠩᠭᠦ ᠶᠢ ᠥᠭᠬᠦ ᠳᠤ ᠬᠡᠷᠡᠭᠯᠡᠬᠦ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠢ ᠪᠠᠶᠢᠭᠤᠯᠬᠤ ᠶᠢ ᠱᠠᠭᠠᠷᠳᠠᠵᠠᠢ᠃ ᠲᠣᠭᠲᠠᠬᠤ ᠰᠢᠶᠠᠨ ᠤ 2025 ᠣᠨ ᠤ 1 ︱ 2 ᠳ᠋ᠤᠭᠠᠷ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠣᠷᠣᠯᠭ᠎ᠠ ᠶᠢᠨ ᠪᠠᠶᠢᠳᠠᠯ ᠳᠣᠣᠷᠠᠬᠢ ᠮᠡᠲᠦ᠄      ᠲᠣᠭᠲᠠᠬᠤ ᠰᠢᠶᠠᠨ ᠤ 2025 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠤᠰᠬᠠᠢ ᠡᠷᠦᠬᠡ ᠶᠢᠨ 1 — 2 ᠳ᠋ᠤᠭᠠᠷ ᠰᠠᠷ᠎ᠠ ᠶᠢᠨ ᠣᠷᠣᠯᠭ᠎ᠠ ᠨᠢ ᠨᠡᠶᠢᠲᠡ 7562.15 ᠲᠦᠮᠡᠨ ᠲᠥᠭᠦᠷᠢᠭ ᠲᠤ ᠬᠦᠷᠴᠡᠢ᠃ ᠡᠭᠦᠨ ᠳᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠲᠤᠰᠬᠠᠢ ᠡᠷᠦᠬᠡ ᠶᠢᠨ ᠣᠷᠣᠯᠭ᠎ᠠ 2815.25 ᠲᠦᠮᠡᠨ ᠲᠥᠭᠦᠷᠢᠭ︔ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠷᠣᠯᠭ᠎ᠠ 2086.26 ᠲᠦᠮᠡᠨ ᠲᠥᠭᠦᠷᠢᠭ︔ ᠪᠠᠶᠢᠭᠤᠯᠤᠯᠭ᠎ᠠ ᠶᠢᠨ ᠠᠵᠢᠯ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠡᠶᠢᠲᠡ ᠣᠷᠣᠯᠭ᠎ᠠ 1761.76 ᠲᠦᠮᠡᠨ ᠲᠥᠭᠦᠷᠢᠭ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠣᠷᠣᠯᠭ᠎ᠠ ᠨᠡᠶᠢᠲᠡ 461.93 ᠲᠦᠮᠡᠨ ᠲᠥᠭᠦᠷᠢᠭ ᠲᠤ ᠬᠦᠷᠴᠡᠢ᠃ ᠪᠠᠶᠢᠭᠤᠯᠤᠯᠭ᠎ᠠ ᠪᠠ ᠠᠵᠢᠯ ᠦᠢᠯᠡᠰ ᠤᠨ ᠠᠵᠢᠯ ᠮᠡᠷᠭᠡᠵᠢᠯ ᠤᠨ ᠣᠨ ᠤ ᠮᠥᠩᠭᠦ ᠶᠢ 436.95 ᠲᠦᠮᠡᠨ ᠲᠥᠭᠦᠷᠢᠭ ᠴᠤᠭᠯᠠᠭᠤᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1