︽ᠰᠤᠯᠠ ᠪᠠᠶᠢᠭ᠎ᠠ ᠭᠡᠷ ᠪᠠᠶᠢᠰᠢᠩ ᠤᠨ ᠠᠳᠠᠯ ᠠᠬᠤᠢ ᠶᠢᠨ ᠰᠦᠢᠳᠭᠡᠯ ᠢ ᠦᠨᠡᠬᠡᠷ ᠪᠠᠭ᠎ᠠ ᠲᠤᠰᠢᠶᠠᠵᠤ | ᠪᠣᠯᠣᠨ᠎ᠠ︾ ᠣᠶᠢᠷ᠎ᠠ ᠳᠤ᠂ ᠭᠠᠨᠰᠤ ᠮᠤᠵᠢ ᠶᠢᠨ ᠯᠠᠨᠵᠧᠦ ᠬᠤᠲᠠ ᠳᠤ ᠰᠠᠭᠤᠭ᠎ᠠ ᠯᠢ ᠠᠪᠠᠭ᠋ᠠᠢ ᠠᠳᠠᠯ ᠠᠬᠤᠢ ᠶᠢᠨ | ᠵᠠᠷᠤᠳᠠᠯ ᠢ ᠳᠣᠯᠤᠭ᠎ᠠ ᠪᠠᠷ ᠨᠤᠭᠤᠯᠵᠤ ᠪᠤᠳᠤᠬᠤ ᠭᠠᠷ ᠭᠦᠢᠴᠡᠳᠬᠡᠯ ᠢ ᠰᠠᠶ᠋ᠢᠬᠠᠨ ᠬᠢᠵᠦ ᠳᠠᠭᠤᠰᠬᠠᠵᠠᠢ᠂ ᠲᠠᠭᠦᠨ ᠤ | ᠰᠠᠭᠤᠭ᠎ᠠ ᠦᠭᠡᠢ ᠨᠢᠭᠡ ᠭᠡᠷ ᠨᠢ ᠵᠢᠯ ᠪᠦᠷᠢ ᠮᠢᠩᠭ᠎ᠠ ᠰᠢᠬᠠᠮ ᠲᠥᠭᠦᠷᠢᠭ ᠤᠨ ᠰᠦᠢᠳᠬᠡᠯ ᠳᠤᠲᠠᠭᠤ ᠲᠤᠰᠢᠶᠠᠬᠤ | ᠪᠤᠯᠵᠠᠢ᠃ | 3 ᠳ᠋ᠤᠭᠠᠷ ᠰᠠᠷ᠎ᠠ ᠠᠴᠠ ᠨᠠᠰᠢ᠂ ᠡᠶᠢᠮᠦᠷᠬᠦ ︽ᠵᠣᠭᠤᠰ ᠠᠷᠪᠢᠯᠠᠭᠰᠠᠨ ᠦᠯᠢᠭᠡᠷ︾ ᠯᠠᠨᠵᠧᠦ ᠶᠢᠨ ᠣᠯᠠᠨ | ᠲᠣᠭᠤᠷᠢᠭ ᠲᠤ ᠡᠭᠦᠰᠴᠦ ᠪᠠᠶᠢᠨ᠎ᠠ᠃ ᠡᠨᠡ ᠵᠢᠯ ᠤᠨ ᠡᠬᠢᠨ ᠳᠤ ᠯᠠᠨᠵᠧᠦ ᠬᠤᠲᠠ ᠶᠢᠨ ᠬᠢᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠡᠶᠢᠲᠡᠯᠡᠨ ᠬᠡᠷᠡᠭᠵᠢᠭᠦᠯᠵᠦ᠂ ᠰᠤᠯᠠ ᠪᠠᠶᠢᠭ᠎ᠠ ᠭᠡᠷ | ᠪᠠᠶᠢᠰᠢᠩ ᠤᠨ ᠠᠳᠠᠯ ᠠᠬᠤᠢ ᠶᠢᠨ ᠵᠠᠷᠤᠳᠠᠯ ᠢ ᠳᠣᠯᠤᠭ᠎ᠠ ᠪᠠᠷ ᠨᠤᠭᠤᠯᠤᠨ ᠪᠤᠳᠤᠵᠤ ᠰᠦᠢᠳᠭᠡᠯ ᠬᠤᠶᠢᠶᠠᠨᠠ᠂ | ᠯᠠᠨᠵᠧᠦ ᠶᠢᠨ ᠰᠢᠨ᠎ᠡ ᠲᠣᠭᠤᠷᠢᠭ ᠤᠨ ᠬᠡᠰᠡᠭ ᠠᠳᠠᠯ ᠠᠬᠤᠢ ᠶᠢᠨ ᠠᠵᠤ ᠠᠬᠤᠶᠢᠯᠠᠯ ᠨᠡᠩ ᠴᠤ ᠲᠠᠪᠤ ᠪᠠᠷ ᠨᠤᠭᠤᠯᠤᠨ | ᠪᠤᠳᠤᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ | ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠲᠥᠷᠥ ᠶᠢᠨ ᠪᠣᠳᠣᠯᠭ᠎ᠠ ᠪᠠᠷ ᠬᠥᠳᠡᠯᠭᠡᠭᠦᠷ | ᠪᠣᠯᠭᠠᠭᠰᠠᠨ ᠠᠳᠠᠯ ᠠᠬᠤᠢ ᠶᠢᠨ ᠵᠠᠷᠤᠳᠠᠯ ᠤᠨ ᠦᠨ᠎ᠡ ᠶᠢᠨ ᠪᠠᠭᠤᠷᠠᠯᠲᠠ ᠨᠢ ᠥᠮᠴᠢᠲᠡᠨ ᠬᠢᠭᠡᠳ ᠠᠳᠠᠯ | ᠠᠬᠤᠢ ᠶᠢᠨ ᠦᠷᠢᠰᠦᠯᠳᠦᠭᠡᠨ ᠤ ᠲᠡᠩᠨᠡᠭᠦᠷ ᠢ ᠨᠥᠯᠥᠭᠡᠯᠡᠵᠡᠢ᠂ ᠡᠨᠡ ᠨᠢ ᠮᠥᠨ ᠴᠦ ᠠᠵᠢᠯ ᠲᠥᠷᠥᠯ ᠤᠨ | ᠤᠯᠠᠮᠵᠢᠯᠠᠯᠲᠤ ᠳᠦᠷᠢᠮ ᠢ ᠨᠤᠷᠠᠭᠠᠭᠰᠠᠨ ᠶᠠᠪᠤᠳᠠᠯ ᠪᠣᠯᠣᠨ᠎ᠠ᠃ ᠠᠳᠠᠯ ᠠᠬᠤᠢ ᠶᠢᠨ ᠠᠵᠤ ᠠᠬᠤᠶᠢᠯᠠᠯ ᠤᠳ ︽ | ᠪᠦᠳᠦᠭᠦᠯᠢᠭ ᠢᠶᠠᠷ ᠰᠦᠢᠳᠬᠡᠯ ᠬᠤᠷᠢᠶᠠᠵᠤ︾ ᠪᠠᠶᠢᠭᠰᠠᠨ ᠠᠴᠠ ᠪᠠᠨ ︽ᠦᠢᠯᠡᠴᠢᠯᠡᠭᠡ ᠪᠠᠷ ᠰᠦᠢᠳᠭᠡᠯ ᠪᠣᠯᠭᠠᠬᠤ︾ | ᠳᠠᠰᠢ ᠰᠢᠯᠵᠢᠵᠦ᠂ ᠦᠢᠯᠡᠴᠢᠯᠡᠭᠡᠨ ᠤ ︽ᠶᠠᠰᠤ ᠴᠢᠨᠠᠷ ᠪᠠ ᠦᠨ᠎ᠡ ᠬᠠᠩᠰᠢ ᠶᠢ ᠲᠡᠩᠴᠡᠭᠦᠷᠢᠲᠡᠢ ᠪᠠᠶᠢᠯᠭᠠᠬᠤ︾ | ᠰᠢᠨ᠎ᠡ ᠵᠠᠮ ᠢᠶᠠᠷ ᠵᠠᠮᠨᠠᠬᠤ ᠬᠡᠷᠡᠭᠲᠡᠢ ᠪᠤᠯᠵᠠᠢ᠃ | ᠬᠠᠤᠯᠢ ᠲᠣᠭᠲᠠᠭᠠᠭᠠᠳ 4 ᠵᠢᠯ ᠪᠣᠯᠤᠭᠰᠠᠨ ᠤ ᠳᠠᠷᠠᠭ᠎ᠠ᠂ ︽ᠰᠤᠯᠠ ᠪᠠᠶᠢᠭ᠎ᠠ ᠭᠡᠷ ᠪᠠᠶᠢᠰᠢᠩ︾ ᠢ | ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠢ ᠪᠣᠯᠭᠠᠪᠠ | ᠯᠠᠨᠵᠧᠦ ᠳᠤ ᠠᠳᠠᠯ ᠠᠬᠤᠢ ᠶᠢᠨ ᠰᠦᠢᠳᠭᠡᠯ ᠢ ︽ᠳᠣᠯᠣᠭᠠᠨ ᠬᠤᠪᠢ ᠪᠠᠷ ᠬᠢᠮᠳᠠᠷᠠᠭᠤᠯᠬᠤ︾ ᠨᠢ ᠬᠠᠤᠯᠢ | ᠴᠠᠭᠠᠵᠠ ᠶᠢᠨ ᠦᠨᠳᠦᠰᠦ ᠪᠠᠷᠢᠮᠲᠠ ᠲᠠᠢ ᠶᠤᠮ᠃ 2021 ᠣᠨ ᠳᠤ᠂ ᠭᠠᠨᠰᠤ ᠮᠤᠵᠢ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ | ᠤᠳᠠᠭᠠᠨ ᠤ ᠬᠤᠷᠠᠯ ᠤᠨ ᠵᠥᠪᠰᠢᠶᠡᠷᠡᠯ ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠯᠠᠨᠵᠧᠦ ᠬᠤᠲᠠ ᠶᠢᠨ | ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠢ ᠲᠣᠰ ᠵᠢᠯ ᠤᠨ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠪᠡ᠃ ᠡᠭᠦᠨ ᠳᠤ᠄ ︽ᠭᠡᠷ ᠪᠠᠶᠢᠰᠢᠩ ᠢᠶᠠᠨ ᠲᠤᠰᠢᠶᠠᠭᠰᠠᠨ ᠪᠣᠯᠪᠠᠴᠤ ᠪᠣᠳᠠᠲᠠᠢ ᠣᠷᠣᠵᠤ | ᠰᠠᠭᠤᠭ᠎ᠠ ᠦᠭᠡᠢ ᠪᠠᠶᠢᠪᠠᠯ᠂ ᠥᠮᠴᠢᠲᠡᠨ ᠠᠴᠠ ᠭᠤᠶᠤᠴᠢᠯᠠᠯ ᠭᠠᠷᠭᠠᠵᠤ᠂ 70% ᠪᠠᠷ ᠠᠳᠠᠯ ᠠᠬᠤᠢ ᠶᠢᠨ | ᠰᠦᠢᠳᠬᠡᠯ ᠬᠤᠷᠢᠶᠠᠨ᠎ᠠ︾ ᠭᠡᠵᠦ ᠲᠣᠳᠣᠷᠬᠠᠢ ᠲᠣᠭᠲᠠᠭᠠᠵᠠᠢ᠃ | ᠲᠤᠰ ᠳᠦᠷᠢᠮ ᠢ ᠬᠡᠷᠡᠭᠵᠢᠭᠦᠯᠦᠭᠰᠡᠨ ᠤ ᠳᠠᠷᠠᠭ᠎ᠠ᠂ ᠵᠠᠷᠢᠮ ᠤᠷᠤᠨ ᠰᠠᠭᠤᠴᠠ ᠶᠢᠨ ᠲᠣᠭᠤᠷᠢᠭ ᠲᠤ | ᠮᠠᠷᠭᠤᠯᠳᠤᠭᠠᠨ ᠭᠠᠷᠴᠤ ᠥᠩᠭᠡᠷᠡᠵᠡᠢ᠃ ᠵᠠᠷᠢᠮ ᠠᠳᠠᠯ ᠠᠬᠤᠢ ᠶᠢᠨ ᠠᠵᠤ ᠠᠬᠤᠶᠢᠯᠠᠯ ᠤᠨ ᠦᠵᠡᠬᠦ ᠪᠠᠷ᠄ ︽ᠵᠠᠷᠢᠮ | ᠭᠡᠷ ᠪᠠᠶᠢᠰᠢᠩ ᠢ ᠲᠤᠰᠢᠶᠠᠭᠰᠠᠨ ᠤ ᠲᠠᠷᠠᠭ᠎ᠠ ᠨᠢᠭᠡᠨᠳᠡ ᠵᠠᠰᠠᠵᠤ ᠴᠢᠮᠡᠭᠯᠡᠵᠡᠢ᠂ ᠭᠡᠪᠡᠴᠦ ᠬᠦᠮᠦᠨ ᠰᠠᠭᠤᠵᠤ ᠪᠠᠶᠢᠬᠤ | ᠡᠰᠡᠬᠦ ᠶᠢ ᠮᠠᠭᠠᠳᠯᠠᠬᠤ ᠶᠢᠨ ᠠᠷᠭ᠎ᠠ ᠦᠭᠡᠢ᠂ ᠠᠳᠠᠯ ᠠᠬᠤᠢ ᠶᠢᠨ ᠰᠦᠢᠳᠭᠡᠯ ᠢ ᠨᠢᠭᠡ ᠮᠥᠩᠭᠦ ᠴᠦ ᠳᠤᠲᠠᠭᠤ | ᠪᠠᠶᠢᠯᠭᠠᠵᠤ ᠪᠣᠯᠬᠤ ᠦᠭᠡᠢ︾ ᠭᠡᠵᠡᠢ᠃ ᠵᠠᠷᠢᠮ ᠥᠮᠴᠢᠲᠡᠨ ᠠᠴᠠ᠄ ︽ᠮᠢᠨᠦ ᠬᠤᠶᠠᠷ ᠢᠵᠢ ᠭᠡᠷ ᠪᠠᠶᠢᠰᠢᠩ ᠲᠠᠢ᠂ | ᠨᠢᠭᠡ ᠢᠵᠢ ᠭᠡᠷ ᠪᠠᠶᠢᠰᠢᠩ ᠢ ᠵᠠᠰᠠᠵᠤ ᠴᠢᠮᠡᠭᠯᠡᠭᠰᠡᠨ ᠤ ᠲᠠᠷᠠᠭ᠎ᠠ ᠦᠨᠡᠬᠡᠷ ᠰᠠᠭᠤᠭ᠎ᠠ ᠦᠭᠡᠢ᠂ ᠤᠰᠤ ᠴᠠᠬᠢᠯᠭᠠᠨ ᠢ | ᠴᠤ ᠬᠡᠷᠡᠭᠯᠡᠵᠦ ᠥᠩᠭᠡᠷᠡᠭᠰᠡᠨ ᠦᠭᠡᠢ᠂ ᠠᠳᠠᠯ ᠠᠬᠤᠢ ᠶᠢᠨ ᠰᠦᠢᠳᠬᠡᠯ ᠢ 100 % ᠪᠠᠷ ᠲᠤᠰᠢᠶᠠᠬᠤ ᠨᠢ | ᠦᠨᠡᠬᠡᠷ ᠭᠤᠤᠯᠴᠢ ᠪᠤᠰᠤ︾ ᠭᠡᠵᠦ ᠳᠤᠷᠠᠳᠤᠨ ᠭᠠᠷᠭᠠᠵᠠᠢ᠃ | 2023 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ︽ᠯᠠᠨᠵᠧᠦ | ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ᠳᠤ᠂ ︽ᠰᠤᠯᠠ ᠪᠠᠶᠢᠭ᠎ᠠ ᠭᠡᠷ ᠪᠠᠶᠢᠰᠢᠩ ᠤᠨ ᠰᠦᠢᠳᠬᠡᠯ ᠬᠤᠷᠢᠶᠠᠯᠲᠠ︾ ᠶᠢᠨ ᠲᠤᠬᠠᠢ ᠤᠯᠠᠮ ᠨᠢᠭᠡ | ᠠᠯᠬᠤᠮ ᠲᠠᠶᠢᠯᠪᠤᠷᠢᠯᠠᠯᠲᠠ ᠬᠢᠪᠡ᠄ ︽ᠥᠮᠴᠢᠲᠡᠨ ᠣᠷᠣᠵᠤ ᠰᠠᠭᠤᠭ᠎ᠠ ᠦᠭᠡᠢ ᠪᠤᠶᠤ ᠣᠷᠣᠵᠤ ᠰᠠᠭᠤᠭᠰᠠᠨ ᠤ | ᠲᠠᠷᠠᠭ᠎ᠠ ᠬᠡᠷᠡᠭᠯᠡᠭᠰᠡᠨ ᠦᠭᠡᠢ ᠭᠡᠷ ᠪᠠᠶᠢᠰᠢᠩ ᠳᠤ ᠥᠮᠴᠢᠲᠡᠨ ᠤᠷᠢᠳᠴᠢᠯᠠᠨ ᠪᠢᠴᠢᠭ ᠢᠶᠠᠷ ᠭᠤᠶᠤᠴᠢᠯᠠᠯ ᠭᠠᠷᠭᠠᠵᠤ᠂ | ᠠᠳᠠᠯ ᠠᠬᠤᠢ ᠶᠢᠨ ᠦᠢᠯᠡᠴᠢᠯᠡᠭᠴᠢ ᠪᠠᠷ ᠳᠠᠩᠰᠠᠯᠠᠭᠤᠯᠤᠨ ᠨᠤᠲᠠᠯᠠᠭᠤᠯᠤᠭᠰᠠᠨ ᠤ ᠲᠠᠷᠠᠭ᠎ᠠ᠂ ᠳᠣᠯᠣᠳᠤᠭᠠᠷ | ᠰᠠᠷ᠎ᠠ ᠠᠴᠠ ᠡᠬᠢᠯᠡᠨ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠢ ᠰᠦᠢᠳᠬᠡᠯ ᠬᠤᠷᠢᠶᠠᠬᠤ | ᠪᠠᠷᠢᠮᠵᠢᠶ᠎ᠠ ᠶᠢᠨ 70% ᠪᠠᠷ ᠲᠤᠰᠢᠶᠠᠬᠤ ᠪᠤᠯᠤᠨ᠎ᠠ︾ ᠭᠡᠵᠡᠢ᠃ | ᠭᠡᠪᠡᠴᠦ ︽ᠰᠤᠯᠠ ᠪᠠᠶᠢᠭ᠎ᠠ︾ ᠭᠡᠷ ᠪᠠᠶᠢᠰᠢᠩ ᠢ ᠮᠠᠭᠠᠳᠯᠠᠨ ᠲᠣᠭᠲᠠᠭᠠᠬᠤ ᠲᠠᠯ᠎ᠠ ᠪᠠᠷ᠂ ᠠᠳᠠᠯ ᠠᠬᠤᠢ ᠪᠠ | ᠥᠮᠴᠢᠲᠡᠨ ᠶᠡᠷᠦ ᠨᠢ ᠬᠤᠪᠢ ᠬᠤᠪᠢᠨ ᠤ ᠪᠠᠨ ᠰᠠᠨᠠᠯ ᠢ ᠪᠠᠷᠢᠮᠲᠠᠯᠠᠳᠠᠭ᠂ ᠵᠠᠷᠢᠮ ᠤᠷᠤᠨ ᠰᠠᠭᠤᠴᠠ ᠶᠢᠨ | ᠲᠣᠭᠤᠷᠢᠭ ᠲᠤ ︽ᠮᠠᠷᠭᠤᠯᠳᠤᠭᠠᠨ︾ ᠪᠣᠯᠵᠤ ᠬᠤᠪᠢᠷᠠᠳᠠᠭ᠃ | ᠡᠨᠡ ᠵᠢᠯ ᠤᠨ ᠡᠬᠢᠨ ᠳᠤ᠂ ᠯᠠᠨᠵᠧᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ︽ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ | ᠬᠤᠷᠢᠶᠠᠬᠤ ᠬᠠᠮᠢᠶᠠᠷᠤᠯᠲᠠ ᠶᠢᠨ ᠨᠠᠷᠢᠨ ᠳᠦᠷᠢᠮ︾ ᠳᠤ᠄ ︽ᠰᠤᠯᠠ ᠪᠠᠶᠢᠭ᠎ᠠ︾ ᠭᠡᠷ ᠪᠠᠶᠢᠰᠢᠩ ᠢ ᠮᠠᠭᠠᠳᠯᠠᠨ | ᠲᠣᠭᠲᠠᠭᠠᠬᠤ ᠪᠠᠷᠢᠮᠵᠢᠶ᠎ᠠ ᠶᠢ ︽ᠤᠰᠤ᠂ ᠴᠠᠬᠢᠯᠭᠠᠨ᠂ ᠰᠢᠲᠠᠮᠠᠬᠠᠢ ᠬᠡᠢ ᠶᠢ 6 ᠰᠠᠷ᠎ᠠ ᠳᠠᠷᠠᠭᠠᠯᠠᠨ ᠬᠡᠷᠡᠭᠯᠡᠭᠰᠡᠨ | ᠦᠭᠡᠢ ᠮᠥᠷᠲᠡᠭᠡᠨ ᠭᠡᠷ ᠪᠠᠶᠢᠰᠢᠩ ᠢᠶᠠᠨ ᠵᠠᠰᠠᠵᠤ ᠴᠢᠮᠡᠭᠯᠡᠭᠰᠡᠨ ᠦᠭᠡᠢ ᠪᠤᠶᠤ ᠲᠦᠷᠢᠶᠡᠰᠦᠯᠡᠭᠦᠯᠦᠭᠰᠡᠨ ᠦᠭᠡᠢ | ᠪᠠᠶᠢᠬᠤ ᠬᠡᠷᠡᠭᠲᠡᠢ︾ ᠭᠡᠵᠦ ᠣᠨᠴᠠᠭᠠᠶᠢᠯᠠᠨ ᠴᠢᠬᠤᠯᠠᠴᠢᠯᠠᠪᠠ᠃ | ᠯᠠᠨᠵᠧᠦ ᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠵᠢᠯᠤᠭᠤᠳᠬᠤ ᠲᠥᠪ ᠤᠨ ᠳᠡᠳ᠋ ᠡᠷᠬᠢᠯᠡᠭᠴᠢ | ᠬᠤ᠋ ᠯᠢ ᠬᠤᠩ ᠵᠠᠭᠤᠴᠢᠯᠠᠭᠤᠷ ᠤᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠠᠳᠠᠯ ᠠᠬᠤᠢ ᠨᠢ ᠮᠥᠨ ᠬᠦ ᠰᠤᠯᠠ | ᠪᠠᠶᠢᠭ᠎ᠠ ᠭᠡᠷ ᠪᠠᠶᠢᠰᠢᠩ ᠤᠨ ᠰᠠᠭᠤᠷᠢ ᠦᠢᠯᠡᠴᠢᠯᠡᠭᠡ ᠶᠢ ᠪᠠᠲᠤᠯᠠᠬᠤ ᠬᠡᠷᠡᠭᠲᠡᠢ᠂ ᠵᠢᠱᠢᠶᠡᠯᠡᠪᠡᠯ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ ᠤᠰᠤᠨ ᠬᠤᠭᠤᠯᠠᠢ ᠶᠢᠨ ᠳᠡᠯᠪᠡᠷᠡᠯᠲᠡ ᠶᠢ ᠰᠡᠷᠭᠡᠶᠢᠯᠡᠬᠦ᠂ ᠤᠷᠤᠨ | ᠰᠠᠭᠤᠴᠠ ᠶᠢᠨ ᠲᠣᠭᠤᠷᠢᠭ ᠤᠨ ᠣᠯᠠᠨ ᠨᠡᠶᠢᠲᠡ ᠶᠢᠨ ᠲᠥᠬᠦᠭᠡᠷᠦᠮᠵᠢ ᠶᠢ ᠬᠠᠮᠠᠭᠠᠯᠠᠬᠤ ᠵᠡᠷᠭᠡ ᠪᠣᠯᠣᠨ᠎ᠠ᠂ | ᠡᠶᠢᠮᠦ ᠠᠴᠠ 70% ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ ᠥᠮᠴᠢᠲᠡᠨ ᠤ ᠳᠠᠷᠤᠭᠠᠰᠤ ᠶᠢ ᠬᠥᠩᠭᠡᠯᠡᠬᠦ ᠪᠠᠷ | ᠪᠠᠷᠠᠬᠤ ᠦᠭᠡᠢ ᠠᠳᠠᠯ ᠠᠬᠤᠢ ᠶᠢᠨ ᠦᠨᠳᠦᠰᠦᠨ ᠡᠵᠡᠩᠨᠡᠯᠲᠡ ᠶᠢ ᠴᠦ ᠪᠠᠲᠤᠯᠠᠵᠤ ᠴᠢᠳᠠᠨ᠎ᠠ ᠭᠡᠵᠡᠢ᠃ | ᠬᠤ᠋ ᠯᠢ ᠬᠤᠩ ᠤᠯᠠᠮ ᠨᠢᠭᠡ ᠠᠯᠬᠤᠮ ᠲᠠᠶᠢᠯᠪᠤᠷᠢᠯᠠᠬᠤ ᠳᠠᠭᠠᠨ᠂ ᠯᠠᠨᠵᠧᠦ ᠶᠢᠨ ᠨᠢᠭᠡᠨ ᠤᠷᠤᠨ | ᠰᠠᠭᠤᠴᠠ ᠶᠢᠨ ᠲᠣᠭᠤᠷᠢᠭ ᠢᠶᠠᠷ ᠵᠢᠱᠢᠶᠡᠯᠡᠪᠡᠯ᠂ ᠨᠢᠭᠡ ᠢᠵᠢ 100 ᠲᠡᠭᠰᠢ ᠳᠥᠷᠪᠡᠯᠵᠢᠨ ᠮᠧᠲᠷ ᠤᠨ ᠰᠤᠯᠠ | ᠪᠠᠶᠢᠭ᠎ᠠ ᠭᠡᠷ ᠪᠠᠶᠢᠰᠢᠩ ᠤᠨ ᠤᠤᠯ ᠤᠨ ᠠᠳᠠᠯ ᠠᠬᠤᠢ ᠶᠢᠨ ᠵᠠᠷᠤᠳᠠᠯ ᠨᠢ ᠰᠠᠷ᠎ᠠ ᠪᠦᠷᠢ 2.5 ᠲᠥᠭᠦᠷᠢᠭ \ ᠲᠡᠭᠰᠢ | ᠳᠥᠷᠪᠡᠯᠵᠢᠨ ᠮᠧᠲᠷ᠂ ᠵᠢᠯ ᠤᠨ ᠲᠤᠰᠢᠶᠠᠬᠤ ᠵᠠᠷᠤᠳᠠᠯ ᠨᠢ 3000 ᠲᠥᠭᠦᠷᠢᠭ ᠪᠠᠶᠢᠭᠰᠠᠨ ᠠᠴᠠ ᠪᠠᠨ 2100 | ᠲᠥᠭᠦᠷᠢᠭ ᠪᠣᠯᠵᠤ ᠪᠠᠭᠤᠷᠠᠪᠠ᠂ ᠠᠷᠪᠢᠯᠠᠵᠤ ᠭᠠᠷᠭᠠᠭᠰᠠᠨ 900 ᠲᠥᠭᠦᠷᠢᠭ ᠨᠢ ᠭᠡᠷ ᠪᠦᠯᠢ ᠶᠢᠨ ᠬᠠᠭᠠᠰ ᠵᠢᠯ ᠤᠨ | ᠤᠰᠤ ᠴᠠᠬᠢᠯᠭᠠᠨ ᠤ ᠵᠠᠷᠤᠳᠠᠯ ᠢ ᠲᠥᠯᠥᠵᠦ ᠭᠦᠢᠴᠡᠨ᠎ᠡ ᠭᠡᠵᠡᠢ᠃ | ︽ᠰᠤᠯᠠ ᠪᠠᠶᠢᠭ᠎ᠠ ᠭᠡᠷ ᠪᠠᠶᠢᠰᠢᠩ ᠤᠨ ᠠᠳᠠᠯ ᠠᠬᠤᠢ ᠶᠢᠨ ᠰᠦᠢᠳᠭᠡᠯ ᠢ ᠪᠠᠭᠤᠷᠠᠭᠤᠯᠤᠭᠰᠠᠨ︾ ᠨᠢ ᠠᠳᠠᠯ | ᠠᠬᠤᠢ ᠶᠢᠨ ᠬᠡᠯᠪᠡᠷᠢ ᠬᠤᠪᠢᠷᠠᠭᠤᠯᠤᠨ ᠲᠠᠰ ᠳᠡᠪᠰᠢᠭᠦᠯᠬᠦ ᠶᠢ ᠭᠡᠳᠡᠷᠭᠦ ᠪᠠᠨ ᠰᠢᠬᠠᠮᠳᠠᠭᠤᠯᠵᠤ ᠪᠠᠶᠢᠨ᠎ᠠ | ︽ᠰᠤᠯᠠ ᠪᠠᠶᠢᠭ᠎ᠠ ᠭᠡᠷ ᠪᠠᠶᠢᠰᠢᠩ ᠤᠨ ᠠᠳᠠᠯ ᠠᠬᠤᠢ ᠶᠢᠨ ᠰᠦᠢᠳᠭᠡᠯ ᠢ ᠬᠢᠮᠳᠠᠷᠠᠭᠤᠯᠵᠤ ᠪᠠᠶᠢᠨ᠎ᠠ︾᠂ | ᠭᠠᠭᠴᠠ ᠯᠠᠨᠵᠧᠦ ᠶᠢᠨ ᠬᠢᠨ ᠪᠢᠰᠢ᠃ ᠡᠨᠡ ᠵᠢᠯ ᠤᠨ 2 ᠳ᠋ᠤᠭᠠᠷ ᠰᠠᠷ᠎ᠠ ᠳᠤ᠂ ᠬᠤᠨᠠᠨ ᠮᠤᠵᠢ ᠶᠢᠨ ᠴᠠᠩᠱᠠ ᠬᠤᠲᠠ | ᠮᠡᠳᠡᠭᠳᠡᠯ ᠨᠡᠶᠢᠲᠡᠯᠡᠵᠦ᠂ 3 ᠳ᠋ᠤᠠᠭᠷ ᠰᠠᠷ᠎ᠠ ᠶᠢᠨ 1 ᠤ ᠡᠳᠦᠷ ᠠᠴᠠ ᠡᠬᠢᠯᠡᠨ᠂ ᠨᠢᠭᠡᠨᠲᠡ ᠭᠡᠷ ᠪᠠᠶᠢᠰᠢᠩ ᠲᠤᠰᠢᠶᠠᠬᠤ | ᠭᠠᠷ ᠭᠦᠢᠴᠡᠳᠬᠡᠯ ᠬᠢᠭᠰᠡᠨ ᠪᠣᠯᠪᠠᠴᠤ ᠣᠷᠣᠵᠤ ᠰᠠᠭᠤᠭ᠎ᠠ ᠦᠭᠡᠢ ᠪᠤᠶᠤ ᠬᠡᠷᠡᠭᠯᠡᠭᠡᠳᠦᠢ ᠰᠤᠯᠠ ᠪᠠᠶᠢᠭ᠎ᠠ ᠭᠡᠷ | ᠪᠠᠶᠢᠰᠢᠩ ᠳᠤ ᠴᠢᠭᠯᠡᠭᠦᠯᠦᠨ᠂ ᠠᠳᠠᠯ ᠠᠬᠤᠢ ᠶᠢᠨ ᠰᠦᠢᠳᠬᠡᠯ ᠲᠤᠰᠢᠶᠠᠬᠤ ᠳᠤ ᠱᠠᠲᠤᠯᠢᠭ ᠬᠠᠷᠠᠭᠠᠯᠵᠠᠯ | ᠦᠵᠡᠭᠦᠯᠦᠨ᠎ᠡ᠃ ᠭᠡᠷ ᠪᠠᠶᠢᠰᠢᠩ ᠲᠤᠰᠢᠶᠠᠭᠰᠠᠨ ᠤ ᠳᠠᠷᠠᠭ᠎ᠠ ᠰᠠᠷ᠎ᠠ ᠠᠴᠠ ᠡᠬᠢᠯᠡᠨ 24 ᠰᠠᠷ᠎ᠠ ᠦᠷᠭᠦᠯᠵᠢᠯᠡᠨ | ᠰᠤᠯᠠ ᠪᠠᠶᠢᠭ᠎ᠠ ᠭᠡᠷ ᠪᠠᠶᠢᠰᠢᠩ ᠰᠦᠢᠳᠬᠡᠯ ᠬᠤᠷᠢᠶᠠᠬᠤ ᠪᠠᠷᠢᠮᠵᠢᠶ᠎ᠠ ᠶᠢᠨ 70% ᠪᠠᠷ ᠲᠤᠰᠢᠶᠠᠨ᠎ᠠ︔ 25 ᠳ᠋ᠤᠭᠠᠷ | ᠰᠠᠷ᠎ᠠ ᠠᠴᠠ ᠡᠬᠢᠯᠡᠨ 90% ᠪᠠᠷ ᠲᠤᠰᠢᠶᠠᠨ᠎ᠠ ᠭᠡᠵᠡᠢ᠃ | ᠠᠳᠠᠯᠢ ᠬᠤᠭᠤᠴᠠᠭᠠᠨ ᠳᠤ᠂ ᠵᠢᠶᠠᠩᠰᠤ ᠮᠤᠵᠢ ᠶᠢᠨ ᠵᠧᠨᠵᠢᠶᠠᠩ ᠬᠤᠲᠠ ᠪᠠᠰᠠ ᠲᠣᠳᠣᠷᠬᠠᠢ ᠲᠣᠭᠲᠠᠭᠠᠭᠰᠠᠨ | ᠨᠢ᠂ ᠵᠠᠯᠭᠠᠭᠠᠪᠡᠷ 6 ᠰᠠᠷ᠎ᠠ ᠠᠴᠠ ᠳᠡᠭᠡᠭᠰᠢ ᠰᠤᠯᠠ ᠪᠠᠶᠢᠭ᠎ᠠ ᠣᠷᠣᠨ ᠰᠠᠭᠤᠴᠠ ᠶᠢ ᠥᠮᠴᠢᠲᠡᠨ ᠠᠴᠠ ᠪᠢᠴᠢᠭ ᠢᠶᠠᠷ | ᠮᠡᠳᠡᠭᠳᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠨᠤᠲᠠᠯᠠᠭᠤᠯᠤᠭᠰᠠᠨ ᠤ ᠳᠠᠷᠠᠭ᠎ᠠ᠂ | ᠰᠤᠯᠠ ᠪᠠᠶᠢᠭ᠎ᠠ ᠣᠷᠣᠨ ᠰᠠᠭᠤᠴᠠ ᠶᠢᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠦᠢᠳᠬᠡᠯ ᠢ ᠲᠣᠭᠲᠠᠭᠠᠭᠰᠠᠨ ᠪᠠᠷᠢᠮᠵᠢᠶ᠎ᠠ ᠶᠢᠨ 70% ᠪᠠᠷ ᠲᠤᠰᠢᠶᠠᠨ᠎ᠠ᠃ ᠬᠤᠭᠤᠰᠤᠨ | ᠲᠠᠯᠪᠢᠭᠠᠳ 24 ᠰᠠᠷ᠎ᠠ ᠬᠡᠲᠦᠷᠡᠭᠰᠡᠨ ᠢ ᠨᠢ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠨ᠎ᠠ᠂ | ᠵᠥᠪᠳᠡᠯᠴᠡᠭᠰᠡᠨ ᠦᠭᠡᠢ ᠪᠤᠶᠤ ᠰᠠᠨᠠᠯ ᠨᠢᠭᠡᠳᠦᠭᠰᠡᠨ ᠦᠭᠡᠢ ᠪᠠᠶᠢᠪᠠᠯ᠂ ᠦᠷᠭᠦᠯᠵᠢᠯᠡᠨ ᠲᠣᠭᠲᠠᠭᠠᠭᠰᠠᠨ | ᠪᠠᠷᠢᠮᠵᠢᠶ᠎ᠠ ᠶᠢᠨ 70% ᠪᠠᠷ ᠲᠤᠰᠢᠶᠠᠨ᠎ᠠ᠃ | ᠵᠠᠷᠢᠮ ᠪᠦᠷᠢᠳᠬᠡᠯ ᠠᠴᠠ ᠦᠵᠡᠪᠡᠯ᠂ ᠣᠳᠣᠬᠠᠨ ᠳᠤ ᠪᠥᠬᠦ ᠤᠯᠤᠰ ᠲᠤ ᠨᠢᠭᠡᠨᠲᠡ 10 ᠭᠠᠷᠤᠢ ᠬᠤᠲᠠ ᠰᠤᠯᠠ | ᠪᠠᠶᠢᠭ᠎ᠠ ᠭᠡᠷ ᠪᠠᠶᠢᠰᠢᠩ ᠤᠨ ᠠᠳᠠᠯ ᠠᠬᠤᠢ ᠶᠢᠨ ᠰᠦᠢᠳᠬᠡᠯ ᠤᠨ ᠦᠨ᠎ᠡ ᠶᠢ ᠪᠠᠭᠤᠷᠠᠭᠤᠯᠬᠤ ᠡᠩᠨᠡᠭᠡᠨ ᠳᠤ | ᠣᠷᠣᠭᠰᠠᠨ ᠪᠠᠶᠢᠨ᠎ᠠ᠂ ᠭᠡᠬᠦ ᠳᠡᠭᠡᠨ ᠬᠠᠮᠤᠭ ᠤᠨ ᠶᠡᠭᠡ ᠬᠢᠮᠳᠠᠷᠠᠯ ᠲᠠᠢ ᠨᠢ ᠭᠠᠨᠰᠤ ᠶᠢᠨ ᠯᠠᠨᠵᠧᠦ ᠶᠢᠨ ᠰᠢᠨ᠎ᠡ | ᠲᠣᠭᠤᠷᠢᠭ ᠪᠣᠯᠣᠨ᠎ᠠ᠄ ᠵᠠᠯᠭᠠᠭᠠᠪᠡᠷ 6 ᠰᠠᠷ᠎ᠠ ᠠᠴᠠ ᠳᠡᠭᠡᠭᠰᠢ ᠰᠤᠯᠠ ᠪᠠᠶᠢᠭ᠎ᠠ ᠣᠷᠣᠨ ᠰᠠᠭᠤᠴᠠ ᠶᠢᠨ | ᠭᠤᠶᠤᠴᠢᠯᠠᠯ ᠢᠶᠠᠷ ᠪᠠᠲᠤᠯᠠᠭᠤᠯᠤᠭᠰᠠᠨ ᠪᠠᠶᠢᠪᠠᠯ ᠠᠳᠠᠯ ᠠᠬᠤᠢ ᠶᠢᠨ ᠰᠦᠢᠳᠬᠡᠯ ᠢ 50% ᠪᠠᠷ ᠬᠤᠷᠢᠶᠠᠨ᠎ᠠ᠃ | ︽ᠰᠤᠯᠠ ᠪᠠᠶᠢᠭ᠎ᠠ ᠣᠷᠣᠨ ᠰᠠᠭᠤᠴᠠ ᠶᠢ ᠬᠢᠮᠳᠠᠷᠠᠭᠤᠯᠤᠭᠰᠠᠨ︾ ᠠᠴᠠ ᠪᠣᠯᠤᠭᠰᠠᠨ ᠨᠢᠭᠡᠨ ᠶᠡᠭᠡ ᠨᠥᠯᠥᠭᠡ | ᠪᠤᠯ ᠠᠳᠠᠯ ᠠᠬᠤᠢ ᠶᠢᠨ ᠠᠵᠤ ᠠᠬᠤᠶᠢᠯᠠᠯ ᠤᠨ ᠣᠷᠣᠯᠭ᠎ᠠ ᠪᠠᠭᠠᠰᠤᠭᠰᠠᠨ ᠶᠠᠪᠤᠳᠠᠯ ᠪᠤᠯᠤᠨ᠎ᠠ᠃ ᠡᠶᠢᠮᠦ | ᠪᠠᠶᠢᠳᠠᠯ ᠤᠨ ᠳᠣᠣᠷ᠎ᠠ᠂ ᠵᠠᠷᠢᠮ ᠠᠳᠠᠯ ᠠᠬᠤᠢ ᠶᠢᠨ ᠠᠵᠤ ᠠᠬᠤᠶᠢᠯᠠᠯ ᠤᠳ ︽ᠤᠷᠠᠨ ᠠᠷᠭ᠎ᠠ︾ ᠪᠠᠷ | ᠡᠵᠡᠩᠨᠡᠯᠲᠡ ᠶᠢᠨ ᠳᠠᠷᠤᠯᠲᠠ ᠶᠢ ᠬᠥᠩᠭᠡᠷᠡᠭᠦᠯᠵᠦ ᠪᠠᠶᠢᠨ᠎ᠠ᠃ | ᠯᠠᠨᠵᠧᠦ ᠶᠢᠨ ᠰᠢᠨ᠎ᠡ ᠲᠣᠭᠤᠷᠢᠭ ᠤᠨ ᠨᠢᠭᠡᠨ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠰᠤᠯᠠ ᠪᠠᠶᠢᠭ᠎ᠠ ᠭᠡᠷ ᠪᠠᠶᠢᠰᠢᠩ ᠢ ᠲᠠᠪᠤ ᠪᠠᠷ ᠨᠤᠭᠤᠯᠤᠨ ᠪᠤᠳᠤᠬᠤ ᠲᠥᠷᠥ ᠶᠢᠨ ᠪᠣᠳᠣᠯᠭ᠎ᠠ | ᠨᠢ ᠺᠣᠮᠫᠠᠨᠢ ᠶᠢᠨ ᠵᠢᠯ ᠤᠨ ᠣᠷᠣᠯᠭ᠎ᠠ ᠶᠢ 15% ᠪᠠᠷ ᠬᠠᠰᠤᠭᠳᠠᠭᠤᠯᠵᠤ᠂ ︽ᠭᠡᠳᠡᠷᠭᠦ ᠪᠠᠨ ᠪᠢᠳᠡᠨ ᠢ | ᠮᠡᠷᠭᠡᠵᠢᠯ ᠢᠶᠠᠷ ᠦᠷ᠎ᠡ ᠪᠦᠲᠦᠮᠵᠢ ᠣᠯᠬᠤ ᠶᠢ ᠰᠢᠬᠠᠮᠳᠠᠭᠤᠯᠵᠤ ᠪᠠᠶᠢᠨ᠎ᠠ︾ ᠭᠡᠵᠡᠢ᠃ ᠲᠣᠰ ᠺᠣᠮᠫᠠᠨᠢ ᠣᠶᠤᠨᠲᠤ | ᠲᠣᠭᠤᠷᠢᠨ ᠪᠠᠶᠢᠴᠠᠭᠠᠬᠤ ᠮᠠᠰᠢᠨ ᠬᠥᠮᠥᠨ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠬᠠᠮᠢᠶᠠᠷᠤᠯᠲᠠ ᠶᠢᠨ | ᠲᠠᠰ ᠳᠠᠪᠬᠤᠷᠭ᠎ᠠ ᠶᠢ ᠪᠠᠭᠠᠰᠬᠠᠵᠤ᠂ ᠬᠥᠮᠥᠨ ᠤ ᠬᠦᠴᠦᠨ ᠤ ᠥᠪᠡᠷ ᠤᠨ ᠥᠷᠲᠡᠭ ᠢ 10% ᠪᠠᠷ ᠪᠠᠭᠤᠷᠠᠭᠤᠯᠪᠠ᠃ | | ᠪᠠᠰᠠ ᠠᠳᠠᠯ ᠠᠬᠤᠢ ᠶᠢᠨ ᠠᠵᠤ ᠠᠬᠤᠶᠢᠯᠠᠯ ᠠᠷᠭ᠎ᠠ ᠪᠣᠳᠣᠯᠭ᠎ᠠ ᠪᠠᠨ ᠬᠤᠪᠢᠷᠠᠭᠤᠯᠵᠤ᠂ ︽ | ᠦᠢᠯᠡᠴᠢᠯᠡᠭᠡ ᠪᠠᠷ ᠨᠡᠷ᠎ᠡ ᠬᠦᠨᠳᠦ ᠪᠠᠨ ᠰᠣᠯᠢᠵᠤ︾᠂ ᠥᠮᠴᠢᠲᠡᠨ ᠢ ᠰᠦᠢᠳᠭᠡᠯ ᠲᠤᠰᠢᠶᠠᠭᠰᠠᠨ ᠦᠨ᠎ᠡ ᠥᠷᠲᠡᠭ ᠢ | ᠮᠡᠳᠡᠷᠡᠭᠦᠯᠵᠦ ᠪᠠᠶᠢᠨ᠎ᠠ᠃ ᠯᠠᠨᠵᠧᠦ ᠶᠢᠨ ᠴᠢ ᠯᠢ ᠾᠧ ᠲᠣᠭᠤᠷᠢᠭ ᠤᠨ ᠨᠢᠭᠡᠨ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠠᠳᠠᠯ ᠠᠬᠤᠢ ᠶᠢᠨ ᠰᠦᠢᠳᠬᠡᠯ ᠤᠨ ᠦᠨ᠎ᠡ ᠶᠢ ᠪᠠᠭᠤᠷᠠᠭᠤᠯᠤᠭᠰᠠᠨ ᠦᠭᠡᠢ ᠪᠣᠯᠪᠠᠴᠤ ᠠᠷᠠᠳ ᠲᠤ | ᠲᠦᠬᠦᠮ ᠦᠵᠡᠭᠦᠯᠬᠦ ᠦᠢᠯᠡᠴᠢᠯᠡᠭᠡ ᠶᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ | ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠭᠰᠡᠨ ᠪᠥᠭᠡᠳ ᠤᠯᠠᠷᠢᠯ ᠪᠦᠷᠢ ᠳᠤ ᠴᠠᠬᠢᠯᠭᠠᠨ ᠱᠠᠲᠤ ᠶᠢᠨ ᠵᠠᠷ ᠤᠨ ᠠᠰᠢᠭ | ᠣᠷᠣᠯᠭ᠎ᠠ ᠶᠢ ᠨᠡᠶᠢᠲᠡ ᠳᠤ ᠨᠣᠭᠳᠠᠭᠤᠯᠬᠤ ᠰᠦᠢᠳᠬᠡᠯ ᠢ ᠲᠤᠯᠭᠠᠨ ᠬᠠᠰᠤᠵᠤ᠂ ᠥᠮᠴᠢᠲᠡᠨ ᠤ ᠬᠠᠨᠤᠮᠵᠢ ᠶᠢᠨ | ᠬᠡᠮᠵᠢᠶ᠎ᠡ ᠶᠢ 30% ᠪᠠᠷ ᠳᠡᠭᠡᠭᠰᠢᠯᠡᠭᠦᠯᠪᠡ᠃ | ᠪᠠᠰᠠ ᠵᠠᠷᠢᠮ ᠠᠳᠠᠯ ᠠᠬᠤᠢ ᠶᠢᠨ ᠠᠵᠤ ᠠᠬᠤᠶᠢᠯᠠᠯ ᠤᠳ ᠨᠡᠶᠢᠭᠡᠮ ᠲᠣᠭᠤᠷᠢᠭ ᠤᠨ ᠬᠤᠭᠤᠯᠠᠨ ᠭᠡᠷ | ᠡᠷᠬᠢᠯᠡᠵᠦ ᠪᠠᠶᠢᠨ᠎ᠠ᠃ ᠭᠠᠨ ᠵᠢᠶᠠᠨ ᠴᠧᠩ ᠹᠦ᠋ ᠪᠦᠯᠦᠭᠯᠡᠯ ᠤᠨ ᠯᠠᠨᠵᠧᠦ ᠺᠣᠮᠫᠠᠨᠢ ᠠᠳᠠᠯ ᠠᠬᠤᠢ + ᠨᠠᠰᠤᠵᠢᠯ ᠤᠨ | ᠠᠰᠠᠷᠠᠮᠵᠢ ᠶᠢᠨ ᠲᠤᠷᠰᠢᠯᠲᠠ ᠶᠢᠨ ᠴᠡᠭ ᠢᠶᠠᠷ ᠳᠡᠮᠵᠢᠨ᠂ ᠡᠩ ᠤᠨ ᠦᠨ᠎ᠡ᠂ ᠥᠴᠥᠬᠡᠨ ᠠᠰᠢᠭ᠂ ᠴᠢᠨᠠᠷ ᠰᠠᠶᠢᠲᠠᠢ | ᠵᠠᠮ ᠢᠶᠠᠷ ᠵᠠᠮᠨᠠᠪᠠ᠃ ᠯᠠᠨᠵᠧᠦ ᠶᠢᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠯᠢ ᠮᠢᠨ ᠪᠦᠯᠦᠭᠯᠡᠯ ᠤᠨ ᠠᠳᠠᠯ | ᠠᠬᠤᠢ ᠶᠢᠨ ᠺᠤᠮᠫᠠᠨᠢ ᠰᠠᠨ ᠢ ᠵᠢᠶᠠᠨ ᠶᠧ ᠠᠷᠠᠳ ᠲᠤ ᠠᠰᠢᠭ ᠬᠦᠷᠳᠡᠭᠡᠬᠦ ᠢᠳᠡᠭᠡᠨ ᠤᠮᠳᠠᠭᠠᠨ ᠤ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠡᠯ᠎ᠡ ᠠᠳᠠᠯ ᠠᠬᠤᠢ ᠶᠢᠨ ᠤᠷᠤᠨ ᠰᠠᠭᠤᠴᠠ ᠶᠢᠨ | ᠲᠣᠭᠤᠷᠢᠭ ᠲᠤ ︽ᠰᠠᠨ ᠢ ᠨᠡᠶᠢᠭᠡᠮ ᠲᠣᠭᠤᠷᠢᠭ ᠤᠨ ᠶᠡᠭᠡ ᠬᠤᠭᠤᠯᠠᠨ ᠭᠡᠷ︾ ᠢ ᠭᠤᠣᠯᠯᠠᠨ ᠡᠷᠬᠢᠯᠡᠪᠡ᠃ | ᠯᠠᠨᠵᠧᠦ ᠶᠢᠨ ᠰᠢᠨ᠎ᠡ ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠷᠦᠢ | ᠯᠢᠩ ᠠᠳᠠᠯ ᠠᠬᠤᠢ ᠶᠢᠨ ᠠᠵᠦ ᠠᠬᠤᠶᠢᠯᠠᠯ ᠨᠡᠶᠢᠭᠡᠮ ᠲᠣᠭᠤᠷᠢᠭ ᠤᠨ ᠶᠡᠭᠡ ᠬᠤᠭᠤᠯᠠᠨ ᠭᠡᠷ ᠡᠷᠬᠢᠯᠡᠵᠦ᠂ 4 ᠲᠦᠮᠡ | ᠭᠠᠷᠤᠢ ᠰᠠᠭᠤᠭᠠᠯᠢ ᠠᠷᠠᠳ ᠲᠤ ᠡᠩ ᠤᠨ ᠦᠨ᠎ᠡ ᠶᠢᠨ ᠬᠤᠭᠤᠯᠠ ᠬᠠᠩᠭᠠᠵᠤ᠂ ᠨᠠᠰᠤᠲᠠᠶᠢᠴᠤᠳ ᠤᠨ ᠪᠦᠯᠦᠭᠯᠡᠯ᠂ | ᠰᠤᠷᠤᠬᠴᠢ ᠪᠣᠯᠣᠨ ᠠᠵᠢᠯᠯᠠᠵᠤ ᠪᠠᠶᠢᠭ᠎ᠠ ᠬᠥᠮᠥᠰ ᠤᠨ ︽ᠬᠤᠭᠤᠯᠠ ᠢᠳᠡᠬᠦ ᠳᠤ ᠬᠦᠴᠢᠷᠲᠡᠢ︾᠂ ︽ᠬᠤᠭᠤᠯᠠ | ᠢᠳᠡᠬᠦ ᠳᠤ ᠦᠨᠡᠲᠡᠢ︾ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠡᠳᠡᠭᠡᠷ ᠨᠡᠶᠢᠭᠡᠮ ᠲᠣᠭᠤᠷᠢᠭ ᠤᠨ | ᠬᠤᠭᠤᠯᠠᠨ ᠭᠡᠷ ᠨᠢ ᠥᠮᠴᠢᠲᠡᠨ ᠤ ᠬᠦᠷᠢᠶᠡᠯᠡᠯ ᠢ ᠣᠯᠵᠤ᠂ ᠠᠳᠠᠯ ᠠᠬᠤᠢ ᠶᠢᠨ ᠠᠵᠤ ᠠᠬᠤᠶᠢᠯᠠᠯ ᠳᠤ ᠴᠤ | ᠨᠡᠯᠢᠶᠡᠳ ᠶᠡᠭᠡ ᠣᠷᠣᠯᠭ᠎ᠠ ᠠᠪᠴᠢᠷᠠᠵᠤ ᠥᠭᠭᠦᠭᠰᠡᠨ ᠪᠠᠶᠢᠨ᠎ᠠ᠃ | ︽ᠵᠣᠭᠤᠰ ᠬᠤᠷᠢᠶᠠᠵᠤ ᠤᠴᠢᠷ ᠶᠠᠪᠤᠳᠠᠯ ᠭᠦᠢᠴᠡᠳᠭᠡᠬᠦ︾ ᠠᠴᠠ ᠪᠠᠨ ︽ᠦᠢᠯᠡᠴᠢᠯᠡᠭᠡ ᠪᠠᠷ ᠣᠷᠣᠯᠭ᠎ᠠ | ᠨᠡᠮᠡᠭᠳᠡᠭᠦᠯᠬᠦ︾ ᠵᠦᠭ ᠰᠢᠯᠵᠢᠵᠡᠢ | ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠠᠳᠠᠯ ᠠᠬᠤᠢ ᠶᠢᠨ ᠵᠠᠷᠤᠳᠠᠯ ᠤᠨ ᠦᠨ᠎ᠡ ᠬᠠᠩᠰᠢ ᠶᠢᠨ | ᠰᠤᠯᠠᠷᠠᠯ ᠤᠨ ᠠᠷᠤ ᠳᠤ ᠠᠳᠠᠯ ᠠᠬᠤᠢ ᠶᠢᠨ ᠠᠵᠢᠯ ᠲᠥᠷᠥᠯ ᠤᠨ ᠬᠢᠨ ᠤ ᠡᠵᠡᠩᠨᠡᠯᠳᠡ ᠶᠢᠨ ᠲᠡᠰ ᠲᠡᠪᠰᠢᠭᠦᠯᠬᠦ | ᠶᠠᠪᠤᠳᠠᠯ ᠨᠢᠭᠤᠭᠳᠠᠵᠤ ᠪᠠᠶᠢᠨ᠎ᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠳᠤ ᠪᠥᠬᠦ | ᠤᠯᠤᠰ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ 37.5 ᠲᠦᠮᠡ ᠳᠤ ᠬᠦᠷᠴᠦ᠂ 2018 | ᠣᠨ ᠤ ᠬᠢ ᠠᠴᠠ 59.8% ᠪᠠᠷ ᠨᠡᠮᠡᠭᠳᠡᠪᠡ᠂ ᠠᠳᠠᠯᠢ ᠬᠤᠭᠤᠴᠠᠭᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ | ᠰᠢᠨ᠎ᠡ ᠪᠠᠷ ᠠᠵᠢᠯ ᠡᠬᠢᠯᠡᠭᠦᠯᠦᠭᠰᠡᠨ ᠲᠠᠯᠠᠪᠠᠶ ᠵᠠᠯᠭᠠᠭ᠎ᠠ ᠪᠠᠷ 5 ᠵᠢᠯ ᠪᠠᠭᠤᠷᠠᠵᠤ᠂ ᠠᠳᠠᠯ ᠠᠬᠤᠢ ᠶᠢᠨ ᠵᠠᠬ᠎ᠠ | ᠳᠡᠯᠭᠡᠭᠦᠷ ᠤᠨ ᠬᠠᠩᠭᠠᠯᠭ᠎ᠠ ᠨᠢ ᠬᠡᠷᠡᠭᠴᠡᠭᠡ ᠠᠴᠠ ᠪᠠᠨ ᠳᠠᠪᠠᠭᠰᠠᠨ ᠪᠠᠶᠢᠨ᠎ᠠ᠃ | ᠯᠠᠨᠵᠧᠦ ᠶᠢᠨ ᠨᠢᠭᠡᠨ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ᠄ ︽ᠥᠩᠭᠡᠷᠡᠭᠰᠡᠨ ᠳᠤ | ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠤ ︿ᠴᠢᠰᠤ ᠶᠡᠭᠦᠯᠡᠬᠦ﹀ ᠶᠢ ᠲᠦᠰᠢᠭᠯᠡᠪᠡᠯ ᠳᠠᠷᠤᠢ ᠠᠮᠢᠳᠤᠷᠠᠵᠤ᠂ ᠬᠡᠳᠦᠨ | ᠳᠡᠯᠭᠡᠭᠦᠷ ᠳᠠᠮᠵᠢᠭᠤᠯᠤᠨ ᠲᠦᠷᠢᠶᠡᠰᠦᠯᠡᠪᠡᠯ ᠳᠠᠷᠤᠢ ᠵᠣᠭᠤᠰ ᠣᠯᠵᠤ ᠪᠠᠶᠢᠵᠠᠢ᠂ ᠣᠳᠣ ᠡᠷᠬᠡᠪᠰᠢ ᠦᠢᠯᠡᠴᠢᠯᠡᠭᠡᠨ ᠤ | ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠲᠦᠰᠢᠭᠯᠡᠨ ᠵᠠᠬ᠎ᠠ ᠳᠡᠯᠭᠡᠭᠦᠷ ᠢ ᠪᠤᠯᠢᠶᠠᠯᠳᠤᠵᠤ᠂ ᠥᠮᠴᠢᠲᠡᠨ ᠤ ᠢᠲᠡᠭᠡᠯ ᠢ | ᠣᠯᠬᠤ ᠬᠡᠷᠡᠭᠲᠡᠢ ᠪᠣᠯᠵᠠᠢ︾ ᠭᠡᠵᠦ ᠰᠢᠭᠤᠳ ᠬᠡᠯᠡᠵᠡᠢ᠃ | ᠯᠠᠨᠵᠧᠦ ᠬᠤᠲᠠ ᠶᠢᠨ ᠠᠳᠠᠯ ᠠᠬᠤᠢ ᠶᠢᠨ ᠠᠵᠢᠯ ᠲᠥᠷᠥᠯ ᠤᠨ ᠨᠡᠶᠢᠭᠡᠮᠯᠢᠭ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ᠄ ︽ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠲᠤᠬᠠᠶᠢᠯᠠᠭᠰᠠᠨ ᠠᠵᠢᠯ ᠤᠨ ᠬᠦᠷᠢᠶ᠎ᠡ | ᠶᠢ ᠥᠷᠭᠡᠳᠬᠡᠬᠦ᠂ ᠦᠢᠯᠡᠴᠢᠯᠡᠭᠡᠨ ᠤ ᠵᠠᠭᠪᠤᠷ ᠢ ᠰᠢᠨᠡᠳᠬᠡᠬᠦ᠂ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠬᠤ ᠪᠠᠷ | ᠳᠠᠮᠵᠢᠭᠤᠯᠤᠨ ᠠᠳᠠᠯ ᠠᠬᠤᠢ ᠶᠢᠨ ᠠᠵᠤ ᠠᠬᠤᠶᠢᠯᠠᠯ ᠰᠠᠶ᠋ᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ ᠴᠢᠳᠠᠨ᠎ᠠ | ︾ ᠭᠡᠵᠦ ᠢᠯᠡᠷᠬᠡᠶᠢᠯᠡᠵᠡᠢ᠃ | ᠵᠠᠷᠢᠮ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠠᠳᠠᠯ ᠠᠬᠤᠢ ᠶᠢᠨ ᠵᠠᠷᠤᠳᠠᠯ ᠤᠨ ᠬᠢᠮᠳᠠᠷᠠᠯ ᠪᠣᠯ ᠵᠠᠬ᠎ᠠ | ᠳᠡᠯᠭᠡᠭᠦᠷ ᠤᠨ ᠵᠢᠮ᠎ᠡ ᠶᠣᠰᠣᠨ ᠤ ᠵᠠᠶᠢᠯᠠᠰᠢ ᠦᠭᠡᠢ ᠦᠷ᠎ᠡ ᠳ᠋ᠦᠩ ᠮᠥᠨ᠂ ᠥᠩᠭᠡᠷᠡᠭᠰᠡᠨ ᠤ ᠲᠡᠷᠡ ᠬᠦ ︽ᠶᠠᠰᠤ | ᠴᠢᠨᠠᠷ ᠪᠠ ᠦᠨ᠎ᠡ ᠬᠠᠩᠰᠢ ᠲᠣᠩᠭᠤᠷᠠᠬᠤ︾ ᠵᠥᠷᠢᠴᠡᠯ᠂ ᠠᠳᠠᠯ ᠠᠬᠤᠢ ᠪᠠ ᠥᠮᠴᠢᠲᠡᠨ ᠤ ᠲᠣᠰ ᠲᠣᠰ ᠤᠨ | ᠰᠠᠨᠠᠯ ᠢᠶᠠᠨ ᠪᠠᠷᠢᠮᠲᠠᠯᠠᠬᠤ ᠮᠠᠷᠭᠤᠯᠳᠤᠭᠠᠨ᠂ ︽ᠦᠨ᠎ᠡ ᠪᠠᠭᠤᠷᠠᠭᠤᠯᠪᠠᠯ ᠳᠠᠷᠤᠢ ᠶᠠᠰᠤ ᠴᠢᠨᠠᠷ ᠢ ᠪᠠᠭᠤᠷᠠᠭᠤᠯᠬᠤ︾ | ᠮᠠᠭᠤ ᠣᠷᠴᠢᠯ ᠤᠨ ᠲᠤᠬᠠᠢ ᠰᠠᠨᠠᠭᠠᠰᠢᠷᠠᠯ ᠢ ᠴᠥᠮ ᠦᠢᠯᠡᠴᠢᠯᠡᠭᠡᠨ ᠤ ᠶᠠᠰᠤ ᠴᠢᠨᠠᠷ ᠤᠨ ᠰᠢᠨ᠎ᠡ ᠦᠨᠡᠯᠡᠯᠲᠡ ᠶᠢᠨ | ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ ᠰᠢᠢᠳᠪᠦᠷᠢᠯᠡᠵᠦ᠂ ᠠᠳᠠᠯ ᠠᠬᠤᠢ ᠶᠢᠨ ᠦᠢᠯᠡᠴᠢᠯᠡᠭᠡ ᠶᠢ ︽ᠶᠠᠰᠤ | ᠴᠢᠨᠠᠷ ᠪᠠ ᠦᠨ᠎ᠡ ᠬᠠᠩᠰᠢ ᠶᠢ ᠲᠡᠩᠴᠡᠭᠦᠷᠢᠲᠡᠢ ᠪᠠᠶᠢᠯᠭᠠᠬᠤ︾ ᠶᠢ ᠪᠡᠶᠡᠯᠡᠭᠦᠯᠵᠦ ᠪᠣᠯᠣᠨ᠎ᠠ ᠭᠡᠵᠡᠢ᠃ | ᠣᠶᠢᠯᠠᠭᠠᠭᠰᠠᠨ ᠢᠶᠠᠷ᠂ ᠯᠠᠨᠵᠧᠦ ᠬᠤᠲᠠ ᠶᠢᠨ ᠬᠢᠨ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ | ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠳᠤ ᠣᠷᠣᠭᠤᠯᠬᠤ ᠶᠢ ᠰᠤᠳᠤᠯᠵᠤ ᠪᠠᠶᠢᠨ᠎ᠠ᠂ ᠳᠠᠭᠠᠭᠠᠴᠢᠯᠠᠯᠲᠠ ᠵᠠᠷᠯᠠᠬᠤ | ᠪᠠ ᠳᠠᠭᠠᠭᠠᠴᠢᠯᠠᠯᠲᠠ ᠬᠦᠯᠢᠶᠡᠬᠦ ᠬᠢᠷᠢ ᠬᠡᠮ ᠲᠠᠢ ᠬᠤᠯᠪᠣᠭᠳᠠᠭᠤᠯᠬᠤ ᠪᠠᠷ ᠳᠠᠮᠵᠢᠭᠤᠯᠤᠨ᠂ ︽ᠴᠢᠨᠠᠷ ᠰᠠᠶᠢᠲᠠᠢ ᠠᠵᠤ | ᠠᠬᠤᠶᠢᠯᠠᠯ ᠢ ᠬᠤᠬᠢᠷᠠᠯ ᠠᠮᠰᠠᠭᠤᠯᠬᠤ ᠦᠭᠡᠢ᠂ ᠥᠮᠴᠢᠲᠡᠨ ᠢ ᠬᠠᠭᠤᠷᠴᠤ ᠮᠡᠬᠡᠯᠡᠵᠦ ᠪᠠᠶᠢᠭ᠎ᠠ ︿ᠬᠡᠪᠲᠡᠭᠡ ᠪᠦᠯᠦᠭ﹀ | ᠢ ᠦᠯᠳᠡᠨ ᠭᠠᠷᠭᠠᠵᠤ᠂ ᠴᠢᠨᠠᠷ ᠰᠠᠶᠢᠲᠠᠢ ᠠᠳᠠᠯ ᠠᠬᠤᠢ ᠶᠢᠨ ᠠᠵᠤ ᠠᠬᠤᠶᠢᠯᠠᠯ ᠢ ᠡᠷᠡᠭᠦᠯ ᠢᠶᠠᠷ ᠬᠥᠭᠵᠢᠭᠦᠯᠦᠨ᠎ᠡ︾ | ᠃ | ᠲᠤᠰᠬᠠᠢ ᠮᠡᠷᠭᠡᠵᠢᠯᠲᠡᠨ ᠂ ᠰᠤᠯᠠ ᠪᠠᠶᠢᠭ᠎ᠠ ᠭᠡᠷ ᠪᠠᠶᠢᠰᠢᠩ ᠤᠨ ᠠᠳᠠᠯ ᠠᠬᠤᠢ ᠶᠢᠨ ᠰᠦᠢᠳᠭᠡᠯ ᠢ | ᠬᠢᠮᠳᠠᠷᠠᠭᠤᠯᠬᠤ ᠨᠢ ᠦᠨ᠎ᠡ ᠬᠠᠩᠰᠢ ᠶᠢ ᠨᠥᠯᠥᠭᠡᠯᠡᠬᠦ ᠪᠠᠷ ᠪᠠᠷᠠᠬᠤ ᠦᠭᠡᠢ᠂ ᠪᠠᠰᠠ ᠴᠤ ᠠᠵᠢᠯ ᠲᠥᠷᠥᠯ ᠤᠨ | ᠤᠯᠠᠮᠵᠢᠯᠠᠯᠲᠤ ᠳᠦᠷᠢᠮ ᠢ ᠨᠤᠷᠠᠭᠠᠬᠤ ᠶᠢ ᠨᠥᠯᠥᠭᠡᠯᠡᠬᠦ ᠪᠣᠯᠣᠨ᠎ᠠ᠃ ᠥᠮᠴᠢᠲᠡᠨ ︽ᠰᠠᠨᠠᠭᠠᠴᠢᠯᠠᠭ᠎ᠠ ᠦᠭᠡᠢ ᠪᠠᠷ | ᠰᠦᠢᠳᠬᠡᠯ ᠲᠤᠰᠢᠶᠠᠵᠤ︾ ᠪᠠᠶᠢᠭᠰᠠᠨ ᠠᠴᠠ ᠪᠠᠨ ︽ᠰᠠᠨᠠᠭᠠᠴᠢᠯᠠᠭ᠎ᠠ ᠲᠠᠢ ᠲᠤᠰᠢᠶᠠᠬᠤ︾ ᠪᠣᠯᠵᠤ᠂ ᠠᠳᠠᠯ | ᠠᠬᠤᠢ ᠶᠢᠨ ᠠᠵᠤ ᠠᠬᠤᠶᠢᠯᠠᠯ ᠤᠨ ︽ᠵᠣᠭᠤᠰ ᠬᠤᠷᠢᠶᠠᠵᠤ ᠠᠵᠢᠯ ᠶᠠᠪᠤᠳᠠᠯ ᠭᠦᠢᠴᠡᠳᠬᠡᠬᠦ︾ ᠪᠠᠶᠢᠭᠰᠠᠨ | ᠠᠴᠠ ᠪᠠᠨ ︽ᠦᠢᠯᠡᠴᠢᠯᠡᠭᠡ ᠪᠠᠷ ᠤᠷᠤᠯᠭ᠎ᠠ ᠪᠠᠨ ᠨᠡᠮᠡᠭᠳᠡᠭᠦᠯᠬᠦ︾ ᠪᠣᠯᠵᠤ ᠬᠤᠪᠢᠷᠠᠪᠠᠯ᠂ ᠲᠣᠰ ᠤᠳᠠᠭᠠᠨ ᠤ | ᠮᠥᠷᠥᠶᠢᠴᠡᠭᠡᠨ ᠨᠢ ᠨᠡᠶᠢᠭᠡᠮ ᠲᠣᠭᠤᠷᠢᠭ ᠤᠨ ᠵᠠᠰᠠᠯᠲᠠ ᠶᠢ ᠨᠠᠩ ᠢᠯᠡ ᠲᠣᠳᠣ᠂ ᠨᠠᠩ ᠵᠢᠷᠤᠮᠵᠢᠯ ᠲᠠᠢ ᠪᠣᠯᠭᠠᠬᠤ ᠶᠢ | ᠲᠦᠯᠬᠢᠨ ᠠᠬᠢᠭᠤᠯᠬᠤ ᠪᠣᠯᠣᠨ᠎ᠠ᠃ ᠯᠠᠨᠵᠧᠦ ᠳᠤ ᠠᠪᠴᠤ ᠬᠡᠯᠡᠪᠡᠯ᠂ ᠠᠳᠠᠯ ᠠᠬᠤᠢ ᠶᠢᠨ ᠰᠦᠢᠳᠭᠡᠯ ᠤᠨ ᠦᠨ᠎ᠡ ᠶᠢ | ᠪᠠᠭᠤᠷᠠᠭᠤᠯᠬᠤ ᠶᠠᠪᠤᠴᠠ ᠳᠤ ᠡᠩ ᠲᠡᠷᠢᠭᠦᠨ ᠳᠤ ᠰᠢᠢᠳᠪᠦᠷᠢᠯᠡᠵᠦ ᠳᠡᠶᠢᠯᠬᠦ ᠡᠰᠡᠬᠦ ᠨᠢ ᠥᠮᠴᠢᠲᠡᠨ ᠤ | ᠦᠨᠡᠯᠡᠯᠲᠡ ᠳᠤ ᠪᠠᠶᠢᠬᠤ ᠮᠠᠭᠠᠳ ᠦᠭᠡᠢ ᠭᠡᠵᠦ ᠵᠢᠭᠠᠨ ᠭᠠᠷᠭᠠᠪᠠ᠃ | ᠢᠷᠡᠯᠲᠡ᠄ ᠠᠵᠢᠯᠴᠢᠨ ᠤ ᠡᠳᠦᠷ ᠤᠨ ᠰᠣᠨᠢᠨ |