ᠲᠣᠭᠲᠠᠬᠤ ᠰᠢᠶᠠᠨ ᠤ ᠠᠮᠢᠳᠤᠷᠠᠯ ᠤᠨ ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠢ‌ᠨᠡᠶᠢᠳᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/27
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠥᠷᠭᠡᠨ ᠣᠯᠠᠨ ᠠᠷᠠᠳ ᠲᠦᠮᠡᠨ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠬᠦ ᠮᠡᠳᠡᠭᠡ ᠵᠠᠩᠭᠢ  ᠶᠢ ᠢᠯᠡ ᠪᠣᠯᠭᠠᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂ ᠲᠣᠭᠲᠠᠬᠤ ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ  ᠬᠢᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠭᠲᠠᠬᠤ ᠰᠢᠶᠠᠨ ᠤ ᠬᠤᠲᠠ ᠪᠠᠯᠭᠠᠰᠤᠨ ᠤ ᠤᠰᠤ ᠬᠠᠩᠭᠠᠬᠤ ᠨᠢᠭᠡᠴᠡ ᠶᠢᠨ ᠲᠣᠭᠲᠠᠬᠤ ᠰᠢᠶᠠᠨ ᠤ ᠴᠧᠩ ᠹᠠ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠤᠤᠯ ᠤᠨ ᠲᠣᠭᠲᠠᠬᠤ ᠰᠢᠶᠠᠨ ᠤ ᠲᠦᠭᠡᠭᠡᠯ ᠤᠰᠤᠨ ᠤ ᠺᠣᠮᠫᠠᠨᠢ︶ ᠶᠢᠨ ᠦᠢᠯᠡᠳᠪᠦᠷᠢ ᠠᠴᠠ ᠭᠠᠷᠭᠠᠭᠰᠠᠨ ᠤᠰᠤᠨ ᠳᠤ ᠤᠰᠤᠨ ᠤ ᠴᠢᠨᠠᠷ ᠤᠨ ᠬᠢᠨᠠᠨ ᠬᠡᠮᠵᠢᠯᠲᠡ ᠬᠢᠵᠦ᠂ ᠦᠢᠯᠡᠳᠪᠦᠷᠢ ᠠᠴᠠ ᠭᠠᠷᠭᠠᠭᠰᠠᠨ ᠤᠰᠤᠨ ᠤ ᠥᠯᠢᠭᠡᠷ 1 ᠬᠤᠪᠢ ᠪᠠ ᠬᠡᠷᠡᠭᠯᠡᠭᠴᠢ ᠶᠢᠨ ᠤᠰᠤᠨ ᠤ ᠥᠯᠢᠭᠡᠷ 5 ᠬᠤᠪᠢ ᠴᠤᠭᠯᠠᠭᠤᠯᠵᠤ᠂ ᠲᠣᠭᠲᠠᠬᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ ᠪᠠᠷ ᠳᠡᠮᠵᠢᠨ᠂ ᠪᠠᠶᠢᠴᠠᠭᠠᠨ ᠬᠡᠮᠵᠢᠬᠦ ᠭᠦᠢᠴᠡᠳᠬᠡᠯ ᠲᠤᠭ᠎ᠠ  ᠨᠢ ᠴᠥᠮ ᠬᠢᠷᠢ ᠲᠡᠩᠴᠡᠵᠦ᠂ ᠬᠢᠷᠢ ᠲᠡᠩᠴᠡᠭᠰᠡᠨ ᠨᠣᠷᠮ᠎ᠠ ᠨᠢ 100% ᠪᠣᠯᠣᠨ᠎ᠠ᠃ ᠡᠳᠦᠭᠡ 2025 ᠣᠨ ᠤ ᠨᠢᠭᠡᠳᠦᠭᠡᠷ ᠤᠯᠠᠷᠢᠯ ᠤᠨ ᠠᠮᠢᠳᠤᠷᠠᠯ ᠤᠨ ᠤᠤᠭᠤᠬᠤ ᠤᠰᠤᠨ ᠤ ᠬᠢᠨᠠᠨ ᠬᠡᠮᠵᠢᠯᠲᠡ ᠶᠢ ᠳᠣᠣᠷᠠᠬᠢ ᠮᠡᠲᠦ ᠵᠠᠷᠯᠠᠶ᠎ᠠ᠄      ᠨᠢᠭᠡ᠂ ᠪᠠᠶᠢᠴᠠᠭᠠᠨ ᠰᠢᠯᠭᠠᠬᠤ ᠲᠥᠷᠥᠯ ᠵᠦᠢᠯ ᠨᠢ ᠲᠤᠰ ᠤᠳᠠᠭ᠎ᠠ ᠲᠣᠭᠲᠠᠬᠤ ᠰᠢᠶᠠᠨ ᠤ ᠴᠧᠩ ᠹᠠ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠠᠴᠠ ᠭᠠᠷᠭᠠᠬᠤ ᠤᠰᠤ ᠪᠠ ᠬᠡᠷᠡᠭᠯᠡᠭᠴᠢ ᠶᠢᠨ ᠤᠰᠤᠨ ᠳᠤ ᠬᠡᠪ ᠤᠨ ᠪᠠᠶᠢᠴᠠᠭᠠᠨ ᠬᠡᠮᠵᠢᠯᠲᠡ ᠬᠢᠵᠦ᠂ ᠭᠦᠢᠴᠡᠳᠬᠡᠯ ᠲᠤᠭ᠎ᠠ ᠨᠢ ᠨᠡᠶᠢᠲᠡ 27 ᠵᠦᠢᠯ ᠪᠠᠶᠢᠳᠠᠭ      ᠬᠤᠶᠠᠷ᠂ ᠰᠢᠯᠭᠠᠨ ᠪᠠᠶᠢᠴᠠᠭᠠᠬᠤ ᠦᠨᠳᠦᠰᠦᠯᠡᠯ᠄ ︽ᠠᠮᠢᠳᠤᠷᠠᠯ ᠤᠨ ᠤᠤᠭᠤᠬᠤ ᠤᠰᠤᠨ ᠤ ᠪᠠᠷᠢᠮᠵᠢᠶ᠎ᠠ ᠶᠢ ᠰᠢᠯᠭᠠᠨ ᠪᠠᠶᠢᠴᠠᠭᠠᠬᠤ ᠠᠷᠭ᠎ᠠ︾ ︵GB/T5750— 2023︶︔ ᠦᠨᠡᠯᠡᠬᠦ ᠦᠨᠳᠦᠰᠦ ᠪᠠᠷᠢᠮᠲᠠ᠄ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ︵GB/T5749 —2022︶᠃      ᠭᠤᠷᠪᠠ᠂ ᠬᠢᠨᠠᠨ ᠬᠡᠮᠵᠢᠭᠰᠡᠨ ᠭᠠᠵᠠᠷ ᠪᠣᠯᠣᠨ ᠦᠷ᠎ᠡ ᠳ᠋ᠦᠩ      ᠲᠣᠭᠲᠠᠬᠤ ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ             2025 ᠣᠨ ᠤ 3 ᠳ᠋ᠤᠭᠠᠷ ᠰᠠᠷ᠎ᠠ ᠶᠢᠨ 20 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1