ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2025/3/26
      ᠤᠶᠢᠷ᠎ᠠ ᠳᠤ᠂ ᠵᠧᠵᠢᠶᠠᠩ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠶᠠᠷᠢᠯᠴᠠᠬᠤ ᠬᠤᠷᠠᠯ ᠬᠠᠩᠵᠧᠦ ᠳᠤ ᠬᠤᠷᠠᠯᠳᠤᠪᠠ᠂ ᠬᠤᠷᠠᠯ ᠠᠴᠠ ᠥᠭᠡᠷᠡᠴᠢᠯᠡᠯᠲᠡ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠤᠷᠳᠤ ᠬᠤᠭᠤᠴᠠᠭᠠᠨ ᠤ ᠲᠤᠷᠰᠢ᠂ ᠵᠧᠵᠢᠶᠠᠩ ᠮᠤᠵᠢ ᠶᠢᠨ ᠬᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠣᠷᠢᠭᠲᠠᠢ ᠪᠠᠷ ᠰᠢᠪᠲᠤᠯᠤᠨ ᠵᠣᠷᠢᠭᠲᠠᠢ ᠪᠠᠷ ᠲᠤᠷᠰᠢᠵᠤ᠂ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ᠂ ᠳᠡᠯᠭᠡᠷᠡᠭᠦᠯᠬᠦ ᠦᠨ᠎ᠡ ᠦᠷᠳᠡᠭ ᠲᠠᠢ ᠮᠠᠰᠢ ᠤᠯᠠᠨ ᠥᠭᠡᠷᠡᠴᠢᠯᠡᠯᠲᠡ ᠶᠢᠨ ᠠᠷᠭ᠎ᠠ ᠶᠢ ᠡᠭᠦᠳᠴᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠦᠯᠢᠭᠡᠷ ᠢ ᠰᠠᠶᠢᠲᠤᠷ ᠶᠠᠷᠢᠵᠤ᠂ ᠥᠭᠡᠷᠡᠴᠢᠯᠡᠯᠲᠡ ᠪᠠᠷ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠠᠮᠢᠳᠤᠯᠢᠭ ᠬᠠᠭᠤᠳᠠᠰᠤ ᠢ ᠳᠡᠯᠭᠡᠨ ᠦᠵᠡᠭᠦᠯᠵᠡᠢ᠃  ᠰᠢᠨ᠎ᠡ ᠴᠠᠭ ᠦᠶ᠎ᠡ ᠰᠢᠨ᠎ᠡ ᠠᠶᠠᠨ ᠳᠤ᠂ ᠥᠭᠡᠷᠡᠴᠢᠯᠡᠯᠲᠡ ᠶᠢᠨ ᠲᠤᠬᠠᠢ ᠬᠠᠮᠲᠤ ᠶᠢᠨ ᠲᠠᠨᠢᠯᠲᠠ ᠪᠠᠨ ᠨᠢᠭᠳᠠᠷᠠᠭᠤᠯᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ᠂ ︽ᠣᠲᠣ ᠮᠠᠨ ᠤ ᠤᠯᠤᠰ ᠤᠨ ᠥᠭᠡᠷᠡᠴᠢᠯᠡᠯᠲᠡ ᠨᠢᠭᠡᠨᠲᠡ ᠪᠤᠭᠤᠮᠳᠠ ᠰᠢᠪᠳᠤᠯᠬᠤ ᠬᠤᠭᠤᠴᠠᠭ᠎ᠠ ᠪᠠ ᠲᠦᠭᠰᠢᠭᠦᠷᠢ ᠶᠢ ᠲᠤᠭᠤᠯᠬᠤ ᠬᠤᠭᠤᠴᠠᠭᠠᠨ ᠳᠤ ᠣᠷᠣᠭᠠᠳ ᠪᠠᠶᠢᠨ᠎ᠠ᠂ ᠡᠷᠬᠡᠪᠰᠢ ᠨᠠᠩ ᠶᠡᠭᠡ ᠤᠯᠤᠰ ᠲᠥᠷᠥ ᠶᠢᠨ ᠰᠥᠰᠥ ᠵᠣᠷᠢᠭ ᠪᠠ ᠣᠶᠤᠨ ᠤᠬᠠᠭᠠᠨ ᠢᠶᠠᠷ ᠴᠢᠬᠤᠯᠠ ᠬᠦᠷᠢᠶᠡᠨ ᠳᠠᠬᠢ ᠥᠭᠡᠷᠡᠴᠢᠯᠡᠯᠲᠡ ᠶᠢ ᠴᠠᠭ ᠲᠣᠬᠢᠶᠠᠯ ᠢ ᠠᠯᠳᠠᠯ ᠦᠭᠡᠢ ᠪᠠᠷ ᠭᠦᠨᠵᠡᠭᠡᠶᠢᠷᠡᠭᠦᠯᠬᠦ ᠬᠡᠷᠡᠭᠲᠡᠢ︾ ᠭᠡᠵᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠪᠠᠶᠢᠷᠢᠯᠠᠭᠤᠯᠵᠤ᠂ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠤᠭᠰᠠᠨ ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠣᠯ ᠨᠠᠮ ᠪᠠ ᠤᠯᠤᠰ ᠤᠨ ᠠᠵᠢᠯ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠠᠴᠠ ᠠᠯᠢ ᠣᠯᠠᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠥᠭᠡᠷᠡᠴᠢᠯᠡᠯᠲᠡ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ᠥᠷᠭᠡᠴᠡ ᠪᠠ ᠭᠦᠨᠵᠡᠭᠡᠶᠢᠷᠡᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ ᠭᠡᠵᠦ ᠲᠤᠷᠠᠳᠤᠨ ᠭᠠᠷᠭᠠᠪᠠ᠃ ᠵᠧᠵᠢᠶᠠᠩ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠬᠤᠳᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ᠂ ᠣᠷᠣᠨ ᠰᠠᠭᠤᠴᠠ᠂ ᠪᠠᠷᠢᠯᠭ᠎ᠠ ᠶᠢᠨ ᠦᠢᠯᠡᠰ ᠵᠡᠷᠭᠡ ᠬᠦᠷᠢᠶᠡᠨ ᠳᠠᠬᠢ ᠪᠣᠳᠠᠲᠠᠢ ᠥᠭᠡᠷᠡᠴᠢᠯᠡᠯᠲᠡ ᠶᠢᠨ ᠴᠢᠭᠯᠡᠯ ᠢ ᠢᠳᠡᠪᠬᠢᠲᠡᠢ ᠬᠠᠶᠢᠨ ᠰᠦᠪᠡᠭᠴᠢᠯᠡᠵᠦ᠂ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠡᠮᠦᠨ᠎ᠡ ᠡᠩᠨᠡᠭᠡᠨ ᠳᠤ ᠶᠠᠪᠤᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠮᠢᠳᠤᠯᠢᠭ ᠬᠠᠭᠤᠳᠠᠰᠤ ᠶᠢ ᠪᠢᠴᠢᠭᠯᠡᠵᠡᠢ᠃        ᠰᠢᠨ᠎ᠡ ᠵᠢᠮ᠎ᠡ ᠶᠣᠰᠣ ᠰᠢᠨ᠎ᠡ ᠣᠨᠴᠠᠯᠢᠭ ᠢ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠶᠢ ᠴᠢᠳᠠᠮᠠᠭᠠᠢ ᠪᠠᠷ ᠬᠡᠷᠡᠭᠯᠡᠬᠦ ᠬᠡᠷᠡᠭᠳᠡᠢ᠃ ᠵᠧᠵᠢᠶᠠᠩ ᠮᠤᠵᠢ ᠶᠢᠨ ᠬᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠵᠢᠮ᠎ᠡ ᠶᠣᠰᠣ ᠣᠨᠴᠠᠯᠢᠭ ᠢ ᠭᠦᠨᠵᠡᠭᠡᠢ ᠡᠵᠡᠮᠳᠡᠵᠦ᠂ ᠰᠢᠨᠵᠢᠯᠡᠬᠦ ᠤᠬᠠᠭᠠᠨᠴᠢ ᠥᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠵᠦ᠂ ᠥᠭᠡᠷᠡᠴᠢᠯᠡᠯᠲᠡ ᠶᠢᠨ ᠲᠦᠷᠭᠡᠨ ᠪᠥᠭᠡᠳ ᠯᠠᠪᠳᠠᠭᠤᠨ᠂ ᠦᠷᠭᠡᠴᠡ ᠲᠠᠢ ᠭᠦᠨᠵᠡᠭᠡᠶᠢᠷᠡᠬᠦ ᠶᠢ ᠪᠠᠲᠤᠯᠠᠵᠠᠢ᠃ ᠥᠭᠡᠷᠡᠴᠢᠯᠡᠯᠲᠡ ᠶᠢᠨ ᠲᠥᠯᠦᠪᠵᠢᠭᠦᠯᠭᠡ ᠶᠢᠨ ᠲᠠᠯ᠎ᠠ ᠪᠠᠷ ᠳᠣᠣᠷᠠᠳᠤ ᠳᠠᠪᠬᠤᠷᠭ᠎ᠠ ᠶᠢᠨ ᠯᠣᠭᠢᠭ ᠢ ᠲᠣᠳᠣᠷᠬᠠᠶᠢᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠤᠭ ᠰᠠᠨᠠᠭ᠎ᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠢ ᠬᠦᠨᠳᠦᠳᠬᠡᠵᠦ᠂ ᠵᠢᠮ᠎ᠡ ᠶᠣᠰᠣ ᠶᠢ ᠬᠦᠨᠳᠦᠳᠬᠡᠵᠦ᠂ ᠪᠣᠳᠠᠲᠤ ᠪᠠᠶᠢᠳᠠᠯ ᠢ ᠬᠦᠨᠳᠦᠳᠬᠡᠵᠦ᠂ ᠠᠰᠠᠭᠤᠳᠠᠯ ᠢ ᠣᠨᠣᠪᠴᠢᠲᠠᠢ ᠡᠷᠢᠵᠦ᠂ ᠬᠠᠷᠠᠯᠲᠠ ᠪᠠᠨ ᠣᠨᠢᠯᠠᠵᠤ᠂ ᠣᠨᠣᠪᠴᠢᠲᠠᠢ ᠠᠷᠭᠠᠴᠠᠬᠤ ᠠᠷᠭ᠎ᠠ ᠪᠣᠳᠣᠯᠭ᠎ᠠ ᠭᠠᠷᠭᠠᠪᠠ᠃ ᠥᠭᠡᠷᠡᠴᠢᠯᠡᠯᠲᠡ ᠶᠢᠨ ᠠᠷᠭ᠎ᠠ ᠵᠠᠮ ᠤᠨ ᠲᠠᠯ᠎ᠠ ᠪᠠᠷ ᠲᠥᠪ ᠭᠤᠣᠯᠴᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠪᠦᠬᠦ ᠠᠵᠢᠯ ᠲᠦᠷᠦᠯ ᠤᠨ ᠥᠭᠡᠷᠡᠴᠢᠯᠡᠯᠲᠡ ᠳᠤ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠠᠰᠢᠭᠲᠠᠢ ᠲᠤᠷᠰᠢᠯᠭ᠎ᠠ ᠶᠢ ᠬᠠᠶᠢᠨ ᠰᠦᠪᠡᠭᠴᠢᠯᠡᠪᠡ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠰᠲ᠋ᠧᠮ ᠤᠨ ᠴᠤᠭᠯᠠᠷᠠᠯ ᠢ ᠴᠢᠬᠤᠯᠠᠴᠢᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠦᠴᠦ ᠲᠠᠯᠪᠢᠵᠤ᠂ ᠪᠦᠬᠦᠯᠢ ᠴᠣᠭᠴᠠ ᠪᠠᠷ ᠲᠦᠯᠬᠢᠨ ᠠᠬᠢᠭᠤᠯᠬᠤ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ ᠶᠢ ᠪᠡᠶᠡᠯᠡᠭᠦᠯᠵᠦ᠂ ᠠᠳᠠᠯᠢ ᠪᠤᠰᠤ ᠠᠵᠢᠯ ᠤᠨ ᠥᠭᠡᠷᠡᠴᠢᠯᠡᠯᠲᠡ ᠶᠢ ᠵᠣᠯᠭᠠᠭᠤᠯᠬᠤ ᠶᠢ ᠴᠢᠬᠤᠯᠠᠴᠢᠯᠠᠵᠤ᠂ ︽ᠠᠷᠪᠠᠨ ᠬᠤᠷᠤᠭᠤ ᠪᠠᠷ ᠲᠡᠭᠦᠯᠳᠡᠷ ᠬᠤᠭᠤᠷ ᠳᠠᠷᠤᠬᠤ︾ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠪᠤᠢ ᠪᠤᠯᠭᠠᠪᠠ᠃ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠶᠢ ᠲᠣᠪᠤᠶᠢᠯᠭᠠᠨ᠂ ᠠᠷᠠᠳ ᠲᠦᠮᠡᠨ ᠳᠤ ᠠᠵᠠ ᠵᠢᠷᠭᠠᠯ ᠣᠯᠭᠤᠬᠤ ᠪᠠᠷ ᠡᠭᠦᠰᠬᠡᠯ ᠲᠡᠭᠦᠰᠬᠡᠯ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠡᠳᠬᠢᠯ ᠲᠠᠯᠪᠢᠨ ᠬᠦᠴᠦ ᠤᠷᠤᠭᠤᠯᠤᠨ ᠰᠢᠢᠳᠪᠦᠷᠢᠯᠡᠵᠦ᠂ ᠥᠭᠡᠷᠡᠴᠢᠯᠡᠯᠲᠡ ᠨᠢ ᠠᠷᠠᠳ ᠲᠦᠮᠡᠨ ᠳᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠤ ᠠᠰᠢᠭ ᠲᠤᠰᠠ ᠣᠯᠭᠤᠬᠤ ᠶᠢ ᠦᠨᠡᠨ ᠬᠦ ᠪᠠᠳᠤᠯᠠᠪᠠ᠃      ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠣᠨᠣᠪᠴᠢᠲᠠᠢ ᠡᠷᠢᠵᠦ ᠤᠯᠬᠤ ᠬᠡᠷᠡᠭᠳᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠪᠦᠬᠦ ᠤᠯᠤᠰ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠠᠴᠠ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠠᠢ᠂ ᠵᠧᠵᠢᠶᠠᠩ ᠮᠤᠵᠢ ᠶᠢᠨ ᠬᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠴᠢᠩᠭ᠎ᠠ ᠠᠳᠬᠤᠬᠤ᠂ ᠠᠵᠢᠯ ᠲᠦᠷᠦᠯ ᠤᠨ ᠬᠡᠯᠪᠡᠷᠢ ᠬᠤᠪᠢᠷᠠᠭᠤᠯᠬᠤ ᠶᠢ ᠴᠢᠬᠤᠯᠠᠴᠢᠯᠠᠬᠤ᠂ ᠦᠨᠳᠦᠰᠦᠨ ᠱᠠᠲᠤᠨ ᠤ ᠲᠥᠷᠥᠭᠳᠡᠯ ᠲᠠᠢ ᠪᠠᠶᠢᠬᠤ ᠶᠢ ᠴᠢᠬᠤᠯᠠᠴᠢᠯᠠᠬᠤ ᠭᠤᠷᠪᠠᠨ ᠲᠠᠯ᠎ᠠ ᠠᠴᠠ ᠬᠦᠴᠦᠯᠡᠵᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠰᠢᠰᠲ᠋ᠧᠮ ᠲᠠᠢ ᠪᠠᠷ ᠲᠥᠯᠥᠪᠵᠢᠭᠦᠯᠦᠨ ᠠᠬᠢᠭᠤᠯᠵᠠᠢ᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠠᠯ᠎ᠠ ᠪᠠᠷ᠂ ᠬᠤᠳᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠬᠡᠪ ᠵᠠᠭᠪᠤᠷ ᠢ ᠪᠠᠶᠢᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠵᠤ ᠰᠢᠨᠡᠴᠢᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠥᠷᠨᠢᠭᠦᠯᠦᠨ᠂ ︽ᠲᠣᠭᠠᠵᠢᠭᠤᠯᠤᠭᠰᠠᠨ ᠬᠤᠳᠠ ᠶᠢᠨ ᠬᠠᠮᠢᠶᠠᠷᠤᠯᠲᠠ︾ ᠶᠢᠨ ᠨᠢᠭᠡ ᠰᠦᠯᠵᠢᠶᠡᠨ ᠤ ᠤᠶᠤᠨᠴᠢ ᠵᠠᠰᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠮᠡᠭᠳᠡᠯ ᠤᠨ ᠬᠡᠮᠵᠢᠶ᠎ᠡ ᠶᠢ ᠦᠯᠡᠳᠡᠭᠡᠯ ᠪᠦᠲᠦᠭᠡᠨ ᠪᠠᠶᠢᠭᠤᠯᠤᠯᠲᠠ ᠪᠣᠯᠭᠠᠨ ᠬᠤᠪᠢᠷᠠᠭᠤᠯᠬᠤ ᠬᠥᠭᠵᠢᠯᠲᠡ ᠶᠢᠨ ᠰᠢᠨ᠎ᠡ ᠬᠡᠷᠡᠭᠴᠡᠭᠡ ᠳᠤ ᠵᠤᠬᠢᠴᠠᠭᠤᠯᠪᠠ᠃ ᠬᠤᠳᠠ ᠬᠥᠳᠡᠭᠡ ᠶᠢᠨ ᠣᠷᠣᠨ ᠰᠠᠭᠤᠴᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠠᠯ᠎ᠠ ᠪᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ  ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠ ᠪᠠᠯᠭᠠᠰᠤᠨ ᠤ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠥᠪᠯᠡᠷᠡᠭᠦᠯᠦᠨ ᠨᠠᠶᠢᠳᠠᠪᠤᠷᠢᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠲᠦᠮᠡᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠣᠷᠴᠢᠨ ᠨᠥᠬᠦᠴᠡᠯ ᠤᠨ ᠰᠢᠨ᠎ᠡ ᠱᠠᠭᠠᠷᠳᠠᠯᠭ᠎ᠠ ᠶᠢ ᠬᠠᠩᠭᠠᠪᠠ᠃ ᠪᠠᠷᠢᠯᠭ᠎ᠠ ᠶᠢᠨ ᠦᠢᠯᠡᠰ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ᠂ ᠣᠶᠤᠨᠴᠢ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ ᠶᠡᠬᠡᠪᠡᠷ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠰᠢᠨ᠎ᠡ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠪᠠ᠃ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠲᠠᠯ᠎ᠠ ᠪᠠᠷ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠵᠠᠰᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠦᠭᠵᠢᠭᠡᠪᠡ᠃        ︽ᠬᠥᠭᠵᠢᠯᠲᠡ ᠪᠠᠷ ᠰᠡᠳᠦᠪᠯᠡᠵᠦ᠂ ᠥᠭᠡᠷᠡᠴᠢᠯᠡᠯᠲᠡ ᠶᠢ ᠪᠤᠳᠠᠳᠠᠶᠢᠵᠢᠭᠤᠯᠤᠨ᠎ᠠ︾᠃ ᠥᠭᠡᠷᠡᠴᠢᠯᠡᠯᠲᠡ ᠪᠣᠯ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠴᠢᠬᠤᠯᠠ ᠡᠷᠳᠡᠨᠢ ᠮᠥᠨ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠳᠦᠷᠢᠮ ᠤᠨ ᠦᠷ᠎ᠡ ᠪᠦᠲᠦᠭᠡᠯ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠨᠠᠩ ᠣᠯᠠᠨ ᠣᠯᠬᠤ ᠪᠠᠷ ᠴᠢᠷᠮᠠᠶᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠯᠤᠲᠤ ᠶᠡᠭᠡ ᠳᠠᠯᠳᠠ ᠬᠦᠴᠦᠨ ᠢ ᠨᠠᠩ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠢ ᠨᠠᠩ ᠬᠦᠴᠦᠲᠡᠢ ᠪᠠᠲᠤᠯᠠᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠨᠠᠩ ᠰᠢᠰᠲ᠋ᠧᠮ ᠲᠠᠢ ᠪᠠᠷ ᠰᠡᠷᠭᠡᠶᠢᠯᠡᠨ ᠠᠷᠢᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1