ᠣᠷᠣᠨ ᠰᠠᠭᠤᠴᠠ ᠶᠢᠨ ᠣᠷᠣᠨ ᠵᠠᠢ ᠶᠢᠨ ︽ᠥᠨᠳᠥᠷ ᠤᠨ ᠬᠡᠮᠵᠢᠶ᠎ᠡ︾ ᠶᠢ ᠨᠡᠮᠡᠭᠳᠡᠭᠦᠯᠬᠦ ᠨᠢ ᠣᠷᠣᠨ | ᠰᠠᠭᠤᠴᠠ ᠶᠢᠨ ᠴᠢᠨᠠᠷ ᠴᠢᠨᠰᠠᠭ᠎ᠠ ᠳᠤ ᠶᠠᠮᠠᠷ ᠬᠤᠪᠢᠷᠠᠯᠲᠠ ᠭᠠᠷᠬᠤ ᠪᠣᠶ︖ | ︽ᠨᠠᠩ ᠶᠡᠭᠡ ᠴᠣᠩᠬᠤ︾ ︽ᠨᠠᠩ ᠥᠨᠳᠥᠷ ᠳᠡᠭᠡᠪᠦᠷ︾ ︽ᠨᠠᠩ ᠠᠭᠤᠳᠠᠮ ᠣᠷᠣᠨ ᠵᠠᠢ︾ ᠁ ᠁ | ᠲᠠᠪᠬᠤᠷᠯᠢᠭ ᠤᠨ ᠥᠨᠳᠥᠷ ᠤᠨ ᠬᠡᠮᠵᠢᠶ᠎ᠡ ᠶᠢ ᠨᠡᠮᠡᠭᠳᠡᠭᠦᠯᠬᠦ ᠨᠢ ᠣᠷᠣᠨ ᠰᠠᠭᠤᠴᠠ ᠶᠢᠨ ᠲᠠᠭᠠᠯᠠᠮᠵᠢᠲᠠᠢ ᠴᠢᠨᠠᠷ ᠢ | ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ | ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ | ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠪᠠᠶᠢᠭᠤᠯᠬᠤ ᠶᠢ ᠲᠦᠯᠬᠢᠨ | ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ᠣᠷᠣᠨ ᠰᠠᠭᠤᠴᠠ ᠶᠢᠨ ᠲᠠᠪᠬᠤᠷᠯᠢᠭ ᠤᠨ ᠥᠨᠳᠥᠷ ᠤᠨ ᠬᠡᠮᠵᠢᠶ᠎ᠡ ᠶᠢ ᠨᠡᠮᠡᠭᠳᠡᠭᠦᠯᠬᠦ ᠪᠣᠯ ︽ᠪᠠᠷᠢᠮᠵᠢᠶ᠎ᠠ | ᠲᠣᠭᠲᠠᠭᠠᠬᠤ︾ ᠪᠠᠷ ᠳᠠᠮᠵᠢᠭᠤᠯᠤᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠶᠢᠨ ᠴᠢᠬᠤᠯᠠ ᠢᠯᠡᠷᠡᠯ ᠮᠥᠨ᠃ ︽ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠵᠦᠭᠯᠡᠭᠦᠷ︾ ᠢ ᠨᠠᠶᠢᠷᠠᠭᠤᠯᠤᠨ ᠵᠣᠬᠢᠶᠠᠬᠤ ᠪᠠ ︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ ᠳᠤ | ᠵᠠᠰᠠᠪᠤᠷᠢ ᠣᠷᠣᠭᠤᠯᠵᠤ ᠲᠠᠰ ᠳᠡᠪᠰᠢᠭᠦᠯᠬᠦ ᠶᠢ ᠳᠠᠭᠠᠯᠳᠤᠨ᠂ ᠮᠠᠨ ᠤ ᠤᠯᠤᠰ ᠤᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠠᠭ ᠴᠢᠬᠤᠯᠠ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠃ ᠡᠭᠦᠨ ᠳᠤ᠂ | ᠣᠷᠣᠨ ᠰᠠᠭᠤᠴᠠ ᠶᠢᠨ ᠲᠠᠪᠬᠤᠷᠯᠢᠭ ᠤᠨ ᠥᠨᠳᠥᠷ ᠤᠨ ᠪᠠᠷᠢᠮᠵᠢᠶ᠎ᠠ ᠶᠢ 3 ᠮᠧᠲᠷ ᠠᠴᠠ ᠳᠣᠣᠷ᠎ᠠ ᠪᠠᠶᠢᠯᠭᠠᠵᠦ ᠪᠤᠯᠬᠤ | ᠦᠭᠡᠢ ᠭᠡᠵᠦ ᠲᠤᠭᠳᠠᠭᠠᠭᠰᠠᠨ ᠨᠢ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ︽ᠣᠷᠣᠨ ᠵᠠᠢ ᠶᠢᠨ | ᠬᠤᠪᠢᠰᠬᠠᠯ︾ ᠤᠨ ᠡᠬᠢᠯᠡᠯᠲᠡ ᠪᠤᠯᠤᠨ᠎ᠠ᠃ | 2011 ᠣᠨ ᠤ ︽ᠣᠷᠣᠨ ᠰᠠᠭᠤᠴᠠ ᠶᠢᠨ ᠵᠢᠷᠤᠭ ᠲᠦᠯᠦᠪᠯᠡᠯᠭᠡ ᠶᠢᠨ ᠵᠢᠷᠤᠮᠵᠢᠯ︾ ᠳᠤ ︽ᠣᠷᠣᠨ | ᠰᠠᠭᠤᠴᠠ ᠶᠢᠨ ᠲᠠᠪᠬᠤᠷᠯᠢᠭ ᠤᠨ ᠥᠨᠳᠥᠷ ᠨᠢ 2.80 ᠮᠧᠲᠷ ᠪᠠᠶᠢᠪᠠᠯ ᠵᠣᠬᠢᠨ᠎ᠠ︾ ᠭᠡᠵᠦ ᠲᠣᠳᠣᠷᠬᠠᠢ | ᠲᠣᠭᠲᠠᠭᠠᠵᠠᠢ᠃ ᠭᠡᠲᠡᠯ᠎ᠡ᠂ ᠠᠷᠪᠠᠨ ᠬᠡᠳᠦᠨ ᠵᠢᠯ ᠤᠨ ᠬᠥᠭᠵᠢᠯᠲᠡ ᠪᠠᠷ ᠳᠠᠮᠵᠢᠭᠠᠳ᠂ ᠡᠨᠡ ᠬᠦ ᠪᠠᠷᠢᠮᠵᠢᠶ᠎ᠠ ᠨᠢ | ᠠᠷᠠᠳ ᠤᠯᠠᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠰᠢᠨ᠎ᠡ ᠬᠦᠰᠡᠯ ᠡᠷᠡᠮᠡᠯᠵᠡᠯ ᠢ ᠬᠠᠩᠭᠠᠵᠤ | ᠳᠡᠶᠢᠯᠬᠦ ᠦᠭᠡᠢ ᠪᠣᠯᠵᠠᠢ᠃ | ᠨᠢᠭᠡ ᠲᠠᠯ᠎ᠠ ᠪᠠᠷ᠂ ᠠᠮᠢᠳᠤᠷᠠᠯ ᠤᠨ ᠬᠢᠷᠢ ᠲᠦᠪᠰᠢᠨ ᠪᠠ ᠰᠢᠮ᠎ᠡ ᠲᠡᠵᠢᠭᠡᠯ ᠤᠨ ᠳᠡᠭᠡᠭᠰᠢᠯᠡᠬᠦ ᠶᠢ ᠳᠠᠭᠠᠯᠳᠤᠨ᠂ | ᠳᠤᠮᠳᠠᠳᠤ ᠤᠯᠤᠰ ᠤᠨ ᠬᠥᠮᠥᠨ ᠤ ᠳᠤᠮᠳᠠᠴᠢ ᠪᠡᠶ᠎ᠡ ᠶᠢᠨ ᠥᠨᠳᠥᠷ ᠨᠢ ᠨᠡᠮᠡᠭᠳᠡᠵᠦ᠂ ᠲᠠᠪᠬᠤᠷᠯᠢᠭ ᠤᠨ | ᠥᠨᠳᠥᠷ ᠤᠨ ᠱᠠᠭᠠᠷᠳᠠᠯᠭ᠎ᠠ ᠨᠢ ᠵᠣᠬᠢᠴᠠᠩᠭᠤᠢ ᠪᠠᠷ ᠳᠡᠭᠡᠭᠰᠢᠯᠡᠪᠡ︔ ᠨᠦᠭᠦᠭᠡ ᠲᠠᠯ᠎ᠠ ᠪᠠᠷ᠂ ᠭᠡᠷᠡᠯ ᠲᠤᠰᠬᠤ᠂ | ᠰᠠᠯᠬᠢ ᠨᠡᠪᠲᠡᠷᠡᠬᠦ ᠵᠡᠷᠭᠡ ᠣᠷᠣᠨ ᠰᠠᠭᠤᠴᠠ ᠶᠢᠨ ᠴᠢᠳᠠᠪᠤᠷᠢ ᠶᠢᠨ ᠭᠦᠢᠴᠡᠳᠭᠡᠯ ᠲᠤᠭ᠎ᠠ ᠶᠢ ᠰᠠᠶᠢᠵᠢᠷᠠᠭᠤᠯᠬᠤ ᠳᠤ | ᠴᠤ ᠨᠡᠯᠢᠶᠡᠳ ᠶᠡᠭᠡ ᠬᠡᠮᠵᠢᠶᠡᠨ ᠳᠡᠭᠡᠷ᠎ᠡ ᠲᠠᠪᠬᠤᠷᠯᠢᠭ ᠤᠨ ᠥᠨᠳᠥᠷ ᠤᠨ ᠨᠡᠮᠡᠭᠳᠡᠯ ᠳᠤ ᠲᠦᠰᠢᠭᠯᠡᠨ᠎ᠡ᠃ | ᠲᠠᠪᠬᠤᠷᠯᠢᠭ ᠤᠨ ᠥᠨᠳᠥᠷ ᠤᠨ ᠬᠡᠮᠵᠢᠶ᠎ᠡ ᠶᠢ ᠨᠡᠮᠡᠭᠳᠡᠭᠦᠯᠬᠦ ᠨᠢ ᠳᠥᠭᠦᠮᠬᠡᠨ ᠲᠣᠭᠠᠨ ᠤ ᠬᠤᠪᠢᠷᠠᠯᠲᠠ ᠰᠢᠭ᠋ ᠪᠣᠯᠪᠠᠴᠤ | ᠦᠨᠡᠨ ᠳᠡᠭᠡᠨ ᠠᠷᠠᠳ ᠤᠯᠠᠨ ᠤ ᠣᠷᠣᠨ ᠰᠠᠭᠤᠴᠠ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ | ᠲᠥᠷᠥᠭᠳᠡᠯ ᠲᠠᠢ ᠬᠤᠯᠪᠣᠭᠳᠠᠨ᠎ᠠ᠃ | ᠲᠠᠪᠬᠤᠷᠯᠢᠭ ᠤᠨ ᠥᠨᠳᠥᠷ ᠤᠨ ᠬᠡᠮᠵᠢᠶ᠎ᠡ ᠶᠢ ᠨᠡᠮᠡᠭᠳᠡᠭᠦᠯᠬᠦ ᠨᠢ ᠴᠣᠩᠬᠤᠨ ᠤ ᠲᠠᠯᠠᠪᠠᠶ ᠶᠢ ᠥᠷᠭᠡᠳᠬᠡᠬᠦ᠂ ᠭᠡᠷ | ᠳᠣᠲᠣᠷᠠᠬᠢ ᠰᠠᠯᠬᠢ ᠨᠡᠪᠲᠡᠷᠡᠬᠦ ᠪᠠ ᠬᠡᠷᠡᠯ ᠲᠤᠰᠤᠯᠳᠠ ᠶᠢ ᠰᠠᠶᠢᠵᠢᠷᠠᠭᠤᠯᠬᠤ᠂ ᠴᠢᠭᠢᠭᠯᠢᠭ ᠨᠣᠶᠢᠲᠠᠨ ᠪᠠ ᠸᠠᠯᠠᠵᠤ | ᠴᠢᠨᠠᠷ ᠬᠤᠪᠢᠷᠠᠬᠤ ᠲᠦᠭᠰᠢᠭᠦᠷᠢ ᠶᠢ ᠪᠠᠭᠠᠰᠬᠠᠬᠤ ᠳᠤ ᠪᠣᠯᠣᠮᠵᠢ ᠬᠠᠩᠭᠠᠵᠤ ᠥᠭᠭᠦᠭᠰᠡᠨ ᠢᠶᠠᠷ ᠪᠠᠷᠠᠬᠤ ᠦᠭᠡᠢ᠂ | ᠠᠰᠠᠷ ᠤᠨ ᠬᠠᠪᠲᠠᠰᠤ ᠶᠢᠨ ᠲᠣᠨᠣᠭᠯᠠᠭᠠᠰᠤ ᠶᠢᠨ ᠵᠤᠵᠠᠭᠠᠨ ᠤ ᠬᠡᠮᠵᠢᠶ᠎ᠡ ᠶᠢ ᠨᠡᠮᠡᠭᠳᠡᠭᠦᠯᠬᠦ᠂ ᠲᠠᠭᠤ ᠬᠦᠨᠳᠡᠶᠢᠷᠡᠭᠦᠯᠬᠦ | ᠬᠠᠪᠲᠠᠰᠤ ᠶᠢ ᠤᠭᠰᠠᠷᠠᠬᠤ ᠳᠤ ᠣᠷᠣᠨ ᠵᠠᠢ ᠬᠠᠩᠭᠠᠵᠤ᠂ ᠰᠠᠭᠤᠭᠠᠯᠢ ᠠᠷᠠᠳ ᠢ ᠣᠷᠳᠣ ᠬᠤᠭᠤᠴᠠᠭ᠎ᠠ ᠪᠠᠷ | ᠵᠣᠪᠠᠭᠠᠵᠤ ᠪᠠᠶᠢᠭᠰᠠᠨ ᠲᠠᠭᠤ ᠬᠥᠨᠳᠡᠶᠢᠷᠡᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠴᠢᠳᠠᠬᠤ ᠪᠣᠯᠤᠭᠰᠠᠨ | ᠪᠠᠶᠢᠨ᠎ᠠ᠃ | ᠲᠠᠪᠬᠤᠷᠯᠢᠭ ᠤᠨ ᠥᠨᠳᠥᠷ ᠤᠨ ᠬᠡᠮᠵᠢᠶ᠎ᠡ ᠶᠢ ᠨᠡᠮᠡᠭᠳᠡᠭᠦᠯᠬᠦ ᠨᠢ ᠣᠯᠠᠨ ᠵᠦᠢᠯ ᠤᠨ ᠵᠠᠰᠠᠯ ᠴᠢᠮᠡᠭᠯᠡᠯ ᠤᠨ ᠬᠡᠪ | ᠨᠠᠮᠪᠠ ᠪᠠ ᠣᠷᠣᠨ ᠵᠠᠢ ᠶᠢᠨ ᠪᠠᠶᠢᠷᠢᠰᠢᠭᠤᠯᠤᠯᠲᠠ ᠳᠤ ᠲᠡᠮᠵᠢᠯᠭᠡ ᠪᠣᠯᠣᠨ᠎ᠠ᠂ ᠵᠢᠱᠢᠶᠡᠯᠡᠪᠡᠯ ᠳᠠᠪᠬᠤᠷᠯᠢᠭ᠂ ᠲᠠᠭᠲᠤ | ᠪᠤᠶᠤ ᠨᠡᠭᠡᠭᠡᠯᠲᠡᠲᠤ ᠮᠠᠶ᠋ᠢᠭ ᠤᠨ ᠣᠷᠣᠨ ᠵᠠᠢ ᠵᠡᠷᠭᠡ ᠶᠢ ᠵᠢᠷᠤᠵᠤ ᠲᠥᠯᠥᠪᠯᠡᠨ᠂ ᠠᠳᠠᠯᠢ ᠪᠤᠰᠤ ᠭᠡᠷ ᠪᠦᠯᠢ ᠶᠢᠨ | ᠥᠪᠡᠷᠮᠢᠴᠡ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠲᠥᠪ ᠠᠭᠠᠷ ᠲᠣᠬᠢᠷᠠᠭᠤᠯᠤᠭᠴᠢ᠂ ᠲᠤᠯᠠᠭᠠᠯᠭ᠎ᠠ ᠶᠢᠨ | ᠲᠦᠭᠦᠭᠡᠷᠦᠮᠵᠢ ᠵᠡᠷᠭᠡ ᠪᠠᠷᠢᠯᠭ᠎ᠠ ᠶᠢᠨ ᠲᠥᠬᠦᠭᠡᠷᠦᠮᠵᠢ ᠶᠢ ᠤᠭᠰᠠᠷᠠᠬᠤ ᠳᠤ ᠨᠠᠩ ᠶᠡᠭᠡ ᠣᠷᠣᠨ ᠵᠠᠢ ᠬᠠᠩᠭᠠᠵᠤ᠂ | ᠤᠯᠠᠮᠵᠢᠯᠠᠯᠲᠤ ᠣᠷᠣᠨ ᠰᠠᠭᠤᠴᠠ ᠶᠢᠨ ᠲᠥᠬᠦᠭᠡᠷᠦᠮᠵᠢ ᠶᠢ ᠤᠭᠰᠠᠷᠠᠬᠤ ᠶᠢᠨ ︽ᠣᠷᠣᠨ ᠵᠠᠢ ᠶᠢᠨ ᠵᠣᠪᠠᠨᠢᠯ︾ ᠢ | ᠰᠢᠢᠳᠪᠦᠷᠢᠯᠡᠭᠰᠡᠨ ᠪᠠᠶᠢᠨ᠎ᠠ᠃ | ᠡᠭᠦᠨ ᠠᠴᠠ ᠭᠠᠳᠠᠨ᠎ᠠ᠂ ᠲᠠᠪᠬᠤᠷᠯᠢᠭ ᠤᠨ ᠥᠨᠳᠥᠷ ᠤᠨ ᠬᠡᠮᠵᠢᠶ᠎ᠡ ᠶᠢ ᠨᠡᠮᠡᠭᠳᠡᠭᠦᠯᠬᠦ ᠨᠢ ᠪᠥᠬᠦ ᠭᠡᠷ ᠤᠨ | ᠣᠶᠤᠨᠲᠤ ᠲᠥᠬᠦᠭᠡᠷᠦᠮᠵᠢ ᠳᠤ ᠤᠭᠰᠠᠷᠠᠬᠤ ᠣᠷᠣᠨ ᠵᠠᠢ ᠦᠯᠡᠳᠡᠭᠡᠨ ᠥᠭᠴᠦ᠂ ᠤᠭᠰᠠᠷᠠᠮᠠᠯ ᠮᠠᠶ᠋ᠢᠭ ᠤᠨ ᠵᠠᠰᠠᠯ | ᠴᠢᠮᠡᠭᠯᠡᠯ᠂ ᠬᠡᠷᠡᠯ ᠴᠡᠨᠡᠭ ᠤᠨ ᠭᠡᠷ ᠤᠨ ᠣᠷᠣᠢ᠂ ᠬᠡᠰᠡᠭᠴᠢᠯᠡᠭᠰᠡᠨ ᠭᠡᠷ ᠤᠨ ᠬᠡᠷᠡᠭᠰᠡᠯ ᠵᠡᠷᠭᠡ ᠰᠢᠨ᠎ᠡ ᠮᠡᠷᠭᠡᠵᠢᠯ ᠤᠨ | ᠴᠤᠭᠯᠠᠷᠠᠯ ᠳᠤ ᠬᠡᠷᠡᠭᠯᠡᠭᠡᠨ ᠤ ᠲᠠᠯᠠᠪᠤᠷ ᠢ ᠤᠯᠭᠤᠵᠤ᠂ ᠢᠷᠡᠭᠡᠳᠦᠢ ᠶᠢᠨ ᠳᠥᠭᠦᠮ ᠳᠥᠲᠡ᠂ ᠲᠠᠭᠠᠯᠠᠮᠵᠢᠲᠠᠢ | ᠠᠮᠢᠳᠤᠷᠠᠯ ᠤᠨ ᠥᠩᠭᠡᠷᠡᠭᠡᠯᠲᠡ ᠳᠤ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃ | ᠬᠠᠭᠤᠴᠢᠨ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ ᠥᠭᠡᠷᠡᠴᠢᠯᠡᠬᠦ ᠳᠤ ᠴᠢᠭᠯᠡᠭᠦᠯᠦᠨ᠂ | ᠲᠠᠪᠬᠤᠷᠯᠢᠭ ᠤᠨ ᠥᠨᠳᠥᠷ ᠤᠨ ᠪᠠᠷᠢᠮᠵᠢᠶ᠎ᠠ ᠳᠤ ᠠᠳᠠᠯᠢᠬᠠᠨ ᠢᠶᠠᠷ ᠯᠠᠪᠯᠠᠯᠲᠠ ᠬᠠᠩᠭᠠᠭᠰᠠᠨ ᠪᠠᠶᠢᠨ᠎ᠠ᠃ ᠬᠠᠭᠤᠴᠢᠨ | ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠶᠠᠪᠤᠴᠠ ᠳᠤ᠂ ᠣᠷᠣᠨ ᠵᠠᠢ ᠶᠢ ᠥᠭᠡᠷᠡᠴᠢᠯᠡᠬᠦ ᠪᠠ ᠪᠤᠰᠤᠳ | ᠵᠢᠷᠤᠵᠤ ᠲᠥᠯᠥᠪᠯᠡᠨ ᠪᠠᠶᠢᠷᠢᠯᠠᠭᠤᠯᠬᠤ ᠠᠷᠭ᠎ᠠ ᠪᠠᠷ ᠳᠠᠮᠵᠢᠭᠤᠯᠤᠨ᠂ ᠭᠡᠷ ᠪᠠᠶᠢᠰᠢᠩ ᠤᠨ ᠬᠡᠷᠡᠯ ᠲᠤᠰᠬᠤ ᠬᠡᠮᠵᠢᠶ᠎ᠡ | ᠪᠠ ᠠᠭᠠᠷ ᠤᠨ ᠭᠦᠢᠯᠭᠡᠭᠡᠨ ᠤ ᠴᠢᠨᠠᠷ ᠢ ᠨᠡᠮᠡᠭᠳᠡᠭᠦᠯᠵᠦ᠂ ᠭᠡᠷ ᠪᠠᠶᠢᠰᠢᠩ ᠢ ︽ᠲᠠᠪᠬᠤᠷᠯᠢᠭ ᠤᠨ ᠦᠨᠳᠦᠷ ᠨᠢ 3 | ᠮᠧᠲᠷ︾ ᠣᠶᠢᠷᠠᠯᠴᠠᠭ᠎ᠠ ᠣᠷᠣᠨ ᠰᠠᠭᠤᠴᠠ ᠶᠢᠨ ᠤᠶᠢᠯᠠᠭᠠᠯᠳᠠ ᠲᠠᠢ ᠪᠣᠯᠭᠠᠬᠤ ᠪᠠᠷ ᠴᠢᠷᠮᠠᠶᠢᠵᠤ ᠪᠣᠯᠣᠨ᠎ᠠ᠃ | ᠪᠠᠷᠢᠮᠵᠢᠶ᠎ᠠ ᠶᠢᠨ ᠬᠢᠷᠢ ᠲᠦᠪᠰᠢᠨ ᠨᠢ ᠭᠡᠷ ᠪᠠᠶᠢᠰᠢᠩ ᠤᠨ ᠴᠢᠨᠠᠷ ᠴᠢᠨᠰᠠᠭ᠎ᠠ ᠶᠢ ᠲᠣᠭᠲᠠᠭᠠᠨ᠎ᠠ᠃ ᠮᠠᠨ ᠤ | ᠤᠯᠤᠰ ᠤᠨ ᠣᠷᠣᠨ ᠰᠠᠭᠤᠴᠠ ᠶᠢᠨ ᠬᠡᠷᠡᠭᠴᠡᠭᠡ ︽ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠡᠰᠡᠬᠦ︾ | ᠳᠠᠰᠢ ᠰᠢᠯᠵᠢᠬᠦ ᠶᠢ ᠳᠠᠭᠠᠯᠳᠤᠨ᠂ ᠬᠥᠮᠥᠰ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ | ᠰᠠᠶᠢᠨ ᠭᠡᠷ ᠪᠠᠶᠢᠰᠢᠩ︾ ᠲᠤ ᠰᠠᠭᠤᠬᠤ ᠶᠢ ᠬᠦᠰᠡᠵᠦ ᠪᠠᠶᠢᠨ᠎ᠠ᠃ ᠪᠠᠷᠢᠮᠵᠢᠶ᠎ᠠ ᠶᠢ ᠲᠡᠰ ᠳᠡᠪᠰᠢᠭᠦᠯᠬᠦ ᠨᠢ ᠠᠷᠠᠳ | ᠤᠯᠠᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ | ᠬᠠᠷᠢᠭᠤᠯᠲᠠ ᠥᠭᠴᠦ ᠪᠠᠶᠢᠭ᠎ᠠ ᠶᠠᠪᠤᠳᠠᠯ ᠪᠣᠯᠣᠨ᠎ᠠ᠃ | ᠣᠷᠣᠨ ᠰᠠᠭᠤᠴᠠ ᠶᠢᠨ ᠲᠠᠪᠬᠤᠷᠯᠢᠭ ᠤᠨ ᠥᠨᠳᠥᠷ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠨᠢ | ᠵᠥᠪᠬᠡᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠨᠢᠭᠡ ᠬᠡᠰᠡᠭ | ᠲᠡᠳᠦᠢ ᠶᠤᠮ᠃ ᠣᠳᠣᠬᠠᠨ ᠳᠤ᠂ ᠲᠥᠪ ᠪᠠ ᠣᠷᠣᠨ ᠨᠤᠲᠤᠭ ᠤᠨ ᠬᠢᠨ ᠣᠷᠣᠨ ᠰᠠᠭᠤᠴᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠶᠢ ᠳᠡᠮᠵᠢᠬᠦ ᠳᠦᠷᠢᠮ ᠪᠠ ᠪᠠᠷᠢᠮᠵᠢᠶ᠎ᠠ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ | ᠪᠠᠶᠢᠨ᠎ᠠ᠃ ︽ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ︽ᠣᠷᠣᠨ ᠰᠠᠭᠤᠴᠠ ᠶᠢᠨ | ᠲᠥᠷᠥᠯ ᠵᠦᠢᠯ ᠤᠨ ᠵᠢᠷᠤᠮᠵᠢᠯ︾ ᠵᠡᠷᠭᠡ ᠪᠥᠬᠦ ᠤᠯᠤᠰ ᠤᠨ ᠴᠢᠨᠠᠷᠲᠠᠢ ᠪᠠᠷᠢᠮᠵᠢᠶ᠎ᠠ ᠶᠢᠨ ᠵᠢᠷᠤᠮᠵᠢᠯ ᠳᠤ ᠵᠠᠰᠠᠪᠤᠷᠢ | ᠣᠷᠣᠭᠤᠯᠵᠤ ᠨᠡᠶᠢᠲᠡᠯᠡᠭᠰᠡᠨ ᠤ ᠳᠠᠷᠠᠭ᠎ᠠ᠂ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠣᠯᠭᠠᠵᠤ᠂ ᠣᠷᠣᠨ | ᠨᠤᠲᠤᠭ ᠢ ᠬᠥᠲᠥᠯᠥᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ᠭᠡᠷ | ᠪᠠᠶᠢᠰᠢᠩ ᠤᠨ ᠵᠢᠷᠤᠭ ᠲᠥᠯᠥᠪᠯᠡᠭᠡ᠂ ᠮᠠᠲ᠋ᠧᠷᠢᠶᠠᠯ᠂ ᠪᠠᠷᠢᠯᠭ᠎ᠠ᠂ ᠲᠥᠬᠦᠭᠡᠷᠦᠮᠵᠢ ᠵᠢᠴᠢ ᠬᠠᠷᠰᠢ ᠰᠠᠭᠠᠳ ᠦᠭᠡᠢ᠂ | ᠨᠠᠰᠤᠵᠢᠯ ᠳᠤ ᠲᠣᠬᠢᠷᠠᠬᠤ᠂ ᠣᠶᠤᠨᠴᠢᠯᠠᠬᠤ ᠵᠡᠷᠭᠡ ᠪᠠᠷᠢᠮᠵᠢᠶ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠴᠢᠭᠯᠡᠯ ᠮᠥᠨ᠃ ᠭᠡᠷ ᠪᠠᠶᠢᠰᠢᠩ ᠭᠠᠵᠠᠷ ᠬᠥᠷᠥᠩᠭᠡ ᠶᠢᠨ | ᠠᠵᠢᠯ ᠲᠥᠷᠥᠯ ᠳᠤ ᠠᠪᠴᠤ ᠬᠡᠯᠡᠪᠡᠯ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠨᠢ ᠠᠵᠠ | ᠲᠣᠬᠢᠶᠠᠯ ᠪᠣᠯᠬᠤ ᠪᠠᠷ ᠪᠠᠷᠠᠬᠤ ᠦᠭᠡᠢ ᠮᠦᠨ ᠴᠦ ᠥᠷᠢᠰᠦᠯᠳᠦᠭᠡᠨ ᠪᠣᠯᠬᠤ ᠶᠤᠮ᠃ ︽ᠰᠠᠶᠢᠨ ᠭᠡᠷ ᠪᠠᠶᠢᠰᠢᠩ︾ | ᠨᠢ ᠴᠢᠳᠠᠮᠵᠢ᠂ ᠶᠠᠰᠤ ᠴᠢᠨᠠᠷ᠂ ᠪᠡᠶᠡᠴᠢᠯᠡᠨ ᠣᠶᠢᠯᠠᠭᠠᠬᠤ ᠵᠡᠷᠭᠡ ᠲᠠᠯ᠎ᠠ ᠪᠠᠷ ᠨᠠᠩ ᠥᠨᠳᠥᠷ ᠪᠠᠷᠢᠮᠵᠢᠶ᠎ᠠ ᠲᠠᠢ ᠪᠤᠯᠵᠠᠢ | ᠂ ᠣᠷᠣᠨ ᠰᠠᠭᠤᠴᠠ ᠶᠢᠨ ᠠᠵᠤ ᠠᠬᠤᠶᠢᠯᠠᠯ ᠤᠳ ᠰᠢᠨ᠎ᠡ ᠪᠠᠷᠢᠮᠵᠢᠶ᠎ᠠ ᠶᠢ ᠦᠢᠯᠡᠳᠬᠦᠨ ᠤ ᠵᠢᠷᠤᠭ ᠲᠥᠯᠥᠪᠯᠡᠭᠡ ᠳᠤ | ᠲᠦᠷᠭᠡᠬᠡᠨ ᠠᠭᠤᠰᠬᠠᠨ ᠣᠷᠣᠭᠤᠯᠵᠤ᠂ ᠠᠳᠠᠯᠢ ᠪᠤᠰᠤ ᠦᠨ᠎ᠡ ᠬᠠᠩᠰᠢ ᠲᠠᠢ ᠴᠢᠨᠠᠷ ᠰᠠᠶᠢᠲᠠᠢ ᠣᠷᠣᠨ | ᠰᠠᠭᠤᠴᠠ ᠶᠢᠨ ᠦᠢᠯᠡᠳᠬᠦᠨ ᠢ ᠪᠣᠶ ᠪᠣᠯᠭᠠᠬᠤ ᠶᠢ ᠱᠠᠭᠠᠷᠳᠠᠵᠤ ᠪᠠᠶᠢᠨ᠎ᠠ᠃ ᠬᠡᠨ ᠬᠡᠷᠪᠡ ᠠᠷᠠᠳ ᠤᠯᠠᠨ ᠤ ᠣᠷᠣᠨ | ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠰᠢᠨ᠎ᠡ ᠬᠦᠰᠡᠯ ᠡᠷᠡᠮᠡᠯᠵᠡᠯ ᠢ ᠬᠠᠩᠭᠠᠵᠤ ᠴᠢᠳᠠᠪᠠᠯ᠂ ᠲᠡᠷᠡ ᠳᠠᠷᠤᠢ | ᠶᠠᠰᠤ ᠴᠢᠨᠠᠷ ᠤᠨ ᠥᠷᠢᠰᠦᠯᠳᠦᠭᠡᠨ ᠤ ᠴᠠᠭ ᠦᠶ᠎ᠡ ᠳᠤ ᠠᠵᠠ ᠲᠣᠬᠢᠶᠠᠯ ᠢ ᠠᠮᠵᠢᠵᠤ᠂ ᠵᠠᠬ᠎ᠠ ᠳᠡᠯᠭᠡᠭᠦᠷ ᠢ ᠣᠯᠵᠤ | ᠴᠢᠳᠠᠨ᠎ᠠ᠃ | ᠢᠷᠡᠯᠲᠡ᠄ ᠰᠢᠨᠬᠤᠸᠠ ᠬᠤᠷᠢᠶ᠎ᠠ |