ᠬᠤᠳᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠬᠠᠶᠢᠨ ᠰᠦᠪᠡᠭᠴᠢᠯᠡᠵᠦ ᠤᠯᠠᠨ ᠲᠦᠮᠡᠨ ᠤ ᠠᠮᠢᠳᠤᠷᠠᠯ ᠢ ᠨᠡᠩ ᠲᠦᠭᠦᠮ᠂ ᠨᠡᠩ ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠪᠤᠯᠭᠠᠨ᠎ᠠ
ᠨᠡᠶᠢᠲᠡᠯᠡᠭᠰᠡᠨ ᠴᠠᠭ᠄
2025/3/27
      ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠬᠤᠳᠠ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ ᠭᠡᠵᠦ ᠳᠤᠷᠠᠳᠴᠠᠢ᠃ ᠬᠤᠲᠠ ᠶᠢᠨ ᠰᠢᠨᠡᠴᠢᠯᠡᠯᠲᠡ ᠪᠣᠯ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠲᠡᠦᠬᠡ ᠶᠢᠨ ᠵᠠᠶᠢᠯᠠᠰᠢ ᠦᠭᠡᠢ ᠶᠠᠪᠤᠴᠠ ᠮᠥᠨ᠃ ᠬᠤᠳᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠶᠢᠨ ᠵᠣᠷᠢᠯᠭ᠎ᠠ ᠨᠢ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠳᠠ ᠶᠢ ᠨᠡᠩ ᠲᠠᠭᠠᠯᠠᠮᠵᠢᠲᠠᠢ᠂ ᠨᠡᠩ ᠤᠶᠠᠨ ᠬᠠᠳᠠᠨ᠂ ᠨᠡᠩ ᠤᠶᠤᠨᠴᠢ ᠪᠣᠯᠭᠠᠵᠤ᠂ ᠠᠷᠠᠳ ᠤᠯᠠᠨ ᠢ ᠬᠤᠳᠠ ᠳᠤ ᠨᠡᠩ ᠲᠦᠭᠦᠮ ᠂ ᠨᠡᠩ ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠠᠨᠢᠯᠴᠠᠭᠤᠯᠤᠭᠰᠠᠨ ᠢᠶᠠᠷ᠂ 2019 ᠣᠨ ᠳᠤ ᠲᠥᠪ ᠠᠴᠠ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠪᠠᠷ ᠪᠠᠶᠢᠷᠢᠯᠠᠭᠤᠯᠤᠭᠰᠠᠨ ᠠᠴᠠ ᠨᠠᠰᠢ᠂ ᠪᠥᠬᠦ ᠤᠯᠤᠰ ᠲᠤ ᠬᠤᠲᠠ ᠪᠠᠯᠭᠠᠰᠤᠨ ᠤ 28 ᠲᠦᠮᠡ ᠰᠢᠬᠠᠮ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 1.2 ᠳ᠋ᠦᠩᠰᠢᠭᠤᠷ ᠰᠠᠭᠤᠭᠠᠯᠢ ᠠᠷᠠᠳ ᠲᠤ ᠠᠰᠢᠭ ᠬᠦᠷᠲᠡᠭᠡᠪᠡ︔ ᠴᠠᠬᠢᠯᠭᠠᠨ ᠱᠠᠲᠤ ᠶᠢ 13 ᠲᠦᠮᠡ ᠢᠯᠡᠭᠦᠦ ᠨᠡᠮᠡᠵᠦ ᠤᠭᠰᠠᠷᠠᠵᠤ᠂ ᠲᠡᠷᠭᠡᠨ ᠵᠤᠭᠰᠤᠭᠠᠯ 380 ᠲᠦᠮᠡ ᠨᠡᠮᠡᠭᠳᠡᠭᠦᠯᠵᠦ᠂ ᠨᠠᠰᠤᠲᠠᠨ ᠢ ᠠᠰᠠᠷᠠᠬᠤ᠂ ᠬᠡᠦᠬᠡᠳ ᠰᠠᠭᠠᠲᠠᠭᠤᠯᠬᠤ ᠲᠥᠬᠦᠭᠡᠷᠦᠮᠵᠢ ᠶᠢ 8 ᠲᠦᠮᠡ ᠰᠢᠬᠠᠮ ᠨᠡᠮᠡᠨ ᠪᠠᠶᠢᠭᠤᠯᠵᠤ᠂ ᠴᠠᠬᠢᠯᠭᠠᠨ ᠴᠡᠨᠡᠭᠯᠡᠬᠦ ᠪᠠᠭᠠᠨ᠎ᠠ ᠶᠢ 105 ᠲᠦᠮᠡ ᠨᠡᠮᠡᠭᠳᠡᠭᠦᠯᠵᠦ᠂ ᠰᠣᠶᠣᠯ ᠰᠡᠯᠡᠭᠦᠴᠡᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠲᠠᠯᠠᠪᠤᠷ ᠢ 3100 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠡᠢ︔ ᠭᠠᠵᠠᠷ ᠳᠣᠣᠷᠠᠬᠢ ᠬᠤᠭᠤᠯᠠᠢ ᠲᠣᠣᠷ ᠢ ᠪᠠᠷᠤᠭ 50 ᠲᠦᠮᠡᠨ ᠺᠢᠯᠣᠮᠧᠲᠷ ᠰᠢᠨᠡᠳᠬᠡᠨ ᠦᠭᠡᠷᠡᠴᠢᠯᠡᠪᠡ︔ ︽ᠪᠢᠴᠢᠯ ᠴᠡᠴᠡᠷᠯᠢᠭ︾ ᠢ 4 ᠲᠦᠮᠡ ᠭᠠᠷᠤᠢ ᠪᠠᠶᠢᠭᠤᠯᠵᠤ᠂ ᠬᠤᠲᠠ ᠶᠢᠨ ᠨᠣᠭᠤᠭᠠᠨ ᠵᠠᠮ ᠢ 12 ᠲᠦᠮᠡᠨ ᠺᠢᠯᠣᠮᠧᠲᠷ ᠪᠦᠲᠦᠭᠡᠨ ᠪᠠᠶᠢᠭᠤᠯᠪᠠ᠃      ᠬᠤᠲᠠ ᠶᠢᠨ ᠪᠡᠶ᠎ᠡ ᠶᠢᠨ ᠪᠠᠶᠢᠴᠠᠭᠠᠯᠲᠠ ᠨᠢ ᠠᠷᠠᠳ ᠲᠦᠮᠡᠨ ᠤ ︽ᠪᠠᠴᠢᠮ ᠬᠦᠴᠢᠷ ᠵᠤᠪᠠᠵᠤ ᠬᠦᠰᠡᠵᠦ︾ ᠪᠠᠶᠢᠭ᠎ᠠ ᠠᠰᠠᠭᠤᠳᠠᠯ ᠢ ᠡᠷᠢᠵᠦ ᠭᠠᠷᠭᠠᠨ᠎ᠠᠬᠤᠲᠠ ᠶᠢᠨ ᠪᠡᠶ᠎ᠡ ᠶᠢᠨ ᠪᠠᠶᠢᠴᠠᠭᠠᠯᠲᠠ ᠪᠣᠯ ᠬᠤᠲᠠ ᠶᠢᠨ ᠰᠢᠨᠡᠴᠢᠯᠡᠯᠲᠡ ᠶᠢᠨ ᠴᠢᠬᠤᠯᠠ ᠤᠷᠢᠲᠠᠯ ᠮᠥᠨ᠂ ᠡᠨᠡ ᠨᠢ ᠠᠰᠠᠭᠤᠳᠠᠯ ᠢ ᠣᠨᠣᠪᠴᠢᠲᠠᠶ ᠡᠷᠢᠵᠦ ᠣᠯᠬᠤ ᠳᠤ ᠠᠰᠢᠭᠲᠠᠢ ᠶᠤᠮ᠃ ᠬᠤᠲᠠ ᠪᠣᠯ ᠬᠥᠮᠥᠨ ᠲᠠᠢ ᠠᠳᠠᠯᠢ ᠪᠠᠷ ᠨᠢᠭᠡᠨ ᠣᠷᠭᠠᠨᠢᠭ ᠠᠮᠢ ᠨᠠᠰᠤᠨ ᠤ ᠴᠣᠭᠴᠠ ᠮᠥᠨ᠂ ᠬᠥᠮᠥᠨ ᠡᠷᠡᠭᠦᠯ ᠴᠢᠭᠢᠷᠠᠭ ᠪᠠᠶᠢᠬᠤ ᠶᠢ ᠪᠠᠲᠤᠯᠠᠬᠤ ᠳᠤ ᠡᠷᠬᠡᠪᠰᠢ ᠪᠡᠶ᠎ᠡ ᠶᠢᠨ ᠪᠠᠶᠢᠴᠠᠭᠠᠯᠲᠠ ᠪᠠᠷ ᠳᠠᠮᠵᠢᠨ᠂ ᠡᠪᠡᠳᠴᠢᠨ ᠤ ᠭᠤᠯᠣᠮᠲᠠ ᠶᠢ ᠣᠯᠵᠤ᠂ ᠡᠪᠡᠳᠴᠢᠨ ᠤ ᠰᠢᠯᠲᠠᠭᠠᠨ ᠢ ᠡᠷᠢᠨ ᠭᠠᠷᠭᠠᠵᠦ᠂ ᠣᠨᠣᠪᠴᠢᠲᠠᠶ ᠵᠠᠰᠠᠵᠦ᠂ ᠠᠰᠠᠭᠤᠳᠠᠯ ᠢ ᠰᠢᠢᠳᠪᠦᠷᠢᠯᠡᠨ᠎ᠡ᠂ ᠬᠤᠲᠠ ᠴᠤ ᠠᠳᠠᠯᠢᠬᠠᠨ ᠪᠠᠶᠢᠳᠠᠭ᠃ ︽ᠤᠷᠢᠳ ᠢᠶᠠᠷ ᠪᠡᠶ᠎ᠡ ᠶᠢᠨ ᠪᠠᠶᠢᠴᠠᠭᠠᠯᠲᠠ ᠬᠢᠵᠦ ᠳᠠᠷᠠᠭ᠎ᠠ ᠨᠢ ᠰᠢᠨᠡᠴᠢᠯᠡᠯᠳᠡ ᠬᠢᠬᠦ︾ ︽ᠪᠡᠶ᠎ᠡ ᠶᠢᠨ ᠪᠠᠶᠢᠴᠠᠭᠠᠯᠲᠠ ᠬᠢᠬᠦ ᠦᠭᠡᠢ ᠪᠤᠯ ᠰᠢᠨᠡᠴᠢᠯᠡᠯᠳᠡ ᠬᠢᠬᠦ ᠦᠭᠡᠢ︾ ᠭᠡᠳᠡᠭ ᠨᠢ ᠨᠢᠭᠡᠨᠲᠡ ᠬᠤᠲᠠ ᠶᠢᠨ ᠰᠢᠨᠡᠴᠢᠯᠡᠯᠳᠡ ᠶᠢᠨ ᠠᠵᠢᠯ ᠤᠨ ᠬᠠᠮᠲᠤ ᠶᠢᠨ ᠲᠠᠨᠢᠯᠲᠠ ᠪᠣᠯᠤᠭᠰᠠᠨ ᠪᠠᠶᠢᠨ᠎ᠠ᠃      ᠬᠤᠲᠠ ᠶᠢᠨ ᠪᠡᠶ᠎ᠡ ᠶᠢᠨ ᠪᠠᠶᠢᠴᠠᠭᠠᠯᠲᠠ ᠬᠢᠬᠦ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠢᠯᠡᠷᠬᠡᠶᠢᠯᠡᠭᠰᠡᠨ ᠨᠢ᠂ ᠣᠷᠣᠨ ᠰᠠᠭᠤᠴᠠ ᠠᠴᠠ ᠰᠠᠭᠤᠭᠠᠯᠢ ᠠᠷᠠᠳ ᠤᠨ ᠲᠣᠭᠤᠷᠢᠭ᠂ ᠨᠡᠶᠢᠭᠡᠮ ᠲᠣᠭᠤᠷᠢᠭ᠂ ᠬᠤᠲᠠ ᠶᠢᠨ ᠲᠣᠭᠤᠷᠢᠭ ᠬᠦᠷᠲᠡᠯ᠎ᠡ᠂ ᠣᠯᠠᠨ ᠲᠦᠮᠡᠨ ᠤ ᠳᠡᠷᠭᠡᠳᠡᠬᠢ ᠬᠦᠴᠢᠷ ᠵᠣᠪᠠᠭᠤᠷᠢ ᠶᠢᠨ ᠠᠰᠠᠭᠤᠳᠠᠯ ᠢ ᠡᠷᠢᠵᠦ ᠭᠠᠷᠭᠠᠨ᠎ᠠ᠃ ᠵᠢᠱᠢᠶᠡᠯᠡᠪᠡᠯ᠂ ᠲᠡᠷᠭᠡ ᠵᠣᠭᠰᠤᠭᠠᠬᠤ ᠳᠤ ᠬᠦᠴᠢᠷ᠂ ᠴᠠᠬᠢᠯᠭᠠᠨ ᠴᠡᠨᠡᠭᠯᠡᠬᠦ ᠳᠤ ᠬᠦᠴᠢᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠬᠦᠷᠦᠯᠴᠡᠬᠦ ᠦᠭᠡᠢ᠂ ᠬᠡᠦᠬᠡᠳ ᠤᠨ ᠠᠵᠢᠯᠯᠠᠭᠠᠨ ᠤ ᠲᠠᠯᠠᠪᠤᠷ ᠬᠦᠷᠦᠯᠴᠡᠬᠦ ᠦᠭᠡᠢ ᠵᠡᠷᠭᠡ ᠪᠣᠯᠣᠨ᠎ᠠ᠃      ᠬᠤᠳᠠ ᠶᠢᠨ ᠪᠡᠶ᠎ᠡ ᠶᠢᠨ ᠪᠠᠶᠢᠴᠠᠭᠠᠯᠲᠠ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠥᠷᠢᠰᠦᠯᠳᠦᠬᠦ ᠬᠦᠴᠦᠨ᠂ ᠳᠠᠭᠠᠭᠠᠴᠠ ᠪᠣᠯᠣᠨ ᠦᠷᠭᠦᠯᠵᠢᠯᠡᠬᠦ ᠬᠥᠭᠵᠢᠯᠲᠡ ᠶᠢ ᠨᠥᠯᠥᠭᠡᠯᠡᠬᠦ ᠲᠤᠳᠠᠭᠳᠠᠯ ᠪᠠᠭᠤᠷᠠᠢ ᠲᠠᠯ᠎ᠠ ᠶᠢ ᠡᠷᠢᠵᠦ ᠭᠠᠷᠭᠠᠨ᠎ᠠ᠃ ᠵᠢᠱᠢᠶᠡᠯᠡᠪᠡᠯ᠂ ᠰᠣᠶᠣᠯ ᠤᠨ ᠣᠨᠴᠠᠯᠢᠭ ᠳᠤᠲᠠᠮᠠᠭ᠂ ᠣᠯᠠᠨ ᠨᠡᠶᠢᠲᠡ ᠶᠢᠨ ᠦᠢᠯᠡᠴᠢᠯᠡᠭᠡ ᠲᠡᠩᠴᠡᠭᠦᠷᠢ ᠦᠭᠡᠢ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠬᠢᠷᠢ ᠲᠦᠪᠰᠢᠨ ᠥᠨᠳᠥᠷ ᠪᠢᠰᠢ᠂ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠬᠤᠲᠠ ᠶᠢᠨ ᠬᠠᠮᠢᠶᠠᠷᠤᠯᠲᠠ ᠶᠢᠨ ᠠᠭᠤᠰᠤᠯᠴᠠᠯ ᠭᠦᠢᠴᠡᠳ ᠦᠭᠡᠢ ᠪᠠᠶᠢᠬᠤ ᠵᠡᠷᠭᠡ ᠪᠣᠯᠣᠨ᠎ᠠ᠃ ᠣᠳᠣᠬᠠᠨ ᠳᠤ᠂ ᠪᠥᠬᠦ ᠤᠯᠤᠰ ᠤᠨ 290 ᠭᠠᠷᠤᠢ ᠲᠤᠰᠬᠠᠢ ᠣᠷᠣᠨ ᠤ ᠲᠠᠰ ᠤᠨ ᠬᠤᠲᠠ ᠳᠤ ᠨᠢᠭᠡᠨᠲᠡ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ ᠪᠠᠶᠢᠨ᠎ᠠ᠃ ᠤᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠨᠥᠬᠦᠴᠡᠯ ᠲᠠᠢ ᠰᠢᠶᠠᠨ ᠤ ᠲᠠᠰ ᠤᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠬᠢᠬᠦ ᠶᠢ ᠲᠡᠮᠵᠢᠬᠦ ᠪᠤᠯᠤᠨ᠎ᠠ᠃      ᠳᠤᠮᠳᠠᠳᠤ ᠤᠯᠤᠰ ᠤᠨ ᠬᠤᠳᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠤᠳᠠ ᠶᠢᠨ ᠰᠢᠨᠡᠴᠢᠯᠡᠯᠲᠡ ᠶᠢᠨ ᠬᠤᠪᠢᠶᠠᠷᠢ ᠬᠦᠷᠢᠶᠡᠯᠡᠩ ᠤᠨ ᠳᠠᠷᠤᠭ᠎ᠠ ᠹᠠᠨ ᠰᠧ ᠪᠢᠨ ᠤ ᠦᠵᠡᠬᠦ ᠪᠠᠷ᠂ ᠬᠤᠳᠠ ᠶᠢᠨ ᠪᠡᠶ᠎ᠡ ᠶᠢᠨ ᠪᠠᠶᠢᠴᠠᠭᠠᠯᠲᠠ ᠠᠴᠠ ᠬᠤᠳᠠ ᠶᠢᠨ ᠰᠢᠨᠡᠴᠢᠯᠡᠯᠲᠡ ᠳᠤ ᠬᠦᠷᠬᠦ ᠪᠢᠲᠡᠭᠦᠦ ᠴᠠᠭᠠᠷᠢᠭ ᠤᠨ ᠠᠷᠭ᠎ᠠ ᠵᠠᠮ ᠢ ᠰᠦᠪᠡᠭᠴᠢᠯᠡᠨ᠎ᠡ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠳᠤ ᠲᠣᠮᠣ ᠳ᠋ᠠᠶᠢᠲ᠋ᠠ ᠶᠢᠨ ᠵᠠᠳᠠᠯᠤᠯᠲᠠ᠂ ᠰᠠᠭᠤᠭᠠᠯᠢ ᠠᠷᠠᠳ ᠤᠨ ᠠᠰᠠᠭᠤᠯᠲᠠ ᠶᠢᠨ ᠬᠠᠭᠤᠳᠠᠰᠤ᠂ ᠲᠤᠰᠬᠠᠢ ᠮᠡᠷᠭᠡᠵᠢᠯᠲᠡᠨ ᠤ ᠦᠨᠡᠯᠡᠨ ᠵᠢᠱᠢᠯᠲᠡ᠂ ᠬᠥᠭᠵᠢᠯᠲᠡ ᠶᠢ ᠰᠤᠳᠤᠯᠤᠨ ᠮᠠᠭᠠᠳᠯᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠤᠲᠠ ᠶᠢᠨ ᠠᠮᠤᠷ ᠲᠦᠪᠰᠢᠨ ᠤ ᠳᠠᠯᠳᠠ ᠬᠡᠮ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠤᠳᠠᠭᠳᠠᠯ᠂ ᠰᠣᠶᠣᠯ ᠤᠨ ᠬᠠᠮᠠᠭᠠᠯᠠᠯᠲᠠ ᠶᠢᠨ ᠪᠠᠯᠠᠢ ᠣᠷᠣᠨ ᠵᠡᠷᠭᠡ ᠡᠪᠡᠷᠰᠢᠶᠡᠯ ᠲᠠᠢ ᠠᠰᠠᠭᠤᠳᠠᠯ ᠢ ᠣᠨᠣᠪᠴᠢᠲᠠᠶ ᠢᠯᠭᠠᠨ ᠲᠠᠨᠢᠬᠤ ᠬᠡᠷᠡᠭᠲᠡᠢ᠃ ᠬᠤᠳᠠ ᠶᠢᠨ ᠪᠡᠶ᠎ᠡ ᠶᠢᠨ ᠪᠠᠶᠢᠴᠠᠭᠠᠯᠲᠠ ᠳᠤ ᠡᠷᠢᠵᠦ ᠭᠠᠷᠭᠠᠭᠰᠠᠨ ᠪᠠᠴᠢᠮ ᠲᠦᠪᠡᠭᠲᠡᠢ ᠬᠦᠴᠢᠷ ᠵᠣᠪᠠᠭᠤᠷᠢ ᠲᠠᠢ ᠠᠰᠠᠭᠤᠳᠠᠯ ᠪᠣᠯᠣᠨ ᠲᠤᠳᠠᠭᠳᠠᠯ ᠪᠠᠭᠤᠷᠠᠢ ᠵᠦᠢᠯ ᠪᠣᠯ ᠳᠠᠷᠤᠢ ᠳᠠᠷᠠᠭᠠᠴᠢ ᠶᠢᠨ ᠠᠯᠬᠤᠮ ᠤᠨ ᠬᠤᠳᠠ ᠶᠢᠨ ᠰᠢᠨᠡᠴᠢᠯᠡᠯᠲᠡ ᠶᠢᠨ ᠠᠵᠢᠯ ᠤᠨ ᠭᠤᠣᠯᠳᠠᠯᠭ᠎ᠠ ᠲᠠᠢ ᠭᠠᠷᠳᠠᠴᠠ ᠪᠣᠯᠣᠨ᠎ᠠ᠃      ᠵᠧᠵᠢᠶᠠᠩ ᠮᠤᠵᠢ ᠶᠢᠨ ᠨᠢᠩᠪᠦ᠋ᠸᠧ ᠬᠤᠲᠠ ᠶᠢᠨ ᠮᠢᠩ ᠵᠦ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠤᠷᠢᠳᠠᠪᠡᠷ ᠪᠡᠶ᠎ᠡ ᠶᠢᠨ ᠪᠠᠶᠢᠴᠠᠭᠠᠯᠲᠠ ᠦᠨᠡᠯᠡᠨ ᠵᠢᠱᠢᠯᠳᠡ ᠬᠢᠬᠦ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ᠂ ᠰᠤᠯᠠ ᠪᠠᠶᠢᠬᠤ ᠣᠷᠣᠨ ᠵᠠᠢ ᠶᠢ ᠵᠢᠭᠰᠠᠭᠠᠨ ᠪᠠᠶᠢᠴᠠᠭᠠᠬᠤ ᠪᠠ ᠰᠠᠭᠤᠭᠠᠯᠢ ᠠᠷᠠᠳ ᠤᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠪᠡ᠃ ᠨᠡᠶᠢᠭᠡᠮ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠶᠢᠨ ᠠᠰᠠᠭᠤᠳᠠᠯ ᠤᠨ ᠨᠠᠷᠢᠨ ᠳᠠᠩᠰᠠ ᠪᠠ ᠰᠠᠭᠤᠭᠠᠯᠢ ᠠᠷᠠᠳ᠂ ᠠᠯᠪᠠᠯᠠᠬᠤ᠂ ᠬᠤᠳᠠᠯᠳᠤᠭᠠᠨ ᠤ ᠡᠷᠦᠬᠡ ᠵᠡᠷᠭᠡ ᠭᠤᠷᠪᠠᠨ ᠲᠥᠷᠥᠯ ᠤᠨ ᠬᠥᠮᠥᠰ ᠤᠨ ᠬᠡᠷᠡᠭᠴᠡᠭᠡᠨ ᠤ ᠨᠠᠷᠢᠨ ᠳᠠᠩᠰᠠ ᠶᠢ ᠦᠨᠳᠦᠰᠦᠯᠡᠵᠦ᠂ ᠮᠢᠩ ᠵᠦ ᠨᠡᠶᠢᠭᠡᠮ ᠲᠣᠭᠤᠷᠢᠭ ᠤᠨ ᠰᠢᠨᠡᠴᠢᠯᠡᠨ ᠥᠭᠡᠷᠡᠴᠢᠯᠡᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠨᠡᠶᠢᠭᠡᠮ ᠲᠣᠭᠤᠷᠢᠭ ᠤᠨ ᠳᠣᠲᠣᠷᠠᠬᠢ ᠰᠤᠯᠠ ᠪᠠᠶᠢᠬᠤ ᠢᠳᠡᠰᠢᠨ ᠨᠣᠭᠤᠭ᠎ᠠ ᠶᠢᠨ ᠲᠠᠯᠠᠪᠠᠶ ᠶᠢ ᠠᠰᠢᠭᠯᠠᠨ ︽ᠬᠥᠷᠰᠢ ᠵᠡᠷᠭᠡᠯᠡᠳᠡᠭᠡ︾ ᠶᠢ ᠨᠢᠭᠡ ᠴᠣᠭᠴᠠᠵᠢᠭᠤᠯᠤᠭᠰᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠪᠣᠯᠭᠠᠨ ᠥᠭᠡᠷᠡᠴᠢᠯᠡᠵᠦ᠂ ᠣᠶᠤᠨᠴᠢ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠨᠡᠶᠢᠭᠡᠮ ᠲᠣᠭᠤᠷᠢᠭ ᠤᠨ ᠴᠡᠴᠡᠷᠯᠢᠭ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠨᠠᠰᠤᠲᠠᠶᠢᠴᠤᠳ ᠤᠨ ᠰᠤᠷᠭᠠᠭᠤᠯᠢ᠂ ᠵᠠᠯᠠᠭᠤᠴᠤᠳ ᠤᠨ ᠰᠥᠨᠢ ᠶᠢᠨ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠣᠷᠳᠣᠨ᠂ ᠨᠡᠶᠢᠭᠡᠮ ᠲᠣᠭᠤᠷᠢᠭ ᠤᠨ ᠬᠤᠭᠤᠯᠠᠨ ᠭᠡᠷ᠂ ᠬᠠᠮᠲᠤᠪᠠᠷ ᠡᠳ᠋ᠯᠡᠬᠦ ᠲᠣᠭᠤᠭᠠᠨ ᠭᠡᠷ ᠵᠡᠷᠭᠡ ᠡᠯ᠎ᠡ ᠲᠥᠷᠥᠯ ᠤᠨ ᠦᠵᠡᠭᠳᠡᠯ ᠢ ᠪᠤᠢ ᠪᠤᠯᠭᠠᠵᠦ᠂ ᠨᠠᠰᠤᠲᠠᠶᠢᠴᠤᠳ ᠲᠤ ᠲᠣᠬᠢᠷᠠᠬᠤ᠂ ᠨᠢᠯᠬᠠᠰ ᠲᠤ ᠲᠣᠬᠢᠷᠠᠬᠤ᠂ ᠵᠠᠯᠠᠭᠤᠴᠤᠳ ᠲᠤ ᠠᠰᠢᠭᠲᠠᠢ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠵᠤᠷᠢᠭᠤᠯᠪᠠ᠃      ᠭᠤᠷᠪᠠᠨ ᠲᠥᠷᠥᠯ ᠤᠨ ᠬᠤᠲᠠ ᠶᠢᠨ ᠰᠢᠨᠡᠴᠢᠯᠡᠯᠳᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ ᠬᠤᠲᠠ ᠶᠢᠨ ᠰᠢᠨᠡᠴᠢᠯᠡᠯᠲᠡ ᠶᠢᠨ ᠬᠠᠮᠤᠷᠬᠤ ᠬᠡᠪᠴᠢᠶ᠎ᠡ ᠨᠢ ᠮᠠᠰᠢ ᠥᠷᠭᠡᠨ ᠪᠠᠶᠢᠳᠠᠭ᠂ ᠡᠭᠦᠨ ᠳᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠬᠦ᠂ ᠬᠤᠲᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠲᠡᠦᠬᠡ ᠰᠣᠶᠣᠯ ᠢ ᠤᠯᠠᠮᠵᠢᠯᠠᠬᠤ ᠵᠡᠷᠭᠡ ᠣᠯᠠᠨ ᠠᠭᠤᠯᠭ᠎ᠠ ᠪᠠᠭᠲᠠᠨ᠎ᠠ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠢᠯᠡᠷᠬᠡᠶᠢᠯᠡᠭᠰᠡᠨ ᠨᠢ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠶᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ‍ ᠨᠢᠭᠡ ᠪᠦᠯᠦᠭ ᠰᠢᠨᠡᠴᠢᠯᠡᠯᠳᠡ ᠶᠢᠨ ᠲᠦᠷᠦᠯ ᠵᠦᠢᠯ ᠢ ᠬᠡᠷᠡᠭᠵᠢᠭᠦᠯᠬᠦ ᠳᠤ ᠭᠤᠷᠪᠠᠨ ᠲᠥᠷᠥᠯ ᠤᠨ ᠬᠤᠲᠠ ᠶᠢᠨ ᠰᠢᠨᠡᠴᠢᠯᠡᠯᠳᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃      ᠨᠢᠭᠡᠳᠦᠭᠡᠷ ᠲᠥᠷᠥᠯ ᠨᠢ ᠠᠷᠠᠳ ᠤᠨ ᠠᠮᠢᠳᠤᠷᠠᠯ ᠤᠨ ᠲᠥᠷᠥᠯ ᠤᠨ ᠲᠥᠷᠥᠯ ᠵᠦᠢᠯ ᠪᠣᠯᠣᠨ᠎ᠠ᠃ 2000 ᠣᠨ ᠠᠴᠠ ᠡᠮᠦᠨ᠎ᠡ ᠪᠠᠶᠢᠭᠤᠯᠤᠭᠰᠠᠨ ᠬᠤᠳᠠ ᠶᠢᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠴᠥᠮ ᠥᠭᠡᠷᠡᠴᠢᠯᠡᠬᠦ ᠬᠡᠪᠴᠢᠶᠡᠨ ᠳᠤ ᠣᠷᠣᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠦᠭᠡᠷᠡᠴᠢᠯᠡᠨ᠎ᠡ᠃ ᠣᠷᠣᠨ ᠨᠤᠲᠤᠭ ᠤᠨ ᠰᠠᠭᠤᠭᠠᠯᠢ ᠠᠷᠠᠳ ᠪᠡᠶ᠎ᠡ ᠪᠠᠨ ᠳᠠᠭᠠᠭᠠᠵᠤ ᠬᠠᠭᠤᠴᠢᠨ ᠣᠷᠣᠨ ᠰᠠᠭᠤᠴᠠ ᠪᠠᠨ ᠰᠢᠨᠡᠳᠬᠡᠨ ᠥᠭᠡᠷᠡᠴᠢᠯᠡᠬᠦ ᠲᠤᠬᠠᠢ ᠬᠠᠶᠢᠨ ᠰᠦᠪᠡᠭᠴᠢᠯᠡᠬᠦ ᠶᠢ ᠵᠤᠷᠢᠭᠵᠢᠭᠤᠯᠤᠨ᠎ᠠ᠃ ᠬᠤᠲᠠᠨ ᠲᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠬᠡᠪᠴᠢᠶ᠎ᠡ ᠶᠢ ᠣᠳᠣᠬᠠᠨ ᠳᠤ ᠨᠢᠭᠡᠨᠲᠡ ᠪᠦᠬᠦ ᠤᠯᠤᠰ ᠤᠨ ᠲᠤᠰᠬᠠᠢ ᠣᠷᠣᠨ ᠤ ᠲᠡᠰ ᠤᠨ ᠪᠠ ᠲᠡᠭᠦᠨ ᠠᠴᠠ ᠳᠡᠭᠡᠭᠰᠢᠬᠢ ᠬᠤᠲᠠᠨ ᠳᠤ ᠬᠦᠷᠲᠡᠯ᠎ᠡ ᠦᠷᠭᠡᠳᠭᠡᠵᠡᠢ᠂ ᠨᠢᠳᠤᠨᠤᠨ 100 ᠲᠦᠮᠡᠨ ᠢᠵᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠥᠭᠡᠷᠡᠴᠢᠯᠡᠨ ᠪᠠᠶᠢᠭᠤᠯᠬᠤ ᠬᠡᠪᠴᠢᠶ᠎ᠡ ᠶᠢ ᠦᠷᠭᠦᠯᠵᠢᠯᠡᠨ ᠦᠷᠭᠡᠳᠭᠡᠨ᠎ᠡ᠃ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ︽ᠨᠢᠭᠡ ᠨᠠᠰᠤᠲᠠᠨ ᠨᠢᠭᠡ ᠨᠢᠯᠬᠠᠰ︾ ᠲᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠬᠠᠷᠰᠢ ᠰᠠᠭᠠᠳ ᠦᠭᠡᠢ ᠨᠠᠰᠤᠵᠢᠯ ᠳᠤ ᠲᠣᠬᠢᠷᠠᠬᠤ ᠢᠵᠢ ᠪᠦᠷᠢᠳᠦᠭᠦᠯᠬᠦ ᠲᠥᠬᠦᠭᠡᠷᠦᠮᠵᠢ᠂ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠲᠥᠬᠦᠭᠡᠷᠦᠮᠵᠢ᠂ ᠬᠡᠦᠬᠡᠳ ᠤᠨ ᠠᠵᠢᠯᠯᠠᠭᠠᠨ ᠤ ᠲᠠᠯᠠᠪᠤᠷ ᠢ ᠨᠥᠬᠦᠪᠦᠷᠢᠯᠡᠬᠦ ᠶᠢ ᠲᠡᠭᠦᠯᠳᠡᠷᠵᠢᠭᠦᠯᠦᠨ᠎ᠡ᠃       ᠬᠤᠶᠠᠳᠤᠭᠠᠷ ᠲᠦᠷᠦᠯ ᠨᠢ ᠬᠥᠭᠵᠢᠯᠲᠡ ᠶᠢᠨ ᠲᠦᠷᠦᠯ ᠤᠨ ᠲᠦᠷᠦᠯ ᠵᠦᠢᠯ ᠪᠣᠯᠣᠨ᠎ᠠ᠃ ᠨᠢᠭᠡ ᠪᠦᠯᠦᠭ ᠬᠠᠭᠤᠴᠢᠨ ᠠᠵᠤ ᠦᠢᠯᠡᠳᠪᠦᠷᠢ ᠶᠢᠨ ᠲᠣᠭᠤᠷᠢᠭ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠢ ᠰᠢᠨᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠰᠣᠶᠣᠯ ᠤᠨ ᠪᠦᠲᠦᠭᠡᠯᠴᠢ ᠰᠡᠳᠬᠢᠮᠵᠢ᠂ ᠵᠣᠬᠢᠶᠠᠮᠠᠯ ᠤᠶᠤᠨ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠴᠢᠳᠠᠮᠵᠢ ᠶᠢ ᠣᠷᠣᠭᠤᠯᠵᠤ᠂ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ ᠨᠢᠭᠡ ᠪᠦᠯᠦᠭ ᠬᠠᠭᠤᠴᠢᠨ ᠵᠡᠭᠡᠯᠢ ᠲᠣᠭᠤᠷᠢᠭ ᠢ ᠥᠭᠡᠷᠡᠴᠢᠯᠡᠵᠦ᠂ ᠰᠣᠳᠣᠨ ᠵᠡᠭᠡᠯᠢ ᠭᠤᠳᠤᠮᠵᠢ᠂ ᠬᠤᠳᠠ ᠶᠢᠨ ᠵᠣᠴᠢᠨ ᠤ ᠲᠢᠩᠬᠢᠮ ᠢ ᠪᠠᠶᠢᠭᠤᠯᠵᠤ᠂ ᠠᠮᠢᠵᠢᠷᠠᠯ ᠤᠨ ᠬᠦᠴᠦᠨ ᠲᠠᠢ ᠵᠡᠭᠡᠯᠢ ᠲᠣᠭᠤᠷᠢᠭ ᠢ ᠪᠠᠶᠢᠭᠤᠯᠵᠤ᠂ ᠵᠠᠯᠠᠭᠤᠴᠤᠳ ᠲᠤ ᠨᠡᠩ ᠤᠯᠠᠨ ᠰᠢᠨ᠎ᠡ ᠶᠢ ᠡᠭᠦᠳᠬᠦ ᠦᠢᠯᠡᠰ ᠪᠣᠰᠬᠠᠬᠤ ᠣᠷᠣᠨ ᠵᠠᠢ ᠬᠠᠩᠭᠠᠵᠤ᠂ ᠬᠤᠳᠠ ᠶᠢᠨ ᠠᠷᠠᠳ ᠲᠤ ᠨᠡᠩ ᠤᠯᠠᠨ ᠬᠡᠷᠡᠭᠯᠡᠭᠡᠨ ᠤ ᠪᠠᠶᠢᠳᠠᠯ ᠢ ᠡᠭᠦᠳᠴᠦ ᠥᠭᠭᠦᠨ᠎ᠡ᠃ ᠨᠢᠭᠡ ᠪᠦᠯᠦᠭ ᠲᠡᠦᠬᠡ ᠰᠣᠶᠣᠯ ᠤᠨ ᠵᠡᠭᠡᠯᠢ ᠲᠣᠭᠤᠷᠢᠭ᠂ ᠲᠡᠦᠬᠡ ᠶᠢᠨ ᠪᠠᠷᠢᠯᠭ᠎ᠠ ᠶᠢ ᠬᠠᠮᠠᠭᠠᠯᠠᠵᠤ᠂ ᠰᠡᠯᠪᠢᠨ ᠵᠠᠰᠠᠵᠤ᠂ ᠠᠮᠢᠳᠤᠯᠢᠭ ᠠᠰᠢᠭᠯᠠᠬᠤ ᠶᠢ ᠠᠬᠢᠭᠤᠯᠵᠤ᠂ ᠬᠤᠳᠠ ᠶᠢᠨ ᠰᠣᠶᠣᠯ ᠤᠨ ᠥᠪ ᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠭᠤᠰᠤᠯᠴᠠᠭᠤᠯᠵᠤ᠂ ᠬᠤᠳᠠ ᠶᠢᠨ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠤᠯᠤᠨ᠎ᠠ᠃      ᠭᠤᠷᠪᠠᠳᠤᠭᠠᠷ ᠲᠥᠷᠥᠯ ᠨᠢ ᠠᠮᠤᠷ ᠲᠦᠪᠰᠢᠨ ᠤ ᠲᠥᠷᠥᠯ ᠤᠨ ᠲᠥᠷᠥᠯ ᠵᠦᠢᠯ ᠪᠣᠯᠣᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ᠂ ᠤᠶᠤᠨᠴᠢ ᠬᠤᠳᠠ ᠶᠢ ᠪᠦᠲᠦᠭᠡᠨ ᠪᠠᠶᠢᠭᠤᠯᠬᠤ ᠶᠠᠪᠤᠴᠠ ᠳᠤ ᠠᠮᠤᠷ ᠲᠦᠪᠰᠢᠨ ᠭᠡᠬᠦ ᠡᠨᠡ ᠬᠦ ᠦᠨᠳᠦᠰᠦᠨ ᠵᠦᠢᠯ ᠠᠴᠠ ᠰᠠᠯᠵᠤ ᠴᠢᠳᠠᠬᠤ ᠦᠭᠡᠢ ᠶᠤᠮ᠃ ᠭᠠᠵᠠᠷ ᠳᠣᠣᠷᠠᠬᠢ ᠬᠤᠭᠤᠯᠠᠢ ᠱᠤᠭᠤᠮ ᠢ 15 ᠲᠦᠮᠡᠨ ᠺᠢᠯᠣᠮᠧᠲᠷ ᠠᠴᠠ ᠳᠡᠭᠡᠭᠰᠢ ᠪᠦᠲᠦᠭᠡᠨ ᠪᠠᠶᠢᠭᠤᠯᠵᠤ ᠥᠭᠡᠷᠡᠴᠢᠯᠡᠨ ᠵᠠᠰᠠᠵᠤ᠂ ᠬᠤᠲᠠ ᠶᠢᠨ ︽ᠴᠢᠨᠠᠷ ᠴᠢᠨᠰᠠᠭ᠎ᠠ︾ ᠶᠢ ᠦᠨᠡᠨᠬᠦ ᠲᠡᠭᠡᠭᠰᠢᠯᠡᠭᠦᠯᠦᠨ᠎ᠡ᠃ ᠤᠰᠤ ᠲᠣᠬᠢᠷᠠᠭᠤᠯᠤᠨ ᠬᠠᠳᠠᠭᠠᠯᠠᠬᠤ ᠲᠥᠬᠦᠭᠡᠷᠦᠮᠵᠢ᠂ ᠤᠰᠤ ᠭᠠᠳᠠᠭᠰᠢᠯᠠᠭᠤᠯᠬᠤ ᠬᠤᠭᠤᠯᠠᠢ ᠲᠣᠣᠷ᠂ ᠦᠶᠡᠷ ᠵᠠᠯᠠᠬᠤ ᠬᠥᠭᠡᠷᠭᠡ ᠦᠷᠳᠡᠭᠡ ᠵᠡᠷᠭᠡ ᠢᠨᠵᠧᠨᠧᠷᠢᠩ ᠤᠨ ᠲᠦᠷᠦᠯ ᠵᠦᠢᠯ ᠢ ᠲᠦᠯᠬᠢᠨ ᠠᠬᠢᠭᠤᠯᠵᠤ᠂ ᠬᠤᠳᠠ ᠶᠢᠨ ᠬᠦᠨᠳᠦ ᠨᠣᠴᠢᠲᠠᠢ ᠠᠮᠠᠷᠬᠠᠨ ᠤᠰᠤᠲᠤᠬᠤ ᠤᠰᠤ ᠬᠤᠷᠠᠬᠤ ᠭᠠᠵᠠᠷ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠭᠠᠳᠠᠭᠰᠢᠯᠠᠭᠤᠯᠬᠤ ᠤᠰᠤᠲᠤᠯ ᠢ ᠰᠡᠷᠭᠡᠶᠢᠯᠡᠬᠦ 1000 ᠲᠦᠷᠦᠯ ᠵᠦᠢᠯ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠶᠢ ᠪᠡᠶᠡᠯᠡᠭᠦᠯᠦᠨ᠎ᠡ᠃ ᠲᠣᠭᠠᠴᠢᠯᠠᠭᠰᠠᠨ᠂ ᠣᠶᠤᠨᠴᠢᠯᠠᠭᠰᠠᠨ ᠰᠠᠭᠤᠷᠢ ᠲᠥᠬᠦᠭᠡᠷᠦᠮᠵᠢ ᠶᠢ ᠬᠥᠭᠵᠢᠭᠦᠯᠵᠦ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ ᠵᠡᠷᠭᠡ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠠᠮᠤᠷ ᠲᠦᠪᠰᠢᠨ ᠤ ᠬᠢᠨᠠᠨ ᠪᠠᠶᠢᠴᠠᠭᠠᠯᠳᠠ ᠶᠢ ᠨᠡᠶᠢᠳᠡᠮ ᠬᠡᠷᠡᠭᠵᠢᠭᠦᠯᠬᠦ ᠶᠢ ᠴᠢᠷᠮᠠᠶᠢᠨ ᠪᠡᠶᠡᠯᠡᠭᠦᠯᠵᠦ᠂ ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠤ ᠪᠠᠲᠤᠯᠠᠭ᠎ᠠ ᠶᠢᠨ ᠴᠢᠳᠠᠪᠤᠷᠢ ᠪᠠ ᠤᠶᠠᠨ ᠬᠠᠲᠠᠨ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ᠃      ᠬᠤᠲᠠ ᠶᠢᠨ ᠰᠢᠨᠡᠴᠢᠯᠡᠯᠲᠡ ᠶᠢᠨ ︽ᠲᠠᠰ ᠳᠡᠪᠰᠢᠭᠰᠡᠨ ᠬᠡᠪᠯᠡᠯ︾ ᠢ ᠪᠣᠶ ᠪᠣᠯᠭᠠᠨ᠎ᠠ      ᠬᠤᠳᠠ ᠶᠢᠨ ᠰᠢᠨᠡᠴᠢᠯᠡᠯᠲᠡ ᠶᠢᠨ ᠲᠦᠷᠦᠯ ᠵᠦᠢᠯ ᠢ ᠰᠠᠶᠢᠲᠤᠷ ᠥᠭᠡᠷᠡᠴᠢᠯᠡᠬᠦ ᠪᠠᠷ ᠪᠠᠷᠠᠬᠤ ᠦᠭᠡᠢ ᠨᠡᠩ ᠴᠤ ᠰᠠᠶᠢᠲᠤᠷ ᠡᠵᠡᠩᠨᠡᠵᠦ᠂ ᠰᠠᠶᠢᠲᠤᠷ ᠬᠠᠮᠠᠭᠠᠯᠠᠵᠤ᠂ ᠠᠷᠠᠳ ᠤᠯᠠᠨ ᠳᠤ ᠦᠷᠭᠦᠯᠵᠢᠯᠡᠨ ᠠᠰᠢᠭ ᠬᠦᠷᠲᠡᠭᠡᠬᠦ ᠬᠡᠷᠡᠭᠲᠡᠢ᠃ ᠣᠳᠣᠬᠠᠨ ᠳᠤ᠂ ᠮᠠᠰᠢ ᠣᠯᠠᠨ ᠬᠤᠲᠠ ᠶᠢᠨ ᠬᠢᠨ ᠬᠤᠲᠠ ᠶᠢᠨ ᠰᠢᠨᠡᠴᠢᠯᠡᠯᠲᠡ ᠶᠢᠨ ︽ᠲᠠᠰ ᠳᠡᠪᠰᠢᠭᠰᠡᠨ ᠬᠡᠪᠯᠡᠯ︾ ᠢ ᠰᠠᠶᠢᠲᠤᠷ ᠪᠣᠶ ᠪᠣᠯᠭᠠᠬᠤ ᠪᠠᠷ ᠴᠢᠷᠮᠠᠶᠢᠵᠤ ᠪᠠᠶᠢᠨ᠎ᠠ᠃ᠠᠨᠾᠦ᠋ᠢ ᠮᠤᠵᠢ ᠶᠢᠨ ᠦ᠋ ᠬᠤ᠋ ᠬᠤᠳᠠ ᠶᠢᠨ ᠬᠢᠨ ᠪᠦᠬᠦ ᠬᠤᠳᠠ ᠶᠢᠨ ᠨᠡᠶᠢᠲᠡ ᠶᠢᠨ ᠵᠣᠷᠯᠣᠩ᠂ ᠬᠡᠷᠡᠭᠯᠡᠬᠦ ᠪᠠᠨ ᠵᠣᠭᠰᠣᠭᠰᠠᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ᠂ ᠴᠡᠴᠡᠷᠯᠢᠭ ᠤᠨ ᠢᠵᠢ ᠪᠦᠷᠢᠳᠦᠭᠰᠡᠨ ᠭᠡᠷ ᠪᠠᠶᠢᠰᠢᠩ ᠢ ᠰᠢᠨᠡᠳᠬᠡᠨ ᠦᠭᠡᠷᠡᠴᠢᠯᠡᠵᠦ᠂ ︽ᠠᠷᠠᠳ ᠤᠨ ᠬᠤᠳᠠ ᠶᠢᠨ ᠦᠷᠳᠡᠭᠡ︾ ᠶᠢᠨ ᠲᠦᠷᠦᠯ ᠲᠡᠮᠳᠡᠭᠳᠦ ᠳᠤ ᠰᠢᠨ᠎ᠡ ᠶᠢ ᠡᠭᠦᠳᠴᠦ᠂ ᠬᠤᠭᠤᠯᠠ ᠢᠳᠡᠬᠦ᠂ ᠰᠡᠯᠡᠭᠦᠴᠡᠬᠦ᠂ ᠨᠣᠮ ᠤᠩᠰᠢᠬᠤ᠂ ᠪᠠᠴᠢᠮ ᠪᠠᠶᠢᠳᠠᠯ ᠢ ᠠᠷᠭᠠᠴᠠᠬᠤ ᠶᠢ ᠨᠢᠭᠡ ᠴᠣᠭᠴᠠᠵᠢᠭᠤᠯᠤᠭᠰᠠᠨ ᠤᠯᠠᠨ ᠨᠡᠶᠢᠲᠡ ᠶᠢᠨ ᠣᠷᠣᠨ ᠵᠠᠢ ᠶᠢ ᠪᠠᠶᠢᠭᠤᠯᠵᠤ᠂ 2022 ᠣᠨ ᠠᠴᠠ 2024 ᠣᠨ ᠪᠣᠯᠲᠠᠯᠠᠬᠢ 3 ᠵᠢᠯ ᠤᠨ ᠬᠤᠭᠤᠴᠠᠭᠠᠨ ᠳᠤ ᠨᠡᠶᠢᠳᠡ 42 ᠰᠠᠭᠤᠷᠢ ᠶᠢ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠳᠠ ᠳᠤ ᠤᠷᠤᠭᠤᠯᠪᠠ᠃ ᠣᠳᠣᠬᠠᠨ ᠳᠤ᠂ ︽ᠠᠷᠠᠳ ᠤᠨ ᠬᠤᠲᠠ ᠶᠢᠨ ᠥᠷᠲᠡᠭᠡ︾ ᠨᠢ ᠨᠢᠭᠡᠨᠲᠡ ᠦ᠋ ᠬᠤ᠋ ᠬᠤᠲᠠ ᠶᠢᠨ ᠭᠡᠷ ᠤᠨ ᠭᠠᠳᠠᠨᠠᠬᠢ ᠠᠵᠢᠯᠲᠠᠨ ᠪᠠ ᠠᠷᠠᠳ ᠤᠯᠠᠨ ᠤ ᠭᠡᠷ ᠤᠨ ᠡᠭᠦᠳᠡᠨ ᠳᠠᠬᠢ ᠲᠠᠭᠠᠯᠠᠮᠵᠢᠳᠠᠢ ᠭᠠᠵᠠᠷ ᠪᠣᠯᠤᠭᠰᠠᠨ ᠪᠠᠶᠢᠨ᠎ᠠ᠃       ᠥᠭᠡᠷᠡᠴᠢᠯᠡᠬᠦ ᠶᠠᠪᠤᠴᠠ ᠳᠤ᠂ ᠦ᠋ ᠬᠤ᠋ ᠬᠤᠲᠠ ᠶᠢᠨ ᠬᠢᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠵᠠᠬ᠎ᠠ ᠳᠡᠯᠭᠡᠭᠦᠷᠴᠢᠯᠡᠭᠰᠡᠨ ᠠᠵᠤ ᠠᠬᠤᠶᠢᠯᠠᠯ ᠢ ᠲᠡᠳᠡᠨ ᠣᠷᠣᠭᠤᠯᠵᠤ ᠬᠠᠮᠢᠶᠠᠷᠤᠭᠤᠯᠵᠠᠢ᠃ ᠨᠡᠶᠢᠲᠡ ᠶᠢᠨ ᠵᠣᠷᠯᠣᠩ ᠤᠨ ᠢᠵᠢ ᠪᠦᠷᠢᠳᠦᠭᠦᠯᠬᠦ ᠳᠤ ᠬᠡᠷᠡᠭᠯᠡᠬᠦ ᠭᠡᠷ ᠪᠠᠶᠢᠰᠢᠩ ᠢ ᠥᠭᠡᠷᠡᠴᠢᠯᠡᠨ ᠵᠠᠰᠠᠭᠰᠠᠨ ᠥᠷᠲᠡᠭᠡ ᠳᠤ ︽ᠵᠣᠷᠯᠣᠩ ᠢᠶᠠᠷ ᠥᠷᠲᠡᠭᠡ ᠪᠠᠨ ᠲᠡᠵᠢᠭᠡᠬᠦ︾ ᠵᠠᠭᠪᠤᠷ ᠢ ᠠᠪᠴᠤ᠂ ᠤᠯᠠᠭ᠎ᠠ ᠥᠷᠲᠡᠭᠡ ᠶᠢᠨ ᠬᠠᠮᠢᠶᠠᠷᠤᠯᠲᠠ ᠦᠢᠯᠡᠴᠢᠯᠡᠭᠡ ᠶᠢ ᠨᠡᠶᠢᠲᠡ ᠶᠢᠨ ᠵᠣᠷᠯᠣᠩ ᠤᠨ ᠵᠠᠬ᠎ᠠ ᠳᠡᠯᠭᠡᠭᠦᠷᠴᠢᠯᠡᠨ ᠡᠵᠡᠩᠨᠡᠬᠦ ᠪᠠ ᠬᠠᠮᠠᠭᠠᠯᠠᠬᠤ ᠳᠤ ᠤᠷᠤᠭᠤᠯᠪᠠ᠃ ᠴᠡᠴᠡᠷᠯᠢᠭ ᠤᠨ ᠢᠵᠢ ᠪᠦᠷᠢᠳᠦᠭᠦᠯᠦᠨ ᠬᠡᠷᠡᠭᠯᠡᠬᠦ ᠭᠡᠷ ᠪᠠᠶᠢᠰᠢᠩ ᠢ ᠰᠢᠨᠡᠳᠬᠡᠨ ᠵᠠᠰᠠᠬᠤ ᠥᠷᠲᠡᠭᠡ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠷᠣᠯᠠᠨ ᠬᠠᠮᠢᠶᠠᠷᠬᠤ ᠵᠠᠭᠪᠤᠷ ᠢ ᠠᠪᠴᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠪᠡᠶᠡᠯᠡᠭᠦᠯᠪᠡ᠃       ᠬᠤᠪᠧᠢ ᠮᠤᠵᠢ ᠶᠢᠨ ᠦᠬᠠᠨ ᠬᠤᠳᠠ ᠶᠢᠨ ᡁᠢ ᠶᠢᠨ ᠳ᠋ᠦᠩ ᠶᠤᠸᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠠᠪᠤᠴᠠ ᠳᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠲᠣᠭᠤᠷᠢᠨ ᠴᠠᠭᠳᠠᠬᠤ᠂ ᠤᠶᠢᠷ᠎ᠠ ᠬᠠᠪᠢ ᠶᠢᠨ ᠲᠦᠭᠰᠢᠭᠦᠷᠢ ᠮᠡᠳᠡᠭᠦᠯᠬᠦ᠂ ᠣᠷᠣᠵᠤ ᠭᠠᠷᠬᠤ ᠡᠭᠦᠳᠡᠨ ᠳᠤ ᠣᠶᠤᠨᠲᠤ ᠵᠠᠮ ᠤᠨ ᠬᠠᠭᠠᠯᠲᠠ᠂ ᠡᠭᠦᠳᠡᠨ ᠬᠤᠷᠢᠭ᠎ᠠ ᠶᠢᠨ ᠬᠠᠮᠢᠶᠠᠷᠤᠯᠲᠠ᠂ ᠮᠡᠳᠡᠭᠡ ᠵᠠᠩᠭᠢ ᠨᠡᠶᠢᠲᠡᠯᠡᠬᠦ ᠵᠡᠷᠭᠡ ᠣᠶᠤᠨᠴᠢᠯᠠᠭᠰᠠᠨ ᠲᠥᠬᠦᠭᠡᠷᠦᠮᠵᠢ ᠶᠢ ᠨᠡᠮᠡᠨ ᠪᠠᠶᠢᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠣᠷᠣᠵᠤ ᠰᠠᠭᠤᠬᠤ ᠳᠤ ᠨᠥᠬᠦᠴᠡᠯ ᠪᠦᠷᠢᠯᠳᠦᠭᠦᠯᠵᠦ ᠥᠭᠴᠡᠢ᠃ ᠡᠭᠦᠨ ᠤ ᠬᠠᠮᠲᠤ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠤᠯᠤᠰ ᠤᠨ ᠦᠮᠴᠢᠯᠡᠯᠳᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠶᠤᠨᠲᠤ ᠠᠳᠠᠯ ᠠᠬᠤᠢ ᠶᠢᠨ ᠬᠠᠮᠢᠶᠠᠷᠤᠯᠲᠠ ᠶᠢᠨ ᠲᠠᠪᠴᠠᠩ ᠢ ᠨᠡᠭᠡᠭᠡᠨ ᠬᠥᠭᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠬᠡᠷᠡᠭᠵᠢᠭᠦᠯᠬᠦ ᠶᠢ ᠤᠯᠠᠮ ᠨᠢᠭᠡ ᠠᠯᠬᠤᠮ ᠪᠠᠳᠤᠯᠠᠪᠠ᠃       ᠱᠠᠨᠳᠦ᠋ᠩ ᠮᠤᠵᠢ ᠶᠢᠨ ᠸᠧᠢ ᠬᠠᠢ ᠬᠤᠲᠠ ᠶᠢᠨ ᠬᠢᠨ ᠭᠠᠯ ᠪᠠᠮᠪᠠᠷ ᠨᠠᠢᠮᠠᠳᠤᠭᠠᠷ ᠵᠡᠭᠡᠯᠢ ᠶᠢ ᠰᠢᠨᠡᠳᠬᠡᠨ ᠥᠭᠡᠷᠡᠴᠢᠯᠡᠬᠦ ᠶᠠᠪᠤᠴᠠ ᠳᠤ᠂ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠲᠤᠰᠬᠠᠢ ᠮᠡᠷᠭᠡᠵᠢᠯ ᠢᠶᠠᠷ ᠡᠵᠡᠩᠨᠡᠬᠦ᠂ ᠣᠷᠭᠠᠨᠢᠭ ᠢᠶᠠᠷ ᠰᠢᠨᠡᠳᠬᠡᠬᠦ︾ ᠵᠠᠷᠴᠢᠮ ᠶᠣᠰᠣᠭᠠᠷ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠡᠵᠡᠩᠨᠡᠯᠲᠡ ᠶᠢᠨ ᠬᠡᠯᠪᠡᠷᠢ ᠢᠶᠠᠷ ᠵᠡᠭᠡᠯᠢ ᠲᠣᠭᠤᠷᠢᠭ ᠤᠨ ᠠᠭᠤᠯᠤᠭᠳᠠᠬᠤᠨ ᠢ ᠪᠠᠶᠠᠯᠢᠭᠵᠢᠭᠤᠯᠪᠠ᠃ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠲᠥᠷᠥᠯ ᠵᠦᠢᠯ ᠤᠨ ᠪᠡᠯᠡ ᠣᠷᠣᠭᠤᠯᠤᠯᠲᠠ᠂ ᠡᠵᠡᠩᠨᠡᠯᠲᠡ ᠶᠢᠨ ᠭᠤᠣᠯ ᠴᠣᠭᠴᠠ ᠪᠣᠯᠭᠠᠵᠤ᠂ ᠥᠮᠴᠢᠯᠡᠬᠦ ᠡᠷᠬᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠬᠢᠨ ᠲᠣᠭᠤᠷᠢᠨ ᠤ ᠬᠡᠰᠡᠭ ᠵᠤᠰᠠᠯᠠᠩ᠂ ᠦᠢᠯᠡᠳᠪᠦᠷᠢ ᠶᠢᠨ ᠭᠡᠷ ᠪᠠᠶᠢᠰᠢᠩ ᠵᠡᠷᠭᠡ ᠰᠤᠯᠠ ᠪᠠᠶᠢᠬᠤ ᠡᠬᠢ ᠪᠠᠶᠠᠯᠢᠭ ᠲᠤ ᠡᠷᠬᠡ ᠶᠢᠨ ᠬᠠᠷᠢᠶᠠᠯᠠᠯ ᠢ ᠤᠯᠭᠤᠵᠦ᠂ ᠥᠭᠡᠷᠡᠴᠢᠯᠡᠬᠦ᠂ ᠲᠦᠷᠢᠶᠡᠰᠦᠯᠡᠬᠦ᠂ ᠡᠵᠡᠩᠨᠡᠬᠦ ᠶᠢ ᠨᠢᠭᠡᠳᠦᠯᠲᠡᠢ ᠬᠡᠷᠡᠭᠵᠢᠭᠦᠯᠵᠦ᠂ ᠠᠳᠠᠯ ᠠᠬᠤᠢ ᠶᠢ ᠥᠪᠡᠰᠦᠪᠡᠨ ᠡᠵᠡᠮᠳᠡᠬᠦ᠂ ᠭᠤᠤᠯᠴᠢᠯᠠᠨ ᠬᠠᠮᠢᠶᠠᠷᠤᠭᠴᠢ ᠯᠤᠭ᠎ᠠ ᠭᠡᠷ᠎ᠡ ᠲᠤᠭᠳᠠᠬᠤ᠂ ᠲᠦᠷᠢᠶᠡᠰᠦᠨ ᠮᠥᠩᠭᠦ ᠶᠢ ᠬᠤᠪᠢᠶᠠᠷᠢᠯᠠᠬᠤ ᠵᠡᠷᠭᠡ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠨ᠂ ᠠᠰᠢᠭ ᠣᠯᠵᠠᠪᠤᠷᠢ ᠶᠢᠨ ᠪᠡᠯᠡ ᠮᠥᠩᠭᠦ ᠪᠠᠷ ᠵᠡᠭᠡᠯᠢ ᠲᠣᠭᠤᠷᠢᠭ ᠢ ᠦᠭᠡᠷᠡᠴᠢᠯᠡᠨ ᠵᠠᠰᠠᠵᠤ ᠪᠠᠶᠢᠭᠤᠯᠬᠤ ᠬᠤᠲᠠ ᠶᠢᠨ ᠰᠢᠨᠠᠴᠢᠯᠡᠯᠳᠡ ᠶᠢ ᠦᠷᠭᠦᠯᠵᠢᠯᠡᠨ ᠲᠡᠮᠵᠢᠪᠡ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠢᠷᠡᠭᠡᠳᠦᠢ ᠳᠤ ᠬᠤᠲᠠ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠵᠠᠰᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠪᠣᠶ ᠪᠣᠯᠭᠠᠨ᠎ᠠ ᠭᠡᠵᠡᠢ᠃ ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1