3 ᠳ᠋ᠤᠭᠠᠷ ᠰᠠᠷ᠎ᠠ ᠶᠢᠨ 26 ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ | ᠡᠪᠯᠡᠯ ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠰᠣᠶᠣᠯ ᠤᠨ ᠣᠷᠳᠣᠨ ᠤ ᠤᠯᠠᠨ ᠴᠢᠳᠠᠮᠵᠢᠲᠤ | ᠲᠢᠩᠬᠢᠮ ᠳᠤ ᠬᠤᠶᠠᠳᠤᠭᠠᠷ ᠬᠤᠭᠤᠴᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ ᠶᠢᠨ | ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠶᠠᠪᠤᠭᠤᠯᠵᠠᠢ᠃ | ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠵᠣᠷᠢᠯᠭ᠎ᠠ ᠪᠣᠯ ᠪᠣᠯᠪᠠᠰᠤᠷᠠᠯ ᠢᠶᠠᠷ ᠳᠡᠮᠵᠢᠨ ᠪᠦᠬᠦ | ᠰᠤᠷᠤᠭᠴᠢᠳ ᠢ ᠬᠢᠷᠢ ᠲᠡᠩᠴᠡᠭᠰᠡᠨ ᠪᠥᠭᠡᠳ ᠰᠢᠯᠢᠳᠡᠭ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ | ᠪᠣᠯᠭᠠᠬᠤ ᠶᠢᠨ ᠲᠥᠯᠥᠭᠡ ᠶᠤᠮ᠂ ᠭᠡᠷ ᠤᠨ ᠬᠥᠮᠥᠰ᠂ ᠬᠠᠮᠲᠤ ᠠᠵᠢᠯᠯᠠᠭᠰᠠᠳ᠂ ᠦᠢᠯᠡᠴᠢᠯᠡᠭᠡᠨ ᠤ ᠬᠠᠮᠲᠤᠯᠢᠭ ᠤᠨ | ᠰᠡᠳᠬᠢᠴᠡ ᠶᠢᠨ ᠡᠷᠡᠭᠦᠯ ᠮᠡᠨᠳᠦ ᠶᠢᠨ ᠲᠠᠯ᠎ᠠ ᠪᠠᠷ ᠬᠢ ᠵᠢᠯᠣᠭᠤᠳᠤᠯᠭ᠎ᠠ ᠪᠠᠨ ᠴᠢᠩᠭᠠᠳᠬᠠᠵᠤ᠂ ᠰᠡᠳᠬᠢᠴᠡ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠭᠴᠢ᠂ ᠵᠢᠱᠢᠶ᠎ᠡ ᠦᠵᠡᠭᠦᠯᠦᠭᠴᠢ᠂ ᠵᠢᠭᠠᠨ ᠵᠢᠯᠣᠭᠤᠳᠤᠭᠴᠢ᠂ | ᠠᠵᠢᠭᠯᠠᠭᠴᠢ ᠪᠣᠯᠵᠤ᠂ ᠰᠡᠳᠬᠢᠴᠡ ᠶᠢᠨ ᠦᠢᠯᠡᠴᠢᠯᠡᠭᠡ ᠬᠡᠷᠡᠭᠰᠡᠬᠦ ᠠᠵᠢᠯᠲᠠᠨ ᠠᠵᠢᠯᠴᠢᠨ ᠳᠤ ᠰᠡᠳᠬᠢᠴᠡ ᠶᠢᠨ | ᠦᠨᠡᠯᠡᠯᠲᠡ ᠬᠢᠵᠦ᠂ ᠪᠣᠳᠠᠲᠠᠢ ᠠᠰᠠᠭᠤᠳᠠᠯ ᠢ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠬᠠᠪᠰᠤᠷᠤᠨ | ᠰᠢᠢᠳᠪᠦᠷᠢᠯᠡᠵᠦ᠂ ᠠᠵᠢᠯᠲᠠᠨ ᠠᠵᠢᠯᠴᠢᠨ ᠰᠡᠳᠬᠢᠯ ᠬᠠᠨᠤᠮᠵᠢᠳᠠᠢ ᠠᠵᠢᠯᠯᠠᠵᠤ᠂ ᠪᠥᠬᠦ ᠲᠠᠯ᠎ᠠ ᠪᠠᠷ ᠬᠥᠭᠵᠢᠬᠦ ᠶᠢ | ᠠᠬᠢᠭᠤᠯᠤᠨ᠎ᠠ᠃ | | | | | ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠮᠠᠨ ᠤ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠢᠰᠲ᠋ᠧᠮ ᠤᠨ 60 ᠬᠥᠮᠥᠨ᠂ ᠡᠯ᠎ᠡ ᠪᠠᠯᠭᠠᠰᠤᠨ ᠤ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠵᠤ ᠪᠠᠶᠢᠭ᠎ᠠ | ᠠᠵᠢᠯᠲᠠᠨ ᠵᠢᠴᠢ ᠨᠡᠶᠢᠭᠡᠮ ᠲᠣᠭᠤᠷᠢᠭ ᠤᠨ 30 ᠭᠠᠷᠤᠢ ᠠᠵᠢᠯᠲᠠᠨ᠂ ᠨᠡᠶᠢᠲᠡ 96 ᠬᠥᠮᠥᠨ ᠪᠣᠶ᠃ ᠠᠩᠭᠢ | ᠡᠬᠢᠯᠡᠬᠦ ᠶᠣᠰᠣᠯᠠᠯ ᠳᠡᠭᠡᠷ᠎ᠡ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯᠲᠠᠳ ᠡᠷᠡᠭᠦᠯ | ᠡᠩᠬᠡ ᠳᠤᠮᠳᠠᠳᠤ ᠤᠯᠤᠰ ᠤᠨ ᠠᠵᠢᠯᠯᠠᠭᠠᠨ ᠤ ᠪᠣᠳᠠᠲᠠᠢ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ | ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠰᠤᠷᠤᠯᠴᠠᠯᠭ᠎ᠠ᠂ ᠰᠠᠬᠢᠯᠭ᠎ᠠ ᠪᠠᠲᠤ ᠶᠢᠨ ᠲᠠᠯ᠎ᠠ ᠪᠠᠷ ᠪᠣᠳᠠᠲᠠᠢ | ᠱᠠᠭᠠᠷᠳᠠᠯᠭ᠎ᠠ ᠳᠤᠷᠠᠳᠴᠠᠢ᠃ ᠬᠥᠬᠡᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠦᠨᠡᠯᠡᠨ ᠵᠢᠱᠢᠬᠦ ᠨᠡᠶᠢᠭᠡᠮᠯᠢᠭ ᠤᠨ | ᠳᠡᠳ᠋ ᠳᠠᠷᠤᠭ᠎ᠠ ᠴᠢᠶᠠᠨ ᠰᠢᠶᠣᠣ ᠢᠦᠢ ᠲᠣᠰ ᠤᠳᠠᠭᠠᠨ ᠤ ᠪᠤᠯᠪᠠᠰᠤᠷᠠᠯ ᠤᠨ ᠬᠥᠲᠥᠯᠪᠦᠷᠢ᠂ ᠪᠠᠭᠰᠢ ᠶᠢᠨ ᠪᠦᠯᠬᠦᠮ | ᠨᠡᠶᠢᠲᠡ ᠵᠢᠴᠢ ᠰᠢᠯᠭᠠᠯᠲᠠ ᠶᠢᠨ ᠶᠠᠪᠤᠴᠠ ᠶᠢ ᠲᠠᠨᠢᠯᠴᠠᠭᠤᠯᠪᠠ᠃ ᠪᠣᠯᠪᠠᠰᠤᠷᠠᠯ ᠤᠨ ᠬᠢᠴᠢᠶᠡᠯ ᠢ ᠤᠨᠤᠯ ᠤᠨ ᠬᠢᠴᠢᠶᠡᠯ | ᠪᠠ ᠪᠣᠳᠠᠲᠤ ᠬᠡᠷᠡᠭᠯᠡᠭᠡᠨ ᠤ ᠬᠢᠴᠢᠶᠡᠯ ᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠠᠯᠳᠠᠷᠲᠤ | ᠰᠡᠳᠬᠢᠴᠡ ᠶᠢᠨ ᠵᠥᠪᠯᠡᠯᠭᠡ ᠥᠭᠭᠦᠭᠴᠢ ᠶᠢᠨ ᠵᠢᠯᠣᠭᠤᠳᠤᠭᠴᠢ ᠪᠠᠭᠰᠢ᠂ ᠰᠡᠳᠬᠢᠴᠡ ᠶᠢᠨ ᠵᠦᠢ ᠶᠢᠨ ᠫᠷᠤᠹᠧᠰᠰᠤᠷ᠂ | ᠰᠡᠳᠬᠢᠴᠡ ᠶᠢᠨ ᠮᠡᠷᠭᠡᠵᠢᠯᠲᠡᠨ ᠢ ᠤᠷᠢᠵᠤ ᠬᠠᠮᠲᠤᠷᠠᠨ ᠬᠢᠴᠢᠶᠡᠯᠯᠡᠭᠦᠯᠪᠡ᠃ ᠲᠡᠳᠡ ᠰᠢᠰᠲ᠋ᠧᠮ ᠲᠠᠢ ᠣᠨᠣᠯ ᠤᠨ | ᠰᠤᠷᠤᠯᠴᠠᠯᠭ᠎ᠠ᠂ ᠡᠯᠪᠡᠭ ᠪᠠᠶᠠᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠪᠣᠳᠠᠲᠤ ᠬᠡᠷᠡᠭᠯᠡᠭᠡᠨ ᠤ ᠤᠷ᠎ᠠ | ᠴᠢᠳᠠᠪᠤᠷᠢ ᠶᠢᠨ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠢ ᠬᠠᠪᠰᠤᠷᠤᠨ ᠰᠡᠳᠬᠢᠴᠡ ᠶᠢᠨ ᠡᠷᠡᠭᠦᠯ ᠮᠡᠨᠳᠦ ᠶᠢᠨ | ᠵᠢᠯᠣᠭᠤᠳᠤᠯᠭ᠎ᠠ ᠶᠢᠨ ᠪᠣᠳᠠᠲᠤ ᠬᠡᠷᠡᠭᠯᠡᠭᠡᠨ ᠤ ᠤᠷ᠎ᠠ ᠮᠡᠷᠭᠡᠵᠢᠯ ᠢ ᠲᠡᠭᠡᠭᠰᠢᠯᠡᠭᠦᠯᠪᠡ᠃ | | | | | ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠨᠢ ᠠᠵᠢᠯᠴᠢᠨ ᠤ ᠡᠪᠯᠡᠯ ᠥᠷᠭᠡᠨ ᠣᠯᠠᠨ | ᠠᠵᠢᠯᠲᠠᠨ ᠠᠵᠢᠯᠴᠢᠨ ᠳᠤ ᠦᠢᠯᠡᠴᠢᠯᠡᠬᠦ᠂ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠬᠤ | ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠠᠮ ᠳᠡᠭᠡᠷ᠎ᠡ ᠪᠠᠲᠤ ᠴᠢᠩᠭ᠎ᠠ ᠨᠢᠭᠡ | ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠪᠣᠶ ᠪᠦᠬᠦᠢ ᠬᠢᠴᠢᠶᠡᠯ ᠳᠠᠭᠤᠰᠤᠭᠰᠠᠨ ᠤ ᠳᠠᠷᠠᠭ᠎ᠠ᠂ | ᠰᠤᠷᠤᠭᠴᠢᠳ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ | ᠮᠠᠭᠠᠳᠯᠠᠨ ᠲᠣᠭᠲᠠᠭᠠᠬᠤ ᠰᠢᠯᠭᠠᠯᠲᠠ ᠳᠤ ᠣᠷᠣᠯᠴᠠᠵᠤ᠂ ᠬᠢᠷᠢ ᠲᠡᠩᠴᠡᠭᠰᠡᠳ ᠲᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠤᠰᠬᠠᠢ ᠠᠵᠢᠯ ᠮᠡᠷᠭᠡᠵᠢᠯ ᠤᠨ ᠴᠢᠳᠠᠪᠤᠷᠢ ᠶᠢᠨ | ᠦᠨᠡᠮᠯᠡᠯ ᠣᠯᠭᠤᠵᠤ᠂ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠᠷ | ᠪᠠᠷᠠᠬᠤ ᠦᠭᠡᠢ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ | ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠬᠦ ᠪᠣᠯᠣᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ |