ᠬᠥᠬᠡᠬᠤᠲᠠ ᠶᠢᠨ ᠲᠣᠭᠲᠠᠬᠤ ᠰᠢᠶᠠᠨ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠲᠦᠷᠦᠭᠦᠴᠢ ᠭᠠᠯᠠᠭᠤ ᠶᠢᠨ ᠡᠩᠨᠡᠭᠡ︾ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2025/3/26
      ᠬᠥᠬᠡᠬᠤᠲᠠ ᠶᠢᠨ ᠲᠣᠭᠲᠠᠬᠤ ᠰᠢᠶᠠᠨ ᠤ ᠬᠢᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠷᠦᠭᠦᠦ ᠶᠢᠨ ᠡᠩᠨᠡᠭᠡ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ︽ᠭᠤᠷᠪᠠᠨ ᠣᠳᠣᠬᠢᠴᠢᠯᠠᠯᠲᠠ᠂ ᠭᠤᠷᠪᠠᠨ ᠬᠦᠴᠦᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠨᠠᠮ ᠤᠨ ᠡᠭᠦᠷ ᠤᠨ ᠱᠦᠵᠢ ᠳᠤ ᠬᠠᠨᠳᠤᠭᠤᠯᠤᠭᠰᠠᠨ ᠨᠥᠭᠡᠴᠡᠯᠡᠬᠦ᠂ ᠪᠣᠯᠪᠠᠰᠤᠷᠠᠭᠤᠯᠬᠤ᠂ ᠤᠷᠮᠠᠰᠢᠭᠤᠯᠬᠤ ᠰᠢᠨ᠎ᠡ ᠲᠣᠭᠲᠠᠴᠠ ᠶᠢ ᠪᠠᠶᠢᠭᠤᠯᠵᠤ᠂ ᠣᠷᠭᠢᠯᠤᠮ᠎ᠠ ᠰᠡᠳᠬᠢᠯᠭᠡ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠠᠵᠢᠯ ᠦᠢᠯᠡᠰ ᠪᠦᠲᠦᠭᠡᠬᠦ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠬᠥᠳᠡᠯᠭᠡᠬᠦ ᠬᠦᠴᠦᠨ ᠨᠡᠮᠡᠷᠢᠯᠡᠪᠡ᠃ ᠬᠦᠴᠦᠨ ᠢᠶᠠᠨ ᠨᠥᠭᠡᠴᠡᠯᠡᠵᠦ ︽ᠪᠠᠶᠢᠩᠭᠤᠵᠢᠭᠤᠯᠵᠤ︾᠂ ᠲᠦᠷᠦᠭᠦᠴᠢ ᠶᠢᠨ ᠭᠠᠯᠠᠭᠤ ᠶᠢᠨ ᠳᠠᠯᠳᠠ ᠬᠦᠴᠦᠨ ᠢ ᠭᠦᠨ ᠠᠭᠤᠳᠠᠯᠤᠨ᠎ᠠ᠃ ᠰᠢᠯᠢᠳᠡᠭ ᠢ ᠨᠢ ᠰᠣᠩᠭᠤᠵᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠲᠣᠬᠢᠷᠠᠭᠤᠯᠬᠤ ᠶᠢ ᠦᠨᠳᠦᠰᠦᠨ ᠱᠠᠲᠤ ᠶᠢ ᠠᠳᠬᠤᠨ ᠰᠠᠭᠤᠷᠢ ᠲᠠᠯᠪᠢᠬᠤ ᠶᠢᠨ ᠵᠠᠩᠭᠢᠯᠠᠭ᠎ᠠ ᠪᠣᠯᠭᠠᠵᠤ᠂ ᠲᠤᠰ ᠲᠣᠰᠬᠤᠨ ᠤ ᠪᠠᠶᠠᠵᠢᠭᠰᠠᠨ ᠴᠢᠳᠠᠪᠤᠷᠢᠲᠠᠨ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠭᠠᠳᠠᠭᠰᠢ ᠭᠠᠷᠤᠭᠰᠠᠨ ᠴᠢᠳᠠᠪᠤᠷᠢᠲᠠᠨ ᠵᠡᠷᠭᠡ ᠲᠦᠷᠪᠡᠨ ᠲᠦᠷᠦᠯ ᠤᠨ ᠬᠠᠮᠲᠤᠯᠢᠭ ᠤᠨ ᠳᠣᠲᠣᠷ᠎ᠠ ᠠᠴᠠ ᠭᠤᠣᠯᠳᠠᠯᠭ᠎ᠠ ᠲᠠᠢ ᠪᠤᠴᠠᠭᠠᠨ ᠠᠪᠴᠢᠷᠠᠬᠤ ᠡᠲᠡᠭᠡᠳ ᠢ ᠲᠣᠭᠲᠠᠭᠠᠵᠤ᠂ ᠲᠣᠰᠬᠤᠨ ᠤ ᠺᠠᠳ᠋ᠷ ᠤᠨ ᠬᠤᠣᠰᠯᠠᠯ ᠪᠠᠶᠢᠭᠤᠯᠵᠤ ᠲᠤᠰ ᠭᠠᠵᠠᠷ ᠣᠷᠣᠨ ᠤ ᠰᠢᠯᠢᠳᠡᠭ ᠴᠢᠳᠠᠪᠤᠷᠢᠲᠠᠨ ᠲᠠᠢ ᠬᠠᠷᠢᠯᠴᠠᠬᠤ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠲᠤᠰ ᠭᠠᠵᠠᠷ ᠣᠷᠣᠨ ᠤ ᠰᠢᠯᠢᠳᠡᠭ ᠴᠢᠳᠠᠪᠤᠷᠢᠲᠠᠨ ᠤ ᠲᠣᠰᠬᠤᠨ ᠳᠠᠭᠠᠨ ᠪᠤᠴᠠᠵᠤ ᠲᠤᠰᠢᠶᠠᠯ ᠡᠭᠦᠷᠭᠡᠯᠡᠬᠦ ᠶᠢ ᠬᠥᠲᠥᠯᠥᠨ ᠵᠢᠯᠣᠭᠤᠳᠤᠨ᠎ᠠ᠃ ︽ᠨᠢᠭᠡ ᠲᠣᠰᠬᠤᠨ ᠨᠢᠭᠡ ᠣᠶᠤᠲᠠᠨ︾ ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠦᠷᠭᠦᠯᠵᠢᠯᠡᠨ ᠶᠡᠭᠡ ᠰᠤᠷᠭᠠᠭᠤᠯᠢ ᠶᠢᠨ ᠣᠶᠤᠲᠠᠨ ᠢ ᠰᠣᠩᠭᠤᠨ ᠤᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠵᠤ᠂ ᠲᠣᠰᠬᠤᠨ ᠤ ᠲᠠᠰ ᠤᠨ ᠪᠡᠯᠡᠳᠬᠡᠯ ᠬᠦᠴᠦᠨ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠴᠢᠳᠠᠪᠤᠷᠢᠲᠠᠨ ᠢ ᠬᠢᠨᠠᠨ ᠰᠣᠩᠭᠤᠬᠤ᠂ ᠨᠥᠭᠡᠴᠡᠯᠡᠬᠦ᠂ ᠬᠥᠮᠥᠵᠢᠭᠦᠯᠬᠦ᠂ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠰᠢᠶᠠᠨ ᠳᠤ ᠤᠳᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 278 ᠪᠡᠯᠡᠳᠬᠡᠯ ᠬᠦᠴᠦᠨ ᠢ ᠨᠥᠭᠡᠴᠡᠯᠡᠵᠦ᠂ ᠡᠭᠦᠨ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ 40 ᠨᠠᠰᠤᠨ ᠠᠴᠠ ᠳᠣᠷᠣᠭᠰᠢᠬᠢ  ᠨᠢ 125 ᠬᠥᠮᠥᠨ ᠪᠤᠢ᠃ ᠪᠡᠯᠡᠳᠬᠡᠯ ᠴᠢᠳᠠᠪᠤᠷᠢᠲᠠᠨ ᠤ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠵᠤ᠂ ᠬᠥᠮᠥᠵᠢᠭᠦᠯᠬᠦ ᠲᠥᠯᠥᠪᠯᠡᠭᠡ ᠶᠢ ᠨᠠᠷᠢᠯᠢᠭ ᠲᠣᠭᠲᠠᠭᠠᠵᠤ᠂ ᠬᠠᠪᠰᠤᠷᠤᠨ ᠳᠠᠭᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠪᠤᠯᠪᠠᠰᠤᠷᠠᠯ ᠤᠨ ᠪᠦᠷᠬᠦᠴᠡ ᠶᠢ ︽ᠨᠠᠷᠢᠯᠢᠭ ᠣᠨᠣᠴᠠᠲᠠᠢ︾ ᠪᠣᠯᠭᠠᠵᠤ᠂ ᠲᠦᠷᠦᠭᠦᠴᠢ ᠭᠠᠯᠠᠭᠤ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠪᠣᠯᠪᠠᠰᠤᠷᠠᠯ ᠤᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠤᠯᠤᠰ ᠲᠦᠷᠦ ᠶᠢᠨ ᠬᠡᠪ ᠪᠣᠯᠪᠠᠰᠤᠷᠠᠯ᠂ ᠪᠠᠶᠠᠵᠢᠯ ᠢ ᠳᠠᠶᠢᠴᠢᠯᠠᠬᠤ ᠴᠢᠳᠠᠪᠤᠷᠢ ᠪᠣᠯᠣᠨ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠰᠤᠷᠤᠯᠴᠠᠵᠦ ᠲᠣᠭᠤᠷᠢᠨ ᠦᠵᠡᠬᠦ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠤᠨᠤᠯ ᠤᠨ ᠬᠥᠮᠦᠵᠢᠯ ᠪᠣᠯᠣᠨ ᠦᠢᠯᠡᠳᠦᠯᠭᠡ ᠶᠢᠨ ᠪᠣᠯᠪᠠᠰᠤᠷᠠᠯ ᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠭᠵᠢᠯᠲᠡ ᠳᠤ ︽ᠬᠥᠷᠥᠰᠥ ᠰᠢᠷᠣᠢ︾ ᠶᠢ ᠵᠤᠵᠠᠭᠠᠳᠬᠠᠵᠤ᠂ ︽ᠦᠨᠳᠦᠰᠦ ᠰᠠᠭᠤᠷᠢ︾ ᠶᠢ ᠪᠠᠲᠤᠳᠬᠠᠵᠤ᠂ ᠲᠣᠰᠬᠤᠨ ᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠬᠥᠮᠦᠵᠢᠯ ᠪᠣᠯᠪᠠᠰᠤᠷᠠᠯ ᠤᠨ ᠱᠠᠲᠤ ᠬᠤᠪᠢᠶᠠᠨ ᠬᠠᠷᠢᠭᠤᠴᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠪᠣᠯᠪᠠᠰᠤᠷᠠᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ︽ᠶᠠᠭᠤ ᠬᠢᠪᠡᠯ ᠲᠡᠭᠦᠨ ᠢ ᠰᠤᠷᠬᠤ᠂ ᠶᠠᠭᠤ ᠳᠤᠲᠠᠭᠳᠠᠪᠠᠯ ᠲᠡᠭᠦᠨ ᠢ ᠨᠥᠬᠦᠪᠦᠷᠢᠯᠡᠬᠦ︾ ᠵᠠᠷᠴᠢᠮ ᠶᠣᠰᠣᠭᠠᠷ᠂ ︽ᠱᠦᠵᠢ ᠨᠢ ᠱᠦᠵᠢ ᠪᠠᠨ ᠳᠠᠭᠠᠭᠤᠯᠤᠨ ᠰᠤᠷᠤᠯᠴᠠᠬᠤ︾ ︽ᠱᠦᠵᠢ ᠨᠢ ᠱᠦᠵᠢ ᠪᠠᠨ ᠳᠠᠭᠠᠵᠤ ᠠᠵᠢᠯᠯᠠᠬᠤ︾ ᠬᠡᠯᠪᠡᠷᠢ ᠪᠠᠷ ᠪᠦᠬᠦ ᠰᠢᠶᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠬᠡᠪ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢ ᠠᠬᠢᠭᠤᠯᠬᠤ ᠬᠡᠷᠡᠭᠲᠡᠢ᠃ ᠤᠷᠮᠠᠰᠢᠭᠤᠯᠬᠤ ᠠᠷᠭ᠎ᠠ ᠬᠡᠮᠵᠢᠶ᠎ᠡ ᠶᠢ ︽ᠣᠯᠠᠨ ᠡᠰᠢᠵᠢᠭᠦᠯᠵᠦ︾᠂ ᠲᠦᠷᠦᠭᠦᠴᠢ ᠭᠠᠯᠠᠭᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠶᠢ ᠤᠷᠮᠠᠰᠢᠭᠤᠯᠤᠨ ᠵᠣᠷᠢᠭᠵᠢᠭᠤᠯᠬᠤ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰᠬᠤᠨ ᠤ ᠨᠠᠮ ᠤᠨ ᠡᠭᠦᠷ ᠤᠨ ᠱᠦᠵᠢ ᠶᠢᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠠᠵᠢᠯ ᠬᠢᠵᠦ ᠪᠠᠶᠢᠭ᠎ᠠ ᠬᠥᠮᠥᠰ ᠲᠤ ᠠᠰᠢᠭ ᠬᠦᠷᠲᠡᠭᠡᠵᠦ᠂ ᠦᠢᠯᠡᠰ ᠪᠣᠰᠬᠠᠵᠤ ᠪᠠᠶᠢᠭ᠎ᠠ ᠬᠥᠮᠥᠰ ᠢ ᠬᠦᠰᠡᠯ ᠡᠷᠡᠮᠡᠯᠵᠡᠯ ᠲᠠᠢ ᠪᠣᠯᠭᠠᠬᠤ ᠬᠡᠷᠡᠭᠲᠡᠢ᠃ ᠭᠠᠴᠠᠭᠠᠨ ᠤ ᠳᠡᠰ ᠤᠨ ᠠᠵᠢᠯᠯᠠᠭᠠᠨ ᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠭᠠᠴᠠᠭᠠᠨ ᠤ ᠺᠠᠳ᠋ᠷ ᠤᠨ ᠬᠥᠯᠥᠰᠦ ᠣᠯᠭᠤᠮᠵᠢ ᠶᠢ ᠨᠡᠮᠡᠭᠳᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ︽ᠲᠤᠯᠤᠭᠠᠨ ᠰᠠᠷ᠎ᠠ ᠶᠢᠨ ᠨᠢᠭᠡᠨ︾᠂ ᠴᠠᠭᠠᠨ ᠰᠠᠷ᠎ᠠ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠱᠦᠵᠢ ᠶᠢ ᠵᠣᠬᠢᠶᠠᠨ ᠪᠠᠶᠢᠭᠤᠯᠤᠨ ᠲᠣᠬᠤᠨᠢᠭᠤᠯᠬᠤ ᠠᠵᠢᠯᠯᠠᠭ᠎ᠠ ᠶᠢ ᠦᠷᠨᠢᠭᠦᠯᠵᠦ᠂ ᠲᠣᠰᠬᠤᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠴᠢᠨᠠᠭᠰᠢᠳᠠ ᠵᠤᠷᠢᠭᠵᠢᠭᠤᠯᠤᠨ᠎ᠠ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠵᠡᠪᠰᠡᠭ ᠤᠨ ᠡᠷᠳᠡᠮ ᠮᠥᠷᠥᠶᠢᠴᠡᠬᠦ︾ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠲᠤ ᠲᠦᠰᠢᠭᠯᠡᠨ ᠤᠬᠠᠭᠤᠯᠤᠨ ᠲᠠᠨᠢᠯᠴᠠᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠢᠷᠠᠭᠤ ᠠᠯᠳᠠᠷᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠦᠨ᠂ ︽ᠰᠠᠶᠢᠨ ᠨᠠᠮ ᠤᠨ ᠡᠭᠦᠷ ᠤᠨ ᠱᠦᠵᠢ︾ ᠶᠢ ᠤᠬᠠᠭᠤᠯᠬᠤ᠂ ︽ᠰᠠᠶᠢᠨ ᠨᠠᠮ ᠤᠨ ᠡᠭᠦᠷ ᠤᠨ ᠱᠦᠵᠢ︾ ᠠᠴᠠ ᠰᠤᠷᠤᠯᠴᠠᠬᠤ᠂ ︽ᠰᠠᠶᠢᠨ ᠨᠠᠮ ᠤᠨ ᠡᠭᠦᠷ ᠤᠨ ᠱᠦᠵᠢ︾ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1