ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠳᠤ ᠣᠷᠣᠨ ᠰᠠᠭᠤᠴᠠ ᠶᠢᠨ ᠵᠢᠭᠡᠯᠡᠯᠭᠡ ᠶᠢᠨ ᠳ᠋ᠤᠭᠠᠷᠯᠠᠯ ᠨᠢ ᠪᠤᠷᠤᠭᠤᠳᠠᠵᠠᠢ ᠭᠡᠵᠦ ᠢᠯᠡᠷᠡᠪᠡᠯ ᠬᠡᠷᠬᠢᠨ ᠰᠢᠢᠳᠪᠦᠷᠢᠯᠡᠬᠦ ᠪᠤᠢ︖
ᠨᠡᠶᠢᠲᠡᠯᠡᠭᠰᠡᠨ ᠴᠠᠭ᠄
2025/3/25
      ᠤᠯᠤᠰ ᠤᠨ ᠭᠠᠶᠢᠯᠢ ᠶᠢᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠭᠡᠷ ᠪᠠᠶᠢᠰᠢᠩ ᠬᠤᠳᠠᠯᠳᠤᠨ ᠠᠪᠤᠭᠴᠢ ᠨᠢ ᠬᠡᠷᠪᠡ ᠵᠢᠭᠡᠯᠡᠯᠭᠡ ᠪᠠᠷ ᠠᠩᠬᠠᠨ ᠤ ᠣᠷᠣᠨ ᠰᠠᠭᠤᠴᠠ ᠶᠢ ᠬᠤᠳᠠᠯᠳᠤᠨ ᠠᠪᠤᠭᠰᠠᠨ ᠪᠠᠶᠢᠪᠠᠯ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ  ᠠᠴᠠ ᠰᠠᠭᠤᠯᠭᠠᠨ ᠠᠪᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠂ ᠡᠭᠦᠨ ᠳᠤ ᠰᠠᠷ᠎ᠠ ᠪᠦᠷᠢ 1000 ᠲᠥᠭᠦᠷᠢᠭ ᠤᠨ ᠪᠠᠷᠢᠮᠵᠢᠶ᠎ᠠ ᠪᠠᠷ ᠰᠠᠭᠤᠯᠭᠠᠨ ᠠᠪᠴᠤ ᠪᠣᠯᠣᠨ᠎ᠠ᠂ ᠰᠠᠭᠤᠯᠭᠠᠨ ᠠᠪᠬᠤ ᠬᠤᠭᠤᠴᠠᠭ᠎ᠠ ᠶᠢ ᠬᠠᠮᠤᠭ ᠣᠷᠳᠣ ᠳᠠᠭᠠᠨ 240 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃ ᠵᠠᠷᠢᠮ ᠭᠡᠷ ᠪᠠᠶᠢᠰᠢᠩ ᠬᠤᠳᠠᠯᠳᠤᠨ ᠠᠪᠤᠭᠴᠢ ᠶᠢᠨ ᠲᠤᠰᠬᠠᠭᠰᠠᠨ ᠢᠶᠠᠷ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠳᠤ ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ ᠨᠢ ᠪᠤᠷᠤᠭᠤᠳᠠᠵᠠᠢ ᠭᠡᠨ᠎ᠡ᠂ ᠡᠭᠦᠨ ᠢ ᠬᠡᠷᠬᠢᠨ ᠰᠢᠢᠳᠪᠦᠷᠢᠯᠡᠬᠦ ᠪᠣᠶ︖        ᠪᠡᠭᠡᠵᠢᠩ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠢᠯᠡᠷᠬᠡᠶᠢᠯᠡᠭᠰᠡᠨ ᠨᠢ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠭᠠᠶᠢᠯᠢ ᠲᠤᠰᠢᠶᠠᠭᠴᠢ ᠲᠣᠰ ᠬᠥᠮᠥᠨ ᠪᠤᠶᠤ ᠬᠤᠯᠪᠣᠰᠤ ᠨᠢ ᠭᠠᠭᠴᠠᠭᠠᠷ ᠪᠤᠶᠤ ᠬᠠᠮᠲᠤ ᠪᠠᠷ ᠬᠤᠳᠠᠯᠳᠤᠭᠠᠨ ᠤ ᠪᠠᠩᠬᠢ ᠪᠤᠶᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠬᠡᠷᠡᠭᠯᠡᠨ ᠳᠤᠮᠳᠠᠳᠤ ᠤᠯᠤᠰ ᠤᠨ ᠬᠢᠯᠢ ᠶᠢᠨ ᠳᠣᠲᠣᠷᠠᠬᠢ ᠣᠷᠣᠨ ᠰᠠᠭᠤᠴᠠ ᠶᠢ ᠬᠤᠳᠠᠯᠳᠤᠨ ᠠᠪᠬᠤ ᠳᠤ ᠡᠭᠦᠰᠦᠭᠰᠡᠨ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠶᠢ ᠪᠣᠳᠠᠲᠠᠢ ᠡᠭᠦᠰᠦᠭᠰᠡᠨ ᠵᠢᠭᠡᠯᠡᠯᠭᠡ ᠶᠢᠨ ᠬᠦᠦ ᠮᠥᠩᠭᠦ ᠶᠢᠨ ᠵᠢᠯ ᠳᠤ ᠰᠠᠷ᠎ᠠ ᠪᠦᠷᠢ 1000 ᠲᠥᠭᠦᠷᠢᠭ ᠤᠨ ᠪᠠᠷᠢᠮᠵᠢᠶ᠎ᠠ ᠨᠣᠷᠮ᠎ᠠ ᠪᠠᠷ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠬᠤᠭᠤᠴᠠᠭ᠎ᠠ ᠶᠢ ᠬᠠᠮᠤᠭ ᠣᠷᠳᠣ ᠳᠠᠭᠠᠨ 240 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠤᠭᠳᠠᠭᠠᠵᠠᠢ᠃        ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠭᠡᠳᠡᠭ ᠨᠢ ᠣᠷᠣᠨ ᠰᠠᠭᠤᠴᠠ ᠬᠤᠳᠠᠯᠳᠤᠨ ᠠᠪᠬᠤ ᠳᠤ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠡᠳ᠋ᠯᠡᠬᠦ ᠣᠷᠣᠨ ᠰᠠᠭᠤᠴᠠ ᠶᠢᠨ ᠵᠢᠭᠡᠯᠡᠯᠭᠡ ᠶᠢ ᠵᠢᠭᠠᠵᠤ ᠪᠠᠶᠢᠨ᠎ᠠ᠃ ᠭᠠᠶᠢᠯᠢ ᠲᠤᠰᠢᠶᠠᠭᠴᠢ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠰᠠᠭᠤᠯᠭᠠᠨ ᠠᠪᠬᠤ ᠶᠢ ᠵᠦᠪᠬᠡᠨ ᠨᠢᠭᠡ ᠯᠡ ᠤᠳᠠᠭ᠎ᠠ ᠡᠳ᠋ᠯᠡᠵᠦ ᠪᠣᠯᠣᠨ᠎ᠠ᠃        ᠭᠡᠪᠡᠴᠦ ᠵᠠᠷᠢᠮ ᠭᠡᠷ ᠪᠠᠶᠢᠰᠢᠩ ᠬᠤᠳᠠᠯᠳᠤᠨ ᠠᠪᠤᠭᠴᠢ ᠶᠢᠨ ᠲᠤᠰᠬᠠᠭᠰᠠᠨ ᠢᠶᠠᠷ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠳᠤ ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ ᠨᠢ ᠪᠤᠷᠤᠭᠤᠳᠠᠵᠠᠢ ᠭᠡᠵᠡᠢ᠃ ᠡᠭᠦᠨ ᠤ ᠲᠤᠬᠠᠢ ᠪᠡᠭᠡᠵᠢᠩ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠠᠨᠠᠭᠤᠯᠬᠤ ᠳᠠᠭᠠᠨ᠂ ᠲᠠᠭᠯᠠᠨ ᠮᠡᠳᠡᠭᠦᠯᠦᠭᠰᠡᠨ ᠪᠣᠶ ᠪᠦᠬᠦᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠳᠤ ᠬᠤᠯᠪᠣᠭᠳᠠᠭᠰᠠᠨ ᠭᠡᠷ ᠪᠠᠶᠢᠰᠢᠩ ᠢ ᠨᠢᠭᠡ ᠯᠡ ᠢᠵᠢ ᠪᠠᠶᠢᠬᠤ ᠶᠢ ᠨᠤᠲᠠᠯᠠᠬᠤ ᠶᠢᠨ ᠬᠠᠮᠲᠤ ᠡᠭᠦᠨ ᠠᠴᠠ ᠡᠮᠦᠨ᠎ᠡ ᠵᠢᠴᠢ ᠲᠣᠰ ᠤᠳᠠᠭ᠎ᠠ ᠲᠠᠭᠯᠠᠨ ᠮᠡᠳᠡᠭᠦᠯᠦᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢ ᠰᠠᠭᠤᠯᠭᠠᠨ ᠠᠪᠤᠭᠰᠠᠨ ᠮᠡᠳᠡᠭᠡ ᠵᠠᠩᠭᠢ ᠳᠤ ᠪᠤᠷᠤᠭᠤ ᠪᠤᠶᠤ ᠨᠢᠭᠡᠳᠦᠯ ᠦᠭᠡᠢ ᠪᠠᠶᠢᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠬᠦ ᠬᠡᠷᠡᠭᠳᠡᠢ ᠭᠡᠵᠡᠢ᠃        ᠬᠡᠷᠪᠡ ᠲᠠᠭᠯᠠᠨ ᠮᠡᠳᠡᠭᠦᠯᠦᠭᠰᠡᠨ ᠨᠢ ᠨᠢᠭᠡ ᠢᠵᠢ ᠣᠷᠣᠨ ᠰᠠᠭᠤᠴᠠ ᠪᠠᠶᠢᠪᠠᠯ᠂ 2019 ᠣᠨ ᠠᠴᠠ 2024 ᠣᠨ ᠬᠦᠷᠲᠡᠯᠡᠬᠢ ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ ᠨᠢ ᠪᠦᠷᠢᠮᠦᠰᠦᠨ ᠠᠳᠠᠯᠢ ᠪᠠᠶᠢᠬᠤ ᠡᠰᠡᠬᠦ ᠶᠢ ᠨᠠᠷᠢᠨ ᠪᠠᠶᠢᠴᠠᠭᠠᠭᠠᠷᠠᠢ᠂ ᠵᠢᠱᠢᠶᠡᠯᠡᠪᠡᠯ ᠬᠢᠲᠠᠳ ᠠᠩᠭ᠍ᠯᠢ ᠬᠡᠯᠡᠨ ᠤ ᠬᠠᠭᠠᠯᠲᠠ ᠶᠢᠨ ᠬᠡᠯᠪᠡᠷᠢ᠂ ᠣᠬᠤᠷ ᠬᠥᠨᠳᠡᠯᠡᠨ ᠵᠢᠷᠤᠭᠠᠰᠤ ᠵᠡᠷᠭᠡ ᠲᠡᠮᠳᠡᠭ ᠤᠨ ᠵᠠᠭᠪᠤᠷ ᠨᠢ ᠪᠤᠷᠤᠭᠤᠳᠠᠭᠰᠠᠨ ᠡᠰᠡᠬᠦ ᠶᠢ ᠨᠠᠷᠢᠨ ᠪᠠᠶᠢᠴᠠᠭᠠᠭᠠᠷᠠᠢ᠂ ᠬᠡᠷᠪᠡ ᠪᠤᠷᠤᠭᠤᠳᠠᠭᠰᠠᠨ ᠪᠠᠶᠢᠪᠠᠯ᠂ ᠬᠠᠷᠠᠭᠠᠯᠵᠠᠭᠰᠠᠨ ᠣᠨ ᠤ ᠭᠡᠷ᠎ᠡ ᠶᠢᠨ ᠳ᠋ᠤᠭᠠᠷᠯᠠᠯ ᠢ ᠵᠠᠰᠠᠭᠠᠷᠠᠢ᠃        ᠪᠣᠳᠠᠲᠠᠢ ᠪᠠᠷ ᠬᠡᠷᠬᠢᠨ ᠭᠦᠢᠴᠡᠳᠭᠡᠬᠦ ᠪᠤᠢ︖ ᠬᠡᠷᠪᠡ ᠵᠥᠪᠬᠡᠨ ᠶᠠᠮᠠᠷ ᠨᠢᠭᠡᠨ ᠵᠢᠯ ᠳᠤ ᠲᠠᠭᠯᠠᠭᠰᠠᠨ ᠨᠢ ᠪᠤᠷᠤᠭᠤᠳᠠᠵᠤ ᠪᠤᠰᠤᠳ ᠵᠢᠯ ᠳᠤ ᠲᠠᠭᠯᠠᠭᠰᠠᠨ ᠨᠢ ᠴᠥᠮ ᠵᠥᠪ ᠪᠠᠶᠢᠪᠠᠯ᠂ ᠪᠤᠷᠤᠭᠤᠳᠠᠭᠰᠠᠨ ᠵᠢᠯ ᠤᠨ ᠲᠠᠭᠯᠠᠭᠰᠠᠨ ᠨᠠᠷᠢᠨ ᠪᠠᠶᠢᠳᠠᠯ ᠤᠨ ᠬᠠᠭᠤᠳᠠᠰᠤᠨ ᠳᠤ ︽ᠵᠠᠰᠠᠬᠤ︾ — ︽ᠵᠢᠭᠡᠯᠡᠯᠭᠡ ᠶᠢᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ︾ — ︽ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ︾ ᠢ ᠲᠣᠪᠴᠢᠳᠠᠬᠤ ᠶᠢᠨ ᠬᠠᠮᠲᠤ ᠵᠢᠭᠡᠯᠡᠯᠭᠡ ᠶᠢᠨ ᠭᠡᠷ᠎ᠡ ᠵᠡᠷᠭᠡ ᠭᠡᠷᠡᠴᠢᠯᠡᠬᠦ ᠮᠠᠲ᠋ᠧᠷᠢᠶᠠᠯ ᠢ ᠳᠡᠭᠡᠭᠰᠢ ᠲᠠᠮᠵᠢᠭᠤᠯᠤᠨ᠎ᠠ᠃        ᠨᠢᠭᠡᠳᠦᠭᠡᠷ ᠠᠯᠬᠤᠮ ᠳᠤ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠶᠢ ᠨᠡᠭᠡᠭᠡᠵᠦ᠂ ᠲᠦᠷᠦᠭᠦᠸ ᠨᠢᠭᠤᠷ ᠲᠤ ᠮᠢᠨᠤ ᠨᠢᠭᠡᠨᠲᠡ ᠲᠠᠭᠯᠠᠨ ᠮᠡᠳᠡᠭᠦᠯᠦᠭᠰᠡᠨ ᠲᠤᠰᠬᠠᠢ ᠵᠦᠢᠯ ᠤᠨ ᠰᠠᠭᠤᠯᠭᠠᠨ ᠠᠪᠬᠤ ᠶᠢ ᠲᠤᠪᠴᠢᠳᠠᠵᠦ᠂ ︽ᠪᠠᠶᠢᠴᠠᠭᠠᠨ ᠯᠠᠪᠯᠠᠬᠤ︾ ᠭᠡᠳᠡᠭ ᠲᠤ ᠤᠷᠤᠨ᠎ᠠ᠃ ᠬᠤᠶᠠᠳᠤᠭᠠᠷ ᠠᠯᠬᠤᠮ ᠳᠤ᠂ ᠲᠠᠭᠯᠠᠨ ᠮᠡᠳᠡᠭᠦᠯᠦᠭᠰᠡᠨ ᠲᠡᠮᠳᠡᠭᠯᠡᠯ ᠢ ᠡᠷᠢᠵᠦ ᠣᠯᠣᠭᠠᠳ᠂ ᠨᠠᠷᠢᠨ ᠪᠠᠶᠢᠳᠠᠯ ᠤᠨ ᠬᠠᠭᠤᠳᠠᠰᠤᠨ ᠳᠤ ᠤᠷᠤᠨ᠎ᠠ᠃ ᠭᠤᠷᠪᠠᠳᠤᠭᠠᠷ ᠠᠯᠬᠤᠮ ᠳᠤ᠂ ︽ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ︾ ᠶᠢ ᠰᠤᠩᠭᠤᠨ᠎ᠠ᠂ ᠳᠥᠷᠪᠡᠳᠦᠭᠡᠷ ᠠᠯᠬᠤᠮ ᠳᠤ᠂ ︽ᠵᠠᠰᠠᠪᠤᠷᠢ ᠣᠷᠣᠭᠤᠯᠬᠤ︾ ᠶᠢ ᠲᠤᠪᠴᠢᠳᠠᠨ᠎ᠠ᠂ ᠲᠠᠪᠤᠳᠤᠭᠠᠷ ᠠᠯᠬᠤᠮ ᠳᠤ᠂ ︽ᠵᠢᠭᠡᠯᠡᠯᠭᠡ ᠶᠢᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ︾ ᠶᠢ ᠲᠤᠪᠴᠢᠳᠠᠨ᠎ᠠ᠂ ᠵᠢᠷᠭᠤᠳᠤᠭᠠᠷ ᠠᠯᠬᠤᠮ ᠳᠤ᠂ ᠵᠥᠪ ᠣᠨᠣᠪᠴᠢᠲᠠᠶ ᠮᠡᠳᠡᠭᠡ ᠵᠠᠩᠭᠢ ᠶᠢ ᠲᠠᠭᠯᠠᠵᠤ᠂ ︽ᠵᠠᠰᠠᠪᠤᠷᠢ ᠣᠷᠣᠭᠤᠯᠬᠤ ᠶᠢ ᠨᠤᠲᠠᠯᠠᠬᠤ︾ ᠶᠢ ᠲᠤᠪᠴᠢᠳᠠᠬᠤ ᠶᠢᠨ ᠬᠠᠮᠲᠤ ᠵᠢᠭᠡᠯᠡᠯᠭᠡ ᠶᠢᠨ ᠭᠡᠷ᠎ᠡ ᠵᠡᠷᠭᠡ ᠭᠡᠷᠡᠴᠢᠯᠡᠬᠦ ᠮᠠᠲ᠋ᠧᠷᠢᠶᠠᠯ ᠢ ᠳᠡᠭᠡᠭᠰᠢ ᠳᠠᠮᠵᠢᠭᠤᠯᠤᠨ᠎ᠠ᠃  ᠰᠠᠨᠠᠭᠤᠯᠬᠤ ᠴᠢᠬᠤᠯᠠᠲᠠᠢ ᠵᠦᠢᠯ ᠭᠡᠪᠡᠯ᠂ ᠬᠡᠷᠪᠡ ᠤᠳᠠᠭ᠎ᠠ ᠪᠦᠷᠢ ᠵᠠᠰᠠᠪᠤᠷᠢ ᠣᠷᠣᠭᠤᠯᠬᠤ ᠦᠶ᠎ᠡ ᠳᠤ᠂ ᠮᠥᠨ ᠯᠡ ᠪᠤᠷᠤᠭᠤᠳᠠᠵᠠᠢ ᠭᠡᠵᠦ ᠢᠯᠡᠷᠡᠵᠦ ᠪᠠᠶᠢᠪᠠᠯ᠂ ᠪᠤᠷᠤᠭᠤᠳᠠᠭᠰᠠᠨ ᠵᠢᠯ ᠤᠨ ᠮᠡᠳᠡᠭᠡ ᠵᠠᠩᠬᠢ ᠶᠢ ᠬᠦᠴᠦᠨ ᠦᠭᠡᠢ ᠪᠣᠯᠭᠠᠵᠤ ᠳᠠᠭᠢᠵᠤ ᠲᠠᠭᠯᠠᠬᠤ ᠴᠢᠬᠤᠯᠠᠲᠠᠢ᠃ ᠳᠠᠷᠠᠭᠠᠬᠢ ᠠᠯᠬᠤᠮ ᠳᠠᠷᠠᠭ᠎ᠠ ᠪᠠᠷ ᠭᠦᠢᠴᠡᠳᠭᠡᠵᠦ ᠪᠤᠯᠤᠨ᠎ᠠ᠂ ᠨᠢᠭᠡᠳᠦᠭᠡᠷ ᠠᠯᠬᠤᠮ ᠳᠤ ᠲᠠᠭᠯᠠᠨ ᠮᠡᠳᠡᠭᠦᠯᠦᠭᠰᠡᠨ ᠲᠡᠮᠳᠡᠭᠯᠡᠯ ᠢ ᠡᠷᠢᠨ ᠣᠯᠵᠤ᠂ ᠨᠠᠷᠢᠨ ᠪᠠᠶᠢᠳᠠᠯ ᠤᠨ ᠬᠠᠭᠤᠳᠠᠰᠤᠨ ᠳᠤ ᠤᠷᠤᠨ᠎ᠠ᠃ ᠬᠤᠶᠠᠳᠤᠭᠠᠷ ᠠᠯᠬᠤᠮ ᠳᠤ᠂ ︽ᠬᠦᠴᠦᠨ ᠦᠭᠡᠢ ᠪᠣᠯᠭᠠᠬᠤ︾ ᠶᠢ ᠲᠣᠪᠴᠢᠳᠠᠨ᠎ᠠ᠃        ᠬᠡᠷᠪᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠦᠨᠡᠨ ᠬᠦ ᠨᠡᠶᠢᠴᠡᠬᠦ ᠮᠥᠷᠲᠡᠭᠡᠨ ᠪᠠᠩᠬᠢ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠭᠡᠷ᠎ᠡ ᠳᠤ ᠬᠤᠪᠢᠷᠠᠯᠲᠠ ᠭᠠᠷᠤᠭᠰᠠᠨ ᠠᠴᠠ ᠪᠣᠯᠵᠤ ᠲᠤᠰᠢᠶᠠᠬᠤ ᠶᠢᠨ ᠠᠷᠭ᠎ᠠ ᠦᠭᠡᠢ ᠪᠣᠯ᠂ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ︵ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠭᠠᠵᠠᠷ ᠤᠨ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ︶ ᠳᠤ ᠬᠦᠷᠴᠦ ᠭᠤᠶᠤᠴᠢᠯᠠᠨ ᠮᠡᠳᠡᠭᠦᠯᠦᠭᠡᠷᠡᠢ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠪᠡᠭᠡᠵᠢᠩ ᠤᠨ ᠵᠠᠯᠠᠭᠤᠴᠤᠳ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1